ᠤᠶᠢᠷ᠎ᠡ ᠶᠢᠨ ᠵᠢᠯ ᠤᠳ ᠲᠤ᠂ ᠠᠯᠪᠠᠳᠠᠨ ᠤ ᠴᠡᠯᠢᠩ ᠬᠦᠯᠦᠰᠦ ᠶᠢᠨ ᠨᠡᠮᠡᠭᠳᠡᠬᠦ᠂ ᠨᠡᠶᠢᠭᠡᠮ ᠤᠨ ᠪᠠᠶᠢᠷᠢ ᠰᠠᠭᠤᠷᠢ ᠳᠡᠭᠡᠭᠰᠢᠯᠡᠬᠦ | ᠵᠢᠴᠢ ᠡᠯ᠎ᠡ ᠵᠤᠶᠢᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ᠂ ᠨᠡᠶᠢᠭᠡᠮ ᠬᠢᠭᠡᠳ ᠠᠵᠦ ᠠᠬᠤᠢ ᠵᠡᠷᠬᠡ ᠤᠯᠠᠨ ᠳᠠᠯ᠎ᠡ ᠶᠢᠨ | ᠨᠦᠯᠦᠭᠡᠯᠡᠯ ᠠᠴᠠ ᠪᠤᠯᠵᠦ ᠠᠯᠪᠠᠳᠠᠨ ᠰᠢᠯᠭᠠᠬᠤ ᠬᠦᠮᠦᠨ ᠤ ᠲᠤᠭ᠎ᠠ ᠵᠢᠯ ᠠᠴᠠ ᠵᠢᠯ ᠨᠡᠮᠡᠭᠳᠡᠵᠦ ᠂ ᠠᠯᠪᠠᠳᠠᠨ ᠤ ᠰᠢᠯᠭᠠᠯᠳᠠ ᠴᠦ | ᠪᠦᠬᠦ ᠤᠯᠤᠰ ᠤᠨ ᠦᠷᠢᠰᠦᠯᠳᠦᠭᠡᠨ ᠢᠶᠠᠷ ᠬᠠᠮᠤᠭ ᠤᠨ ᠬᠤᠷᠴᠠ ᠰᠢᠷᠦᠭᠦᠨ ᠰᠢᠯᠭᠠᠯᠳᠠ ᠶᠢᠨ ᠨᠢᠭᠡ ᠪᠤᠯᠵᠡᠢ᠃ | ᠤᠳᠤ ᠶᠠᠭ ᠶᠡᠭᠡ ᠰᠤᠷᠭᠠᠭᠤᠯᠢ ᠳᠤ ᠰᠤᠷᠤᠯᠴᠠᠵᠦ ᠪᠠᠶᠢᠭ᠎ᠠ ᠤᠶᠤᠳᠠᠳ ᠵᠢᠴᠢ ᠨᠢᠭᠡᠨᠳᠡ ᠰᠤᠷᠭᠠᠭᠤᠯᠢ ᠠᠴᠠ ᠳᠡᠭᠦᠰᠦᠭᠡᠳ | ᠠᠯᠪᠠᠳᠠᠨ ᠰᠢᠯᠭᠠᠬᠤ ᠪᠠᠷ ᠪᠡᠯᠡᠳᠭᠡᠵᠦ ᠪᠠᠶᠢᠭ᠎ᠠ ᠨᠡᠶᠢᠭᠡᠮ ᠤᠨ ᠡᠯ᠎ᠡ ᠡᠳᠡᠭᠡᠳ ᠤᠨ ᠭᠦᠮᠦᠰ ᠲᠤ ᠵᠤᠷᠢᠭᠤᠯᠵᠦ᠂ ᠲᠠ ᠨᠠᠷ ᠲᠠᠭᠠᠨ | ᠪᠠᠭ᠎ᠠ ᠴᠦ ᠬᠡᠰᠡᠨ ᠲᠤᠰᠠ ᠪᠤᠯᠤᠭ ᠭᠡᠰᠡᠨ ᠵᠤᠷᠢᠯᠭ᠎ᠠ ᠠᠴᠠ ᠤᠶᠢᠷ᠎ᠡ ᠶᠢᠨ ᠵᠢᠯ ᠳᠤ ᠰᠢᠯᠭᠠᠵᠦ ᠦᠩᠭᠡᠷᠡᠭᠰᠡᠨ ᠦᠪᠦᠷ ᠮᠤᠩᠭᠤᠯ ᠤᠨ | ᠵᠢᠴᠢ ᠤᠯᠤᠰ ᠤᠨ ᠠᠯᠪᠠᠳᠠᠨ ᠤ ᠰᠢᠯᠭᠠᠯᠳᠠ ᠶᠢᠨ ᠰᠡᠳᠦᠪ ᠢ ᠡᠮᠬᠢᠳᠭᠡᠭᠰᠡᠨ ᠪᠠᠶᠢᠨ᠎ᠡ᠃ | ᠠᠯᠪᠠᠳᠠᠨ ᠤ ᠰᠢᠯᠭᠠᠯᠳᠠ ᠶᠢᠨ ᠰᠡᠳᠦᠪ ᠤᠨ ᠤᠯᠠᠩᠬᠢ ᠨᠢ ᠪᠦᠷ ᠬᠢᠳᠠᠳ ᠰᠡᠳᠦᠪ ᠪᠤᠯᠬᠤᠷ᠂ ᠦᠵᠡᠬᠦ ᠳᠤ ᠠᠮᠠᠷᠬᠠᠨ ᠢ ᠪᠤᠳᠤᠵᠦ | ᠰᠡᠳᠦᠪ ᠢ word ᠲᠤ ᠵᠢᠬᠰᠠᠭᠠᠬᠰᠡᠨ ᠪᠠᠶᠢᠨ᠎ᠡ᠃ | ᠲᠤᠰ ᠬᠡᠰᠡᠭ ᠪᠤᠯ ︽2009 ᠤᠨ ᠤ ᠦᠪᠦᠷ ᠮᠤᠩᠭᠤᠯ ᠤᠨ ᠠᠯᠪᠠᠳᠠᠨ ᠤ ᠰᠢᠯᠭᠠᠯᠳᠠ ᠶᠢᠨ ︿ᠲᠤᠭᠠᠴᠢᠨ ᠦᠭᠦᠯᠡᠬᠦᠢ ᠶᠢᠨ | ᠰᠢᠯᠭᠠᠯᠳᠠ ᠶᠢᠨ ᠰᠡᠳᠦᠪ ᠵᠢᠴᠢ ᠬᠠᠷᠢᠭᠤᠯᠳᠠ ᠶᠢᠨ ᠳᠠᠶᠢᠯᠪᠤᠷᠢ ﹀︾ ᠪᠤᠯᠤᠨ᠎ᠡ᠃ | ᠰᠡᠳᠦᠪ ᠦᠵᠡᠬᠦ ᠳᠤ ᠭᠠᠷᠴᠠᠭ ᠤᠨ ᠳᠡᠭᠡᠳᠦ ᠬᠡᠰᠡᠭ ᠲᠤ ᠢᠯᠡᠷᠡᠬᠦ word ᠢ ᠳᠠᠷᠤᠭᠠᠷᠠᠢ᠃ |