ᠱ᠌ᠢ ᠲᠠᠢ ᠹᠸᠩ ᠬᠤᠷᠠᠯ᠎ᠢ ᠡᠷᠭᠢᠯᠡᠵᠦ᠍ ᠸᠠᠩ ᠯᠢ ᠱᠢᠶᠠ ᠤᠷᠤᠯᠴᠠᠵᠠᠢ
4 ᠰᠠᠷ᠎ᠠ᠎ᠶ᠋ᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠬᠤᠷᠢᠶ᠎ᠠ ᠵᠢᠨ 2021 ᠣᠨ᠎ᠤ ᠠᠵᠢᠯ᠎ᠤᠨ ᠳ᠋ᠦᠩᠨᠡᠯᠲᠡ ᠪᠠ 2022 ᠣᠨ᠎ᠤ ᠠᠵᠢᠯ᠎ᠤᠨ ᠲᠣᠬᠢᠷᠠᠭᠤᠯᠤᠯᠲᠠ᠎ᠶ᠋ᠢᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠬᠤᠷᠢᠶ᠎ᠠ ᠵᠢᠨ 2022 ᠣᠨ᠎ᠤ ᠠᠵᠢᠯ᠎ᠤᠨ ᠭᠤᠤᠯᠳᠠᠯᠭ᠎ᠠ ᠵᠡᠷᠭᠡ ᠪᠢᠴᠢᠭ ᠮᠠᠲ᠋ᠧᠷᠢᠶᠠᠯ᠎ᠢ ᠬᠢᠨᠠᠨ ᠵᠥᠪᠯᠡᠵᠦ᠍᠂ ᠪᠠᠢᠭᠤᠯᠤᠮᠵᠢ ᠣᠷᠣᠨ ᠲᠣᠭ᠎ᠠ᠎ᠶ᠋ᠢᠨ ᠬᠣᠯᠪᠣᠭ᠍ᠳᠠᠯ ᠪᠥᠬᠥᠶ ᠵᠦᠶ᠋ᠯ᠎ᠢ ᠰᠤᠳᠤᠯᠵᠤ᠂ ᠲᠠᠷᠠᠭᠠᠴᠢ᠎ᠶ᠋ᠢᠨ ᠱᠠᠲᠤᠨ᠎ᠤ ᠭᠤᠤᠯᠳᠠᠯᠭ᠎ᠠ᠎ᠲᠠᠶ ᠡᠭᠦᠷᠭᠡ᠎ᠶ᠋ᠢ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ ᠲᠠᠢ ᠹᠸᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶᠠᠨ᠎ᠤ ᠳᠡᠳ᠋ ᠡᠷᠬᠢᠯᠡᠭ᠌ᠴᠢ ᠸᠠᠩ ᠯᠢ ᠱᠢᠶᠠ᠂ ᠭᠡᠱᠢᠭᠦᠨ ᠶᠠᠩ ᠸᠧᠢ ᠳ᠋ᠦᠩ᠂ ᠢᠦᠢ ᠯᠢ ᠱᠢᠨᠨᠡᠷ ᠬᠤᠷᠠᠯ᠎ᠳᠤ ᠣᠷᠣᠯᠴᠠᠵᠠᠢ᠃
ᠬᠤᠷᠠᠯ ᠡᠴᠡ᠂ ᠥᠩᠭᠡᠷᠡᠭ᠌ᠰᠡᠨ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶ᠎ᠠ ᠨᠠᠮ᠎ᠤᠨ ᠲᠥᠪ ᠬᠣᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠣᠯᠪᠣᠭ᠍ᠳᠠᠯ ᠪᠥᠬᠥᠶ ᠭᠤᠤᠯᠳᠠᠯᠭ᠎ᠠ᠎ᠲᠠᠶ ᠡᠭᠦᠷᠭᠡ᠎ᠶ᠋ᠢ ᠥᠷᠨᠢᠭᠦᠯᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠵᠦᠶ᠋ᠯ᠎ᠦᠨ ᠠᠵᠢᠯ ᠱᠢᠨ᠎ᠡ ᠠᠬᠢᠴᠠ ᠪᠠ ᠦᠷ᠎ᠡ ᠪᠦᠲᠦᠮᠵᠢ ᠤᠯᠪᠠ᠃ ᠡᠯ᠎ᠡ ᠱᠠᠲᠤ ᠡᠯ᠎ᠡ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠪᠠᠢᠭᠤᠯᠤᠮᠵᠢ ᠣᠷᠣᠨ ᠲᠣᠭ᠎ᠠ᠎ᠶ᠋ᠢᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠠᠢᠭᠤᠯᠤᠮᠵᠢ ᠣᠷᠣᠨ ᠲᠣᠭ᠎ᠠ᠎ᠶ᠋ᠢᠨ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠦᠨᠡᠨ ᠬᠦ᠌ ᠴᠢᠩᠭᠠᠳᠭᠠᠵᠤ᠂ ᠪᠠᠢᠭᠤᠯᠤᠮᠵᠢ ᠵᠢᠨ ᠣᠷᠣᠨ ᠲᠣᠭ᠎ᠠ᠎ᠶ᠋ᠢᠨ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠨᠠᠩ ᠰᠠᠢᠲᠤᠷ ᠦᠶ᠋ᠯᠡᠴᠢᠯᠡᠬᠦ᠌ ᠪᠠ ᠪᠠᠲᠤᠯᠠᠬᠤ ᠬᠡᠷᠡᠭ᠌ᠲᠡᠶ ᠬᠡᠵᠥ ᠵᠢᠭᠠᠵᠥ ᠭᠠᠷᠭᠠᠪᠠ᠃
ᠬᠤᠷᠠᠯ᠎ᠡᠴᠡ᠂ ᠳᠡᠭᠡᠷ᠎ᠡ ᠨᠢᠭᠡ ᠡᠭᠡᠯᠵᠢ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠡᠴᠡ ᠨᠠᠭᠠᠱᠢᠬᠢ ᠴᠢᠬᠤᠯᠠ ᠶᠡᠬᠡ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠡᠶᠡᠯᠡᠭᠦᠯᠦᠭ᠌ᠰᠡᠨ ᠪᠠᠢᠳᠠᠯ᠎ᠢ ᠪᠦᠬᠦ᠌ ᠲᠠᠯ᠎ᠠ᠎ᠪᠠᠷ ᠡᠮᠬᠢᠯᠡᠵᠦ᠍᠂ ᠦᠷ᠎ᠡ ᠪᠦᠲᠦᠮᠵᠢ ᠪᠠ ᠲᠤᠷᠱᠢᠯᠭ᠎ᠠ᠎ᠪᠠᠨ ᠱᠢᠰᠲ᠋ᠧᠮ᠎ᠲᠡᠶ ᠳ᠋ᠦᠩᠨᠡᠬᠦ᠌᠎ᠶ᠋ᠢᠨ ᠵᠡᠷᠭᠡ᠎ᠪᠡᠷ ᠠᠰᠠᠭᠤᠳᠠᠯ ᠪᠠ ᠬᠦᠷᠦᠯᠴᠡᠬᠦ᠌ ᠦᠭᠡᠢ ᠲᠠᠯ᠎ᠠ᠎ᠪᠠᠨ ᠭᠦᠨᠵᠡᠭᠡᠢ ᠡᠷᠢᠵᠦ᠍᠂《ᠣᠳᠣᠬᠢ᠎ᠶ᠋ᠢ ᠬᠠᠮᠢᠶᠠᠷᠬᠤ》 ᠪᠠ 《ᠠᠯᠤᠰ ᠬᠡᠳᠦ᠍᠎ᠶ᠋ᠢ ᠲᠥᠯᠥᠪᠵᠢᠭᠦᠯᠬᠦ᠌》 ᠵᠢ ᠨᠢᠭᠡᠳᠦᠯᠲᠡᠢ ᠲᠥᠯᠥᠪᠵᠢᠭᠦᠯᠵᠦ᠍᠂ ᠬᠣᠯᠪᠣᠭ᠍ᠳᠠᠯ ᠪᠦᠬᠦᠢ ᠭᠣᠣᠯᠳᠠᠯᠭ᠎ᠠ᠎ᠲᠠᠶ ᠠᠷᠭ᠎ᠠ ᠬᠡᠮᠵᠢᠶ᠎ᠡ᠎ᠶ᠋ᠢ ᠴᠢᠭ᠌ᠯᠡᠬᠦᠯᠦᠯᠳᠤ ᠴᠢᠨᠠᠷᠲᠠᠢ᠎ᠪᠠᠷ ᠰᠤᠳᠤᠯᠬᠤ ᠬᠡᠷᠡᠭ᠌ᠲᠡᠢ᠃ ᠨᠠᠮ᠎ᠤᠨ ᠲᠥᠪ ᠬᠣᠷᠢᠶᠠᠨ᠎ᠤ ᠬᠣᠯᠪᠣᠭ᠍ᠳᠠᠯ ᠪᠦᠬᠦᠢ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠭᠣᠣᠯᠳᠠᠯᠭ᠎ᠠ᠎ᠲᠠᠶ ᠬᠦᠷᠢᠶᠡᠨ᠎ᠦ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠤᠯᠠᠮ ᠴᠢᠨᠠᠬᠰᠢᠳᠠ ᠠᠬᠢᠭᠤᠯᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ《ᠭᠤᠷᠪᠠ᠎ᠶ᠋ᠢ ᠲᠣᠭ᠍ᠲᠠᠭᠠᠬᠤ》ᠲᠣᠭ᠍ᠲᠠᠭᠠᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠌ ᠪᠠ ᠲᠤᠱᠢᠶᠠᠯ ᠬᠠᠷᠢᠭᠤᠴᠠᠯᠭ᠎ᠠ᠎ᠶ᠋ᠢ ᠲᠤᠬᠢᠷᠠᠭᠤᠯᠬᠤ ᠵᠡᠷᠭᠡ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠲᠤᠱᠢᠶᠠᠯ ᠬᠠᠷᠢᠭᠤᠴᠠᠯᠭ᠎ᠠ᠎ᠶ᠋ᠢᠨ ᠬᠠᠷᠢᠴᠠᠭ᠎ᠠ᠎ᠶ᠋ᠢ ᠱᠢᠯᠤᠭᠤᠳᠭᠠᠨ᠂ ᠡᠭᠦᠷᠭᠡ ᠴᠢᠳᠠᠪᠬᠢ ᠵᠢᠨ ᠱᠢᠰᠲ᠋ᠧᠮ᠎ᠢ ᠱᠢᠯᠢᠳᠡᠭ᠌ᠵᠢᠭᠦᠯᠵᠦ᠍᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢᠨ ᠬᠤᠪᠢᠷᠠᠯᠲᠠ᠎ᠶ᠋ᠢ ᠠᠬᠢᠭᠤᠯᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠂ ᠨᠡᠭᠦᠷᠡᠰᠦᠲᠥ᠋ᠷᠥᠭ᠌ᠴᠢ᠎ᠵᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠭᠣᠣᠯᠳᠠᠯᠭ᠎ᠠ᠎ᠲᠠᠶ ᠡᠭᠦᠷᠭᠡ᠎ᠶ᠋ᠢᠨ ᠲᠣᠭᠣᠷᠢᠨ᠎ᠳᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠠᠵᠢᠯ ᠲᠦᠷᠦᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠠᠵᠢᠯ᠎ᠢ ᠰᠠᠢᠲᠤᠷ ᠬᠢᠬᠦ᠌᠎ᠶ᠋ᠢ ᠠᠬᠢᠭᠤᠯᠬᠤ ᠬᠡᠷᠡᠭ᠌ᠲᠡᠢ᠃ ᠠᠷᠠᠳ ᠤᠯᠠᠨ᠎ᠤ ᠲᠤᠰᠭᠠᠯ ᠴᠢᠩᠭ᠎ᠠ ᠪᠠᠢᠭ᠎ᠠ ᠠᠰᠠᠭᠤᠳᠠᠯ᠎ᠤᠨ ᠠᠷᠤ᠎ᠳᠠᠬᠢ ᠱᠢᠢᠳᠪᠦᠷᠢᠯᠡᠬᠦ᠌ ᠴᠢᠬᠤᠯᠠᠲᠠᠢ ᠪᠠᠢᠭᠤᠯᠤᠮᠵᠢ ᠲᠣᠭ᠍ᠲᠠᠴᠠ᠎ᠶ᠋ᠢᠨ ᠬᠠᠷᠰᠢ ᠰᠠᠭᠠᠳ᠎ᠢ ᠴᠢᠩᠭ᠎ᠠ ᠠᠩᠬᠠᠷᠤᠨ᠂ ᠭᠦᠨᠵᠡᠭᠡᠢ ᠰᠤᠳᠤᠯᠵᠤ᠂ ᠱᠢᠢᠳᠪᠦᠷᠢᠯᠡᠬᠦ᠌ ᠠᠷᠭ᠎ᠠ ᠪᠤᠳᠤᠯᠭ᠎ᠠ᠎ᠶ᠋ᠢ ᠬᠠᠨᠳᠤᠯᠭᠠᠲᠤ ᠴᠢᠨᠠᠷᠲᠠᠢ᠎ᠪᠠᠷ ᠳᠤᠷᠠᠳᠭᠤ ᠬᠡᠷᠡᠭ᠌ᠲᠡᠢ᠃ ᠪᠠᠢᠭᠤᠯᠤᠮᠵᠢ ᠣᠷᠣᠨ ᠲᠣᠭ᠎ᠠ᠎ᠶ᠋ᠢᠨ ᠡᠬᠢ ᠪᠠᠶᠠᠯᠢᠭ᠎ᠢ ᠦᠨᠡᠨ ᠬᠦ᠌ ᠬᠠᠮᠢᠶᠠᠷᠤᠨ ᠠᠮᠢᠳᠤᠯᠢᠭ ᠬᠡᠷᠡᠭ᠌ᠯᠡᠵᠦ᠍᠂ 《ᠶᠡᠷᠦᠩᠬᠡᠢ ᠬᠡᠮᠵᠢᠶ᠎ᠡ᠎ᠶ᠋ᠢ ᠴᠢᠩᠭ᠎ᠠ ᠡᠵᠡᠮᠳᠡᠵᠦ᠍᠂ ᠨᠢᠭᠡᠳᠦᠯᠲᠡᠢ ᠲᠥᠯᠥᠪᠵᠢᠭᠦᠯᠦᠨ ᠬᠡᠷᠡᠭ᠌ᠯᠡᠵᠦ᠍᠂ ᠬᠠᠰᠤᠭ᠍ᠳᠠᠯ᠎ᠲᠠᠶ ᠨᠡᠮᠡᠭ᠌ᠳᠡᠯ᠎ᠲᠡᠶ᠂ ᠬᠥᠳᠡᠯᠦᠩᠭᠦᠢ ᠲᠡᠩᠴᠡᠭᠦᠷᠢᠲᠡᠢ᠂ ᠭᠣᠣᠯᠳᠠᠯᠭ᠎ᠠ᠎ᠶ᠋ᠢ ᠪᠠᠲᠤᠯᠠᠵᠤ᠂ ᠬᠥᠭ᠌ᠵᠢᠯᠲᠡ᠎ᠳᠦ ᠦᠢᠯᠡᠴᠢᠯᠡᠬᠦ》ᠰᠡᠳᠭᠢᠴᠡ ᠶᠣᠰᠣᠭᠠᠷ᠂ ᠦᠷᠭᠦᠯᠵᠢᠯᠡᠨ ᠴᠢᠩᠭ᠎ᠠ ᠨᠢᠮᠪᠠᠢ᠂ ᠵᠢᠷᠤᠮᠵᠢᠯ᠎ᠲᠠᠶ ᠬᠢᠨᠠᠨ ᠵᠥᠪᠱᠢᠶᠡᠷᠡᠭ᠌ᠰᠡᠨ ᠰᠠᠭᠤᠷᠢᠨ ᠳᠡᠭᠡᠷ᠎ᠡ ᠨᠢᠭᠡᠳᠦᠯᠲᠡᠢ ᠲᠥᠯᠥᠪᠵᠢᠭᠦᠯᠬᠦ᠌᠎ᠶ᠋ᠢ ᠴᠢᠩᠭᠠᠳᠭᠠᠵᠤ᠂ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠰᠠᠢ᠌ᠨ ᠪᠤᠯᠤᠳᠢ ᠬᠡᠷᠡᠭ᠌ᠴᠡᠭᠡ᠎ᠲᠡᠶ ᠭᠠᠵᠠᠷ᠎ᠲᠤ ᠨᠢ ᠬᠡᠷᠡᠭ᠌ᠯᠡᠬᠦ᠌᠎ᠶ᠋ᠢ ᠪᠠᠲᠤᠯᠠᠬᠤ ᠬᠡᠷᠡᠭ᠌ᠲᠡᠢ᠃ ᠱᠢᠨ᠎ᠡ᠎ᠶ᠋ᠢ ᠡᠭᠦᠳᠴᠦ᠍ ᠳᠠᠯᠳᠠ ᠬᠦᠴᠦᠨ᠎ᠢ ᠠᠭᠤᠳᠠᠯᠬᠤ ᠡᠷᠴᠢᠮ᠎ᠢᠶᠡᠨ ᠴᠢᠩᠭᠠᠷᠠᠭᠤᠯᠵᠤ᠂ ᠪᠠᠢᠭᠤᠯᠤᠮᠵᠢ ᠣᠷᠣᠨ ᠲᠣᠭ᠎ᠠ᠎ᠶ᠋ᠢᠨ ᠬᠡᠷᠡᠭ᠌ᠯᠡᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠥᠳᠡᠯᠦᠩᠭᠦᠶ ᠲᠣᠬᠢᠷᠠᠭᠤᠯᠵᠤ᠂ ᠪᠠᠢᠭᠤᠯᠤᠮᠵᠢ ᠣᠷᠣᠨ ᠲᠣᠭ᠎ᠠ᠎ᠶ᠋ᠢᠨ ᠡᠬᠢ ᠪᠠᠶᠠᠯᠢᠭ᠎ᠢ ᠪᠥᠬᠥ᠌ ᠲᠠᠯ᠎ᠠ᠎ᠪᠠᠷ ᠠᠷᠪᠢᠯᠠᠨ ᠡᠷᠴᠢᠮᠵᠢᠭᠦᠯᠦᠨ ᠠᠱᠢᠭ᠍ᠯᠠᠬᠤ᠎ᠶ᠋ᠢ ᠠᠬᠢᠭᠤᠯᠬᠤ ᠬᠡᠷᠡᠭ᠌ᠲᠡᠶ᠃ ᠪᠠᠢᠭᠤᠯᠤᠮᠵᠢ ᠣᠷᠣᠨ ᠲᠣᠭ᠎ᠠ᠎ᠶ᠋ᠢᠨ ᠬᠠᠤᠯᠢ ᠲᠣᠭ᠍ᠲᠠᠭᠠᠯ ᠳᠦᠷᠢᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠯ ᠳᠦᠷᠢᠮ᠎ᠦᠨ ᠬᠡᠷᠡᠭ᠌ᠵᠢᠭᠦᠯᠦᠯᠲᠡ᠎ᠶ᠋ᠢᠨ ᠪᠠᠢᠳᠠᠯ᠎ᠳᠠᠬᠢ ᠬᠢᠨᠠᠯᠲᠠ ᠪᠠᠢᠴᠠᠭᠠᠯᠲᠠ᠎ᠶ᠋ᠢ ᠴᠢᠩᠭᠠᠳᠭᠠᠵᠤ᠂ ᠪᠠᠢᠭᠤᠯᠤᠮᠵᠢ ᠣᠷᠣᠨ ᠲᠣᠭ᠎ᠠ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠡᠯ᠎ᠡ ᠱᠠᠲᠤᠨ᠎ᠤ ᠨᠠᠮ᠎ᠤᠨ ᠬᠣᠷᠢᠶᠠᠨ᠎ᠤ ᠪᠠᠢᠭᠤᠯᠤᠮᠵᠢ ᠣᠷᠣᠨ ᠲᠣᠭ᠎ᠠ᠎ᠶ᠋ᠢᠨ ᠬᠣᠷᠢᠶ᠎ᠠ ᠶᠡᠷᠦᠩᠬᠡᠢ ᠵᠢᠷᠤᠭ ᠲᠥᠯᠥᠪᠯᠡᠭᠡ ᠬᠢᠬᠦ᠌᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭ᠍ᠴᠠ ᠪᠠᠷ ᠠᠬᠢᠭᠤᠯᠬᠤ᠂ ᠱᠠᠯᠠᠪᠳᠠᠭᠤᠯᠤᠨ ᠨᠠᠢᠳᠠᠪᠤᠷᠢᠵᠢᠭᠤᠯᠬᠤ ᠬᠢᠬᠡᠳ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠪᠠᠢᠭᠤᠯᠤᠮᠵᠢ ᠣᠷᠣᠨ ᠲᠣᠭ᠎ᠠ᠎ᠶ᠋ᠢᠨ ᠠᠵᠢᠯ᠎ᠤᠨ ᠴᠢᠬᠤᠯᠠ ᠶᠡᠬᠡ ᠵᠦᠢᠯ᠎ᠢ ᠴᠠᠭ ᠲᠤᠬᠠᠢᠳᠤᠨᠢ ᠰᠤᠳᠤᠯᠬᠤ ᠬᠡᠷᠡᠭ᠌ᠲᠡᠢ᠃ ᠪᠠᠢᠭᠤᠯᠤᠮᠵᠢ ᠣᠷᠣᠨ ᠲᠣᠭ᠎ᠠ᠎ᠶ᠋ᠢᠨ ᠬᠤᠷᠢᠶᠠᠨ᠎ᠤ ᠠᠯᠪᠠᠨ ᠬᠡᠷ᠎ᠤᠨ ᠬᠢᠨ ᠪᠠᠢᠭᠤᠯᠤᠮᠵᠢ ᠣᠷᠣᠨ ᠲᠣᠭ᠎ᠠ᠎ᠶ᠋ᠢᠨ ᠬᠤᠷᠢᠶᠠᠨ᠎ᠤ ᠵᠥᠪᠯᠡᠨ ᠲᠣᠭ᠍ᠲᠠᠭᠠᠭ᠍ᠰᠠᠨ ᠵᠦᠶ᠋ᠯ᠎ᠤᠨ ᠨᠠᠢᠳᠠᠪᠤᠷᠢᠵᠢᠭᠤᠯᠤᠯᠳᠠ᠎ᠶ᠋ᠢ ᠬᠢᠨᠠᠮᠠᠭᠠᠶ ᠰᠠᠢᠲᠤᠷ ᠠᠳᠭᠤᠵᠤ᠂ ᠱᠠᠯᠠᠪᠳᠠᠭᠤᠯᠤᠨ ᠪᠠᠢᠴᠠᠭᠠᠬᠤ᠎ᠶ᠋ᠢ ᠴᠢᠩᠭᠠᠳᠭᠠᠨ᠂ ᠡᠯ᠎ᠡ ᠵᠦᠶ᠋ᠯ᠎ᠦᠨ ᠡᠭᠦᠷᠭᠡ᠎ᠶ᠋ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠪᠠᠢᠭᠤᠯᠤᠮᠵᠢ ᠣᠷᠣᠨ ᠲᠣᠭ᠎ᠠ᠎ᠶ᠋ᠢᠨ ᠬᠤᠷᠢᠶᠠᠨ᠎ᠤ ᠡᠯ᠎ᠡ ᠪᠦᠷᠢᠯᠳᠦᠬᠦᠨ ᠨᠢᠭᠡᠴᠢ᠎ᠵᠢᠨ ᠬᠢᠨ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠢᠨ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠬᠠᠮᠵᠢᠯᠴᠠᠭ᠎ᠠ᠎ᠪᠠᠨ ᠴᠢᠩᠭᠠᠳᠭᠠᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠡᠯ᠎ᠡ ᠵᠦᠶ᠋ᠯ᠎ᠦᠨ ᠡᠭᠦᠷᠭᠡ᠎ᠶ᠋ᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