ᠨᠠᠷᠢᠨ ᠨᠢᠮᠪᠠᠶ ᠵᠣᠬᠢᠶᠠᠨ ᠪᠠᠢᠭᠤᠯᠵᠤ ᠬᠡᠷᠡᠭ᠌ᠵᠢᠭᠦᠯᠦᠨ ᠭᠤᠤᠯᠳᠠᠯᠭ᠎ᠠ᠎ᠳ᠋ᠤ ᠠᠩᠬᠠᠷᠤᠯ ᠵᠢᠡᠨ ᠳᠦᠪᠯᠡᠷᠡᠬᠦᠯᠦᠨ ᠬᠦᠴᠦᠯᠡᠵᠦ᠍ ᠮᠠᠨ᠎ᠤ ᠣᠷᠣᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠦ ᠪᠤᠢ
2024-04-25 09:27:38
ᠵᠣᠬᠢᠶᠠᠭ᠍ᠴᠢ᠄
ᠰᠥᠩ ᠱᠤᠸᠠᠩ
ᠣᠩᠱᠢᠭ᠍ᠰᠠᠨ ᠣᠳᠠᠭ᠎ᠠ᠄
★★★☆☆

ᠪᠤᠯᠤᠩ ᠨᠡᠭᠡᠭᠡᠬᠦ ᠦᠭᠡ᠄

ᠪᠦᠬᠦ᠌ ᠨᠠᠮ᠎ᠤᠨ ᠳᠣᠲᠣᠷ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠪᠣᠯ ᠨᠠᠮ᠎ᠤᠨ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂  ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠣᠢᠷ᠎ᠠ᠎ᠶ᠋ᠢᠨ ᠡᠳᠦᠷ᠎ᠦᠳ᠎ᠲᠦ᠂ ᠣᠷᠣᠨ ᠳᠠᠶᠠᠭᠠᠷ᠎ᠢᠶᠠᠨ ᠨᠠᠮ᠎ᠤᠨ ᠲᠥᠪ ᠬᠣᠷᠢᠶ᠎ᠠ ᠵᠢᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠱᠠᠭᠠᠷᠳᠠᠯᠭ᠎ᠠ ᠶᠣᠰᠣᠭᠠᠷ᠂ ᠨᠠᠷᠢᠨ ᠬᠢᠨᠠᠮᠠᠭᠠᠶ ᠲᠥᠯᠥᠪᠵᠢᠭᠦᠯᠦᠨ ᠲᠣᠬᠢᠷᠠᠭᠤᠯᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭᠠᠶ ᠵᠣᠬᠢᠶᠠᠨ ᠪᠠᠢᠭᠤᠯᠵᠦ ᠬᠡᠷᠡᠭ᠌ᠵᠢᠭᠦᠯᠵᠦ᠍ ᠪᠠᠢᠨ᠎ᠠ᠃ ᠡᠨᠡ ᠡᠳᠦᠷ ᠎ᠡᠴᠡ ᠡᠬᠢᠯᠡᠨ᠂ ᠲᠤᠰ ᠰᠤᠨᠢᠨ 《ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ》 ᠭᠡᠬᠦ᠌ ᠲᠤᠰᠭᠠᠶ ᠪᠤᠯᠤᠩ ᠨᠡᠭᠡᠭᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ ᠎ᠢ ᠥᠷᠨᠢᠭᠦᠯᠦᠭ᠌ᠰᠡᠨ ᠠᠬᠢᠴᠠ ᠦᠷ᠎ᠡ ᠪᠦᠲᠦᠮᠵᠢ᠎ᠶ᠋ᠢ ᠤᠬᠠᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠂ ᠰᠠᠬᠢᠯᠭ᠎ᠠ ᠪᠠᠲᠤ᠎ᠶ᠋ᠢ ᠤᠢᠯᠠᠭᠠᠬᠤ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠵᠣᠷᠢᠭ᠍ᠵᠢᠭᠤᠯᠬᠤ ᠪᠤᠯᠤᠨ᠎ᠠ᠃


ᠣᠢᠷ᠎ᠠ᠎ᠶ᠋ᠢᠨ ᠡᠳᠦᠷ᠎ᠦᠳ᠎ᠲᠦ᠂ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠵᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠭᠠᠷᠳᠠᠯᠭ᠎ᠠ ᠶᠣᠰᠣᠭᠠᠷ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠬᠠᠷᠠᠯᠲᠠ ᠱᠠᠭᠠᠷᠳᠠᠯᠭ᠎ᠠ ᠪᠠ ᠠᠵᠢᠯ᠎ᠤᠨ ᠭᠤᠤᠯᠳᠠᠯᠭ᠎ᠠ᠎ᠶ᠋ᠢ ᠣᠨᠣᠪᠴᠢᠲᠠᠶ ᠡᠵᠡᠮᠳᠡᠵᠦ᠍᠂ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠦᠳᠲᠡᠷ ᠲᠦᠷᠭᠡᠨ ᠡᠬᠢᠯᠡᠭᠦᠯᠬᠦ᠌᠎ᠶ᠋ᠢ ᠠᠬᠢᠭᠤᠯᠪᠠ᠃

4 ᠰᠠᠷ᠎ᠠ᠎ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠵᠤ᠂ ᠲᠥᠪ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ ᠪᠠ 《ᠪᠥᠬᠥ᠌ ᠨᠠᠮ᠎ᠤᠨ ᠳᠣᠲᠣᠷ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 ᠎ᠤ᠋ᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ 《ᠪᠥᠬᠥ᠌ ᠣᠷᠣᠨ ᠳ᠋ᠤ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠶ ᠬᠡᠷᠡᠭ᠌ᠵᠢᠭᠦᠯᠬᠦ᠌ ᠲᠥᠰᠦᠯ》 (ᠳᠣᠷᠣᠭ᠍ᠰᠢ 《 ᠬᠡᠷᠡᠭ᠌ᠵᠢᠭᠦᠯᠬᠦ᠌ ᠲᠥᠰᠦᠯ 》 ᠭᠡᠵᠦ᠍ ᠳᠦᠬᠦᠮᠴᠢᠯᠡᠨ᠎ᠡ) ᠢ᠋ ᠬᠢᠨᠠᠨ ᠵᠥᠪᠯᠡᠵᠦ᠍᠂ ᠮᠠᠨ᠎ᠤ ᠣᠷᠣᠨ᠎ᠤ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠬᠣᠯᠪᠣᠭ᠍ᠳᠠᠯ ᠪᠥᠬᠥᠶ ᠠᠵᠢᠯ᠎ᠢ ᠰᠤᠳᠤᠯᠤᠨ ᠪᠠᠢᠷᠢᠯᠠᠭᠤᠯᠪᠠ᠃

4 ᠰᠠᠷ᠎ᠠ᠎ᠶ᠋ᠢᠨ 17 ᠎ᠡᠴᠡ 18 ᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠬᠢ ᠵᠢᠴᠢ ᠤᠨᠤᠯ ᠰᠤᠷᠤᠯᠴᠠᠬᠤ ᠭᠣᠣᠯ ᠳᠤᠭᠤᠢᠯᠠᠩ᠎ᠤᠨ 2024 ᠣᠨ᠎ᠤ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠬᠢᠯᠠᠵᠤ᠂ ᠶᠡᠷᠤᠨᠭᠭᠡᠢ ᠱᠦᠵᠢ ᠰᠢ᠎ᠶ᠋ᠢᠨ ᠫᠢᠩ ᠤ᠋ᠨ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 ᠢ᠋ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠮᠤᠵᠢ᠎ᠶ᠋ᠢᠨ ᠳᠡᠰ  ᠎ᠤᠨ  ᠨᠠᠮ᠎ᠤᠨ ᠭᠡᠱᠢᠭᠦᠨ ᠤᠳᠤᠷᠢᠳᠭᠤ ᠺᠠᠳ᠋ᠷ ᠤᠷᠢᠳ ᠵᠢᠡᠷ ᠰᠤᠷᠤᠯᠴᠠᠵᠤ ᠤᠷᠢᠳ ᠵᠢᠡᠷ ᠬᠡᠷᠡᠭ᠌ᠵᠢᠭᠦᠯᠵᠦ᠍᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠰᠠᠬᠢᠯᠭ᠎ᠠ ᠪᠠᠲᠤ᠌ ᠵᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠂ ᠰᠠᠬᠢᠯᠭ᠎ᠠ ᠪᠠᠲᠤ᠎ᠶ᠋ᠢ ᠤᠢᠯᠠᠭᠠᠬᠤ ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠵᠢᠱ᠌ᠢᠢ᠎ᠡ ᠦᠵᠡᠭᠦᠯᠦᠨ ᠳᠠᠢᠴᠢᠯᠠᠪᠠ᠃  

