ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠴᠡᠷᠢᠭ᠎ᠦᠨ ᠤᠳᠤᠷᠢᠳᠭᠤ ᠨᠥᠬᠥᠳ ᠣᠷᠣᠨ᠎ᠤ ᠲᠥᠪ᠎ᠦᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠪᠠ
2022-04-19 07:38:35
ᠵᠣᠬᠢᠶᠠᠭ᠍ᠴᠢ᠄
ᠯᠢᠦ ᠰᠢᠶᠤᠤ ᠳ᠋ᠦᠩ
ᠣᠩᠱᠢᠭ᠍ᠰᠠᠨ ᠣᠳᠠᠭ᠎ᠠ᠄
★★★☆☆

ᠱᠢ ᠲᠠᠢ ᠹᠸᠩ   ᠸᠠᠩ ᠯᠢ ᠰᠢᠶᠠ   ᠯᠢ ᠰᠢᠦ ᠯᠢᠩ ᠤᠷᠤᠯᠴᠠᠵᠠᠢ

ᠡᠪᠡᠰᠤ ᠮᠤᠳᠤ ᠬᠦᠬᠡᠷᠡᠨ ᠬᠠᠪᠤᠷ᠎ᠤᠨ ᠤᠷᠢ ᠰᠠᠭᠠᠳᠠᠵᠥ᠂ ᠮᠤᠳᠤ ᠳᠠᠷᠢᠵᠥ ᠦᠢᠵᠢᠭᠤᠯᠬᠤ ᠴᠠᠬ ᠪᠤᠯᠤᠯ᠎ᠠ᠃ 4 ᠰᠠᠷ᠎ᠠ᠎ᠶ᠋ᠢᠨ 18 ᠤ᠋ ᠡᠳᠦᠷ᠂ ᠱ᠌ᠢ ᠲᠠᠢ ᠹᠸᠩ᠂ ᠸᠠᠩ ᠯᠢ ᠱᠢᠶᠠ᠂ ᠯᠢ ᠱᠢᠤ ᠯᠢᠩ᠂ ᠯᠢᠦ ᠱᠤᠸᠠᠩ᠂ ᠶᠠᠩ ᠸᠧᠶ ᠳ᠋ᠦᠩ᠂ ᠪᠦᠦ ᠭᠠᠩ᠂ ᠵᠧᠩ ᠬᠣᠩ ᠹᠠᠨ᠂ ᠳ᠋ᠢᠩ ᠱᠢᠤ ᠹᠸᠩ᠂ ᠬᠤᠸᠠᠩ ᡁᠢ ᠴᠢᠶᠠᠩ᠂ ᠬᠦᠦᠳᠠᠭᠤᠯᠠ᠂ ᠢᠦᠶ ᠯᠢ ᠱᠢᠨ᠂ ᠮᠠ ᠴᠢᠩ ᠯᠸᠢ᠂ ᠯᠢᠨ ᠱᠤᠤ ᠴᠦᠨ ᠵᠡᠷᠭᠡ ᠥᠪᠡᠷᠲᠡᠭᠡᠨ ᠵᠠᠰᠠᠬᠤ ᠣᠷᠣᠨ᠎ᠤ ᠮᠤᠵᠢ ᠠᠷᠮᠢ᠎ᠶ᠋ᠢᠨ ᠲᠠᠰ᠎ᠤᠨ ᠤᠳᠤᠷᠢᠳᠭᠤ ᠨᠥᠬᠥᠳ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠴᠡᠷᠢᠭ᠎ᠦᠨ ᠠᠯᠪᠠᠨ ᠵᠢᠷᠤᠮ᠎ᠤᠨ ᠮᠣᠳᠣ ᠳᠠᠷᠢᠬᠤ ᠰᠠᠭᠤᠷᠢᠨ᠎ᠳᠤ ᠬᠦᠷᠴᠦ᠍᠂ ᠣᠷᠣᠨ᠎ᠤ ᠲᠥᠪ᠎ᠦᠨ ᠪᠠᠢᠭᠤᠯᠭ᠎ᠠ᠎ᠶ᠋ᠢᠨ ᠺᠠᠳ᠋ᠷᠴᠤᠳ᠎ᠲᠠᠶ ᠬᠠᠮᠲᠤ ᠪᠡᠷ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠵᠤ᠂ ᠬᠠᠮᠳᠤ ᠪᠡᠷ ᠬᠥᠬᠡᠬᠣᠲᠠ ᠵᠢᠨ ᠨᠣᠭᠣᠭᠠᠷᠠᠭᠤᠯᠤᠯᠲᠠ ᠳ᠋ᠤ ᠬᠦᠴᠦᠨ ᠨᠡᠮᠡᠷᠢᠯᠡᠪᠡ᠃

ᠮᠣᠳᠣ ᠲᠠᠷᠢᠬᠤ ᠲᠤᠬᠠᠶ᠎ᠶ᠋ᠢᠨ ᠲᠠᠯᠠᠪᠠᠢ᠎ᠳᠤ ᠬᠥᠷ ᠬᠥᠭ᠌ᠵᠢᠶᠡᠨ᠎ᠵᠢᠡᠷ ᠪᠢᠯᠬᠠᠨ᠎ᠠ᠃ ᠦᠳᠡ᠎ᠶ᠋ᠢᠨ ᠡᠮᠦᠨᠡᠬᠢ 9 ᠴᠠᠭ 30 ᠮᠢᠨᠦ᠋ᠲ᠎ᠦᠨ ᠦᠶ᠎ᠡ᠎ᠪᠡᠷ᠂ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠴᠡᠷᠢᠭ᠎ᠦᠨ ᠤᠳᠤᠷᠢᠳᠭᠤ ᠨᠥᠬᠥᠳ ᠬᠠᠮᠲᠤ᠎ᠪᠠᠷ ᠮᠠᠱᠢᠨ ᠲᠡᠷᠭᠡᠨ᠎ᠳᠦ ᠰᠠᠭᠤᠵᠤ ᠠᠯᠪᠠᠨ ᠵᠢᠷᠤᠮ᠎ᠤᠨ ᠮᠣᠳᠣ ᠲᠠᠷᠢᠬᠤ ᠰᠠᠭᠤᠷᠢᠨ᠎ᠳᠤ ᠬᠦᠷᠪᠡ᠃ ᠱ᠌ᠢ᠎ᠲᠡᠶ ᠹᠸᠩ᠂ ᠸᠠᠩ ᠯᠢ ᠱᠢᠶᠠ᠎ᠨᠠᠷ ᠲᠡᠷᠭᠡᠨ᠎ᠡᠴᠡ ᠪᠠᠭᠤᠮᠠᠭ᠍ᠴᠠ ᠬᠦᠷᠵᠡ ᠠᠳᠭᠤᠨ ᠮᠣᠳᠣ ᠲᠠᠷᠢᠬᠤ ᠡᠩᠨᠡᠭᠡ᠎ᠳᠦ ᠣᠷᠣᠵᠤ᠂ ᠤᠯᠠᠨ᠎ᠢᠶᠠᠷ᠎ᠢᠶᠠᠨ ᠬᠠᠮᠲᠤ᠎ᠪᠠᠷ ᠬᠥᠳᠡᠯᠦᠯᠴᠡᠵᠦ᠍᠂ ᠬᠦᠷᠵᠡ ᠠᠳᠬᠤᠨ ᠱᠢᠷᠣᠢ ᠮᠠᠯᠲᠠᠵᠤ᠂ ᠱᠢᠷᠣᠢ ᠨᠡᠮᠡᠵᠦ᠍ ᠲᠠᠯᠠᠩ ᠪᠤᠰᠭᠠᠨ᠂ ᠰᠠᠭᠤᠯᠠᠭ᠎ᠠ ᠳᠡᠭᠦᠵᠢᠯᠡᠨ ᠤᠰᠤᠯᠠᠵᠤ᠂ ᠬᠦᠴᠦ᠍᠎ᠪᠡᠨ ᠬᠠᠮᠲᠤᠳᠭᠠᠨ ᠰᠠᠭᠤᠷᠢ ᠰᠠᠭᠤᠷᠢ ᠥᠳᠭᠡᠨ ᠤᠯᠠᠭᠠᠨ ᠬᠦᠢᠯᠡᠰᠦ᠂ ᠵᠡᠷᠯᠢᠭ ᠲᠤᠭᠤᠷ᠂ ᠤᠯᠠᠭᠠᠨ ᠵᠢᠮᠢᠰ ᠵᠡᠷᠭᠡ ᠨᠤᠲᠤᠭ᠎ᠤᠨ ᠱᠢᠯᠢᠳᠡᠭ ᠴᠢᠬᠢ ᠮᠣᠳᠣ ᠵᠢ ᠲᠠᠷᠢᠪᠠ᠃

ᠮᠣᠳᠣ ᠳᠠᠷᠢᠬᠤ ᠵᠠᠭᠤᠷ᠎ᠠ᠂ ᠱ᠌ᠢ ᠲᠠᠢ ᠹᠸᠩ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠎ᠲᠠᠶ ᠰᠠᠨᠠᠯ᠎ᠢᠶᠠᠨ ᠰᠣᠯᠢᠯᠴᠠᠵᠤ᠂ ᠴᠢᠬᠢ ᠮᠣᠳᠣᠨ᠎ᠤ ᠲᠥᠷᠥᠯ ᠵᠦᠶ᠋ᠯ᠂ ᠡᠳᠦᠷ ᠲᠤᠲᠤᠮ᠎ᠤᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠢᠳᠠᠯ᠎ᠢ ᠯᠠᠪᠯᠠᠨ ᠠᠰᠠᠭᠤᠪᠠ᠃ ᠲᠡᠷᠡ᠂ ᠮᠣᠳᠣ ᠲᠠᠷᠢᠵᠤ ᠣᠢᠵᠢᠭᠤᠯᠬᠤ᠎ᠳᠤ ᠮᠣᠳᠣ ᠲᠠᠷᠢᠬᠤ᠎ᠶ᠋ᠢ ᠴᠢᠬᠤᠯᠠᠴᠢᠯᠠᠬᠤ᠎ᠪᠠᠷ ᠪᠠᠷᠠᠬᠤ ᠦᠭᠡᠢ᠂ ᠨᠡᠩ ᠴᠤ᠌ ᠬᠠᠮᠢᠶᠠᠷᠴᠤ᠌ ᠬᠠᠮᠠᠭᠠᠯᠠᠬᠤ᠎ᠶ᠋ᠢ ᠴᠢᠬᠤᠯᠠᠴᠢᠯᠠᠵᠤ᠂ ᠤᠢ ᠮᠣᠳᠣ᠎ᠶ᠋ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠡᠳᠡᠭᠡᠷᠡᠯᠲᠡ᠎ᠶ᠋ᠢᠨ ᠨᠤᠷᠮ᠎ᠠ᠎ᠶ᠋ᠢ ᠪᠠᠲᠤᠯᠠᠬᠤ ᠬᠡᠷᠡᠭ᠌ᠲᠡᠢ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠲᠤᠬᠠᠶ᠎ᠶ᠋ᠢᠨ ᠭᠠᠵᠠᠷ᠎ᠲᠤ ᠲᠠᠷᠢᠬᠤ᠎ᠳᠤ ᠲᠣᠬᠢᠷᠠᠮᠵᠢᠳᠠᠢ ᠴᠢᠬᠢ ᠮᠣᠳᠣ᠎ᠶ᠋ᠢ ᠰᠣᠩᠭᠣᠵᠤ᠂ ᠮᠣᠳᠣᠨ᠎ᠤ ᠲᠥᠷᠥᠯ᠎ᠦᠨ ᠣᠯᠠᠨ ᠶᠠᠩᠵᠤᠲᠤ ᠴᠢᠨᠠᠷ᠎ᠢ ᠴᠢᠬᠤᠯᠠᠴᠢᠯᠠᠨ᠂ ᠬᠣᠯᠢᠮᠠᠭ ᠣᠶ ᠳᠠᠷᠢᠵᠥ ᠵᠠᠢᠯᠠᠬᠤ ᠮᠡᠷᠭᠡᠵᠢᠯ᠎ᠢᠶᠡᠷ ᠳᠠᠮᠵᠢᠭᠤᠯᠤᠨ᠂ ᠳᠠᠩ ᠭᠠᠭ᠍ᠴᠠ ᠮᠣᠳᠣᠨ᠎ᠤ ᠲᠥᠷᠥᠯ᠎ᠢ ᠥᠷᠭᠡᠨ᠎ᠢᠶᠡᠷ ᠲᠠᠷᠢᠭ᠍ᠰᠠᠨ᠎ᠡᠴᠡ ᠪᠣᠯᠵᠤ ᠡᠪᠡᠳᠴᠢᠨ ᠬᠣᠷᠣᠬᠠᠶ᠎ᠶ᠋ᠢᠨ ᠬᠥᠨᠥᠭᠡᠯ ᠡᠭᠦᠰᠭᠦ ᠪᠠ ᠭᠠᠵᠠᠷ᠎ᠤᠨ ᠬᠦᠴᠦ᠍ ᠱᠢᠮ᠎ᠡ ᠮᠠᠭᠤᠳᠠᠬᠤ ᠵᠡᠷᠭᠡ ᠠᠰᠠᠭᠤᠳᠠᠯ ᠭᠠᠷᠬᠤ ᠡᠴᠡ ᠵᠠᠢᠯᠠᠰᠭᠢᠬᠦ᠌ ᠬᠡᠷᠡᠭ᠌ᠲᠡᠶ᠃ ᠪᠦᠬᠦ᠌ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠤᠯᠤᠰ᠎ᠤᠨ ᠨᠤᠲᠤᠭ ᠳᠡᠪᠢᠰᠭᠡᠷ᠎ᠢ ᠨᠣᠭᠣᠭᠠᠷᠠᠭᠤᠯᠬᠤ ᠠᠵᠢᠯᠯᠠᠭ᠎ᠠ᠎ᠶ᠋ᠢ ᠶᠡᠬᠡ᠎ᠪᠡᠷ ᠬᠡᠷᠡᠭ᠌ᠵᠢᠭᠦᠯᠵᠦ᠍᠂ ᠠᠮᠢ ᠠᠬᠤᠢ ᠣᠷᠴᠢᠨ ᠲᠣᠭᠣᠷᠢᠨ᠎ᠢ ᠦᠷᠭᠦᠯᠵᠢᠯᠡᠨ ᠬᠦᠴᠦᠯᠡᠨ ᠰᠠᠢᠲᠤᠷ ᠬᠠᠮᠠᠭᠠᠯᠠᠵᠤ᠂ ᠪᠢᠳᠡᠨ᠎ᠦ ᠬᠠᠮᠲᠤ᠎ᠪᠠᠷ ᠤᠷᠤᠰᠢᠨ ᠠᠮᠢᠳᠤᠷᠠᠵᠤ ᠪᠠᠢᠭ᠎ᠠ ᠭᠡᠷ ᠣᠷᠣᠨ᠎ᠢᠶᠠᠨ ᠨᠡᠩ ᠢᠯᠡᠬᠦᠦ ᠨᠣᠭᠣᠭᠠᠷᠠᠭᠤᠯᠵᠤ᠂ ᠨᠡᠩ ᠦᠵᠡᠰᠭᠦᠯᠡᠩᠲᠦ ᠰᠠᠢᠬᠠᠨ ᠪᠣᠯᠭᠠᠬᠤ ᠬᠡᠷᠡᠭ᠌ᠲᠡᠢ ᠬᠡᠵᠥ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠮᠤᠵᠢ ᠶ᠋ᠢᠨ ᠲᠠᠰ᠎ᠤᠨ ᠤᠳᠤᠷᠢᠳᠭᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠱᠢᠭᠦᠬᠦ᠌ ᠬᠣᠷᠢᠶ᠎ᠠ ᠵᠢᠨ ᠳᠠᠷᠤᠭ᠎ᠠ ᠪᠠᠢᠴᠠᠭᠠᠬᠤ ᠬᠣᠷᠢᠶ᠎ᠠ᠎ᠶ᠋ᠢᠨ ᠪᠠᠢᠴᠠᠭᠠᠬᠤ ᠳᠠᠷᠤᠭ᠎ᠠ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ᠎ᠶ᠋ᠢᠨ ᠠᠷᠮᠢ᠎ᠶ᠋ᠢᠨ ᠲᠠᠰ᠎ᠤᠨ ᠤᠳᠤᠷᠢᠳᠭᠤ ᠨᠥᠬᠥᠳ᠂ ᠣᠷᠣᠨ᠎ᠤ ᠱᠢᠭᠤᠳ ᠬᠠᠷᠢᠶ᠎ᠠ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠪᠠ ᠬᠥᠬᠡᠬᠣᠲᠠ᠎ᠶ᠋ᠢᠨ ᠪᠠᠢᠭᠤᠯᠭ᠎ᠠ᠎ᠶ᠋ᠢᠨ ᠺᠠᠳ᠋ᠷᠴᠤᠳ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠪᠠ᠃

1981 ᠣᠨ᠎ᠳᠤ ᠮᠠᠨ᠎ᠤ ᠤᠯᠤᠰ 《ᠪᠥᠬᠥ᠌ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠬᠥᠳᠡᠯᠭᠡᠭᠡᠨ ᠥᠷᠨᠢᠭᠦᠯᠬᠦ᠌ ᠲᠤᠬᠠᠶ ᠱᠢᠶ᠋ᠳᠪᠦᠷᠢ》᠎ᠶ᠋ᠢ ᠪᠠᠲᠤᠯᠠᠭ᠍ᠰᠠᠨ ᠡᠴᠡ ᠨᠠᠭᠠᠰᠢ᠂ ᠥᠪᠥᠷ ᠮᠣᠩᠭᠣᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠨᠡᠢᠲᠡ 3.9 ᠳ᠋ᠦᠩᠱᠢᠭᠤᠷ ᠬᠥᠮᠦᠨ ᠤᠳᠠᠭ᠎ᠠ ᠣᠷᠣᠯᠴᠠᠵᠤ᠂ ᠮᠣᠳᠣ ᠳᠠᠷᠢᠬᠰᠠᠨ ᠶᠡᠷᠦᠩᠬᠡᠶ ᠬᠡᠮᠵᠢᠶ᠎ᠡ ᠨᠢ 20 ᠳ᠋ᠦᠩᠱᠢᠭᠤᠷ ᠰᠠᠭᠤᠷᠢ ᠵᠢ ᠳᠠᠪᠠᠵᠤ᠂ 3800 ᠭᠠᠷᠤᠶ ᠠᠯᠪᠠᠨ ᠵᠢᠷᠤᠮ᠎ᠤᠨ ᠮᠣᠳᠣ ᠳᠠᠷᠢᠬᠤ ᠰᠠᠭᠤᠷᠢᠨ ᠪᠠᠢᠭᠤᠯᠵᠤ᠂ ᠣᠶ ᠱᠢᠭᠤᠶ᠎ᠶ᠋ᠢᠨ ᠪᠦᠷᠬᠦᠴᠡ ᠶ᠋ᠢᠨ ᠨᠣᠷᠮ᠎ᠠ ᠣᠳᠣᠬᠠᠨ᠎ᠤ 23% ᠎ᠳ᠋ᠤ ᠬᠦᠷᠴᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号