《ᠬᠡᠷᠡᠭ᠌ᠵᠢᠭᠦᠯᠬᠦ᠌ ᠲᠥᠰᠦᠯ》 ᠳ᠋ᠤ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠤᠯᠤᠰ ᠲᠦᠷᠦ᠍᠎ᠶ᠋ᠢᠨ ᠬᠠᠷᠢᠭᠤᠴᠠᠯᠭ᠎ᠠ ᠵᠢ ᠪᠤᠳᠠᠳᠠᠢᠵᠢᠭᠤᠯᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠭᠣᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠍᠂ ᠤᠳᠤᠷᠢᠳᠭᠤ ᠪᠠᠭ᠎ᠤᠨ ᠪᠤᠰᠤᠳ ᠪᠦᠷᠢᠯᠳᠦᠬᠦᠨ 《ᠨᠢᠭᠡ ᠠᠵᠢᠯ᠎ᠤᠨ ᠪᠠᠢᠷᠢ ᠳ᠋ᠤ ᠬᠤᠤᠰ ᠬᠠᠷᠢᠭᠤᠴᠠᠯᠭ᠎ᠠ ᠡᠬᠦᠷᠭᠡᠯᠡᠬᠦ》 ᠵᠢ ᠨᠠᠷᠢᠨ ᠬᠢᠨᠠᠮᠠᠭᠠᠢ ᠭᠦᠢᠴᠡᠳᠭᠡᠵᠦ᠍᠂ ᠬᠠᠷᠢᠭᠤᠴᠠᠯᠭ᠎ᠠ᠎ᠶ᠋ᠢ ᠪᠦᠬᠦᠨ᠎ᠢ ᠪᠦᠷᠬᠦᠬᠦᠯᠬᠦ᠂ ᠨᠢᠭᠡ ᠱᠠᠳᠤ ᠨᠢ ᠨᠢᠭᠡ ᠱᠠᠳᠤ᠎ᠪᠠᠨ ᠠᠳᠭᠤᠬᠤ᠂ ᠱᠠᠳᠤ ᠱᠠᠳᠤ᠎ᠪᠠᠷ ᠨᠠᠢᠳᠠᠪᠤᠷᠢᠵᠢᠭᠤᠯᠤᠯᠳᠠ᠎ᠶ᠋ᠢ ᠠᠳᠭᠤᠬᠤ ᠠᠵᠢᠯ᠎ᠤᠨ ᠪᠠᠢᠳᠠᠯ᠎ᠢ ᠪᠤᠢ ᠪᠣᠯᠭᠠᠬᠤ ᠬᠡᠷᠡᠭ᠌ᠲᠡᠢ ᠭᠡᠵᠦ᠍ ᠱᠠᠭᠠᠷᠳᠠᠪᠠ᠃

ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》 ᠢ᠋ ᠦᠨᠡᠨ ᠬᠦ᠌ ᠭᠦᠨᠵᠡᠭᠡᠢ ᠰᠤᠷᠤᠯᠴᠠᠨ ᠲᠤᠭᠤᠷᠠᠳᠠᠯ᠎ᠠ ᠰᠤᠷᠤᠯᠴᠠᠵᠤ᠂ ᠲᠡᠭᠦᠨ᠎ᠦ ᠭᠣᠣᠯ ᠵᠣᠷᠢᠯᠲᠠ ᠴᠢᠬᠤᠯᠠ ᠠᠭᠤᠯᠭ᠎ᠠ ᠪᠣᠯᠤᠨ ᠲᠣᠭ᠍ᠲᠠᠭᠠᠯ᠎ᠤᠨ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠱᠢᠵᠦ᠍᠂ ᠨᠠᠮ᠎ᠤᠨ ᠰᠠᠬᠢᠯᠭ᠎ᠠ ᠪᠠᠲᠤ ᠶᠣᠰᠣ ᠲᠦᠷᠢᠮ ᠨᠢ ᠶᠠᠭᠤ ᠪᠣᠯᠬᠤ᠎ᠶ᠋ᠢ ᠲᠣᠳᠣᠷᠬᠠᠢ ᠣᠢᠯᠠᠭᠠᠵᠤ᠂ ᠶᠠᠭᠤ ᠵᠢ ᠬᠢᠵᠦ᠍ ᠪᠣᠯᠬᠤ᠂ ᠶᠠᠭᠤ  ᠵᠢ ᠬᠢᠵᠦ᠍ ᠦᠯᠦ᠍ ᠪᠣᠯᠬᠤ᠎ᠶ᠋ᠢ ᠲᠣᠳᠣᠷᠬᠠᠢ ᠣᠢᠯᠠᠭᠠᠬᠤ ᠬᠡᠷᠡᠭ᠌ᠲᠡᠢ᠃ ᠬᠣᠶᠠᠷ ᠲᠠᠯ᠎ᠠ᠎ᠪᠡᠷ ᠠᠳᠭᠤᠬᠤ᠂ ᠬᠣᠶᠠᠷ ᠲᠠᠯ᠎ᠠ ᠵᠢ ᠠᠬᠢᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ᠎ᠶ᠋ᠢᠨ ᠭᠣᠣᠯᠳᠠᠯᠭ᠎ᠠ᠎ᠲᠠᠶ ᠠᠵᠢᠯ᠎ᠢ ᠪᠡᠶᠡᠯᠡᠭᠦᠯᠬᠦ᠌᠎ᠲᠡᠶ ᠤᠶᠠᠯᠳᠤᠭᠤᠯᠵᠤ᠂ ᠲᠦᠪ ᠴᠢᠩᠭ᠎ᠠ ᠰᠠᠬᠢᠯᠭ᠎ᠠ ᠪᠠᠲᠤ᠎ᠪᠠᠷ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠪᠠᠲᠤᠯᠠᠨ᠎ᠡ ᠭᠡᠵᠤ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号