ᠮᠤᠩᠭᠤᠯ ᠤᠶᠤᠳᠠᠳ - ᠰᠢᠯᠭᠠᠯᠲᠠ
ᠡᠩ ᠤᠨ ᠶᠡᠭᠡ ᠲᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠲᠣᠰᠬᠠᠢ ᠮᠡᠷᠭᠡᠵᠢᠯ ᠤᠨ ᠠᠩᠭᠢ ᠳᠤ ᠨᠦᠬᠦᠵᠦ ᠡᠯᠰᠡᠬᠦ ᠠᠵᠢᠯ ᠤᠨ ᠲᠦᠷᠦ ᠶᠢᠨ ᠪᠣᠳᠣᠯᠭ᠎ᠠ ᠶᠢ ᠨᠡᠶᠢᠳᠡᠯᠡᠪᠡ
      9 ᠰᠠᠷ᠎ᠠ ᠶᠢᠨ 9 ᠤ ᠡᠳᠦᠷ ᠦᠪᠡᠷᠳᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠰᠣᠷᠣᠭᠴᠢ ᠡᠯᠰᠡᠬᠦ ᠰᠢᠯᠭᠠᠯᠳᠠ ᠶᠢᠨ  ᠲᠦᠪ ᠠᠴᠠ ᠣᠢᠢᠯᠠᠭᠠᠭᠰᠠᠨ ᠢᠶᠠᠷ᠂ ᠣᠢᠢᠷ᠎ᠠ ᠳᠤ ᠮᠠᠨ ᠤ ᠣᠷᠣᠨ 2008 ᠣᠨ ᠤ  ᠡᠩ ᠤᠨ ᠶᠡᠭᠡ ᠲᠡᠭᠡᠳᠦ ᠰᠣᠷᠭᠠᠭᠤᠯᠢ ᠳᠤ  ᠰᠣᠷᠣᠭᠴᠢ ᠡᠯᠰᠡᠬᠦ ᠲᠣᠰᠬᠠᠢ ᠮᠡᠷᠭᠡᠵᠢᠯ ᠤᠨ ᠠᠩᠭᠢ ᠳᠤ ᠨᠦᠬᠦᠵᠦ ᠰᠣᠷᠣᠭᠴᠢ ᠡᠯᠰᠡᠬᠦ ᠠᠵᠢᠯ ᠤᠨ ᠲᠦᠷᠦ ᠶᠢᠨ ᠪᠣᠳᠣᠯᠭ᠎ᠠ ᠶᠢ  ᠨᠡᠶᠢᠳᠡᠯᠡᠪᠡ᠃           ᠣᠢᠢᠯᠠᠭᠠᠭᠰᠠᠨ ᠢᠶᠠᠷ᠂ ᠮᠠᠨ ᠤ ᠣᠷᠣᠨ 9 ᠰᠠᠷ᠎ᠠ ᠶᠢᠨ 25 - 28 ᠪᠣᠯᠳᠠᠯ᠎ᠠ ᠲᠣᠰᠬᠠᠢ ᠮᠡᠷᠭᠡᠵᠢᠯ ᠤᠨ ᠠᠩᠭᠢ ᠳᠤ ᠨᠦᠬᠦᠵᠦ  ᠰᠣᠷᠣᠭᠴᠢ ᠡᠯᠰᠡᠬᠦ ᠪᠣᠯᠣᠨ᠎ᠠ᠂ 2008 ᠣᠨ ᠤ ᠡᠩ ᠤᠨ ᠶᠡᠭᠡ ᠲᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠳᠡᠢ  ᠰᠢᠯᠭᠠᠯᠳᠠ ᠳᠤ ᠣᠷᠣᠯᠴᠠᠭᠠᠳ ᠰᠣᠶᠣᠯ ᠤᠨ ᠬᠢᠴᠢᠶᠡᠯ ᠤᠨ ᠬᠢᠷᠢ ᠪᠦᠳᠦᠮᠵᠢ ᠨᠢ ᠲᠣᠭᠳᠠᠭᠠᠭᠰᠠᠨ ᠬᠤᠪᠢ ᠶᠢᠨ ᠱᠣᠭᠤᠮ ᠠᠴᠠ  ᠲᠡᠭᠡᠭᠰᠢ ᠪᠣᠯᠪᠠᠴᠣ ᠡᠯᠰᠡᠭᠳᠡᠭᠰᠡᠨ ᠦᠭᠡᠢ᠂ ᠭᠡᠬᠦ ᠳᠡᠭᠡᠨ ᠴᠢᠯᠦᠭᠡᠳᠡᠢ ᠪᠠᠷ ᠡᠷᠡᠮᠡᠯᠵᠡᠯ ᠲᠠᠭᠯᠠᠵᠣ ᠪᠣᠯᠬᠤ ᠰᠢᠯᠭᠠᠭᠤᠯᠣᠭᠰᠠᠳ ᠨᠦᠬᠦᠵᠦ  ᠡᠯᠰᠡᠬᠦ ᠳᠤ ᠣᠷᠣᠯᠴᠠᠬᠤ ᠬᠢᠷᠢ ᠭᠡᠮ ᠲᠠᠢ᠃ ᠨᠢᠭᠡᠨᠳᠡ ᠡᠯᠰᠡᠭᠳᠡᠭᠰᠡᠳ ᠶᠡᠭᠡ ᠲᠡᠭᠡᠳᠦ ᠰᠣᠷᠭᠠᠭᠤᠯᠢ ᠶᠢᠨ ᠲᠣᠭᠳᠠᠭᠠᠯ ᠤᠨ ᠲᠡᠰ  ᠲᠠᠷᠠᠭᠠᠯᠠᠯ ᠶᠣᠰᠣᠭᠠᠷ ᠲᠠᠩᠰᠠ ᠡᠪᠬᠡᠮᠡᠯ ᠢ ᠪᠣᠴᠠᠭᠠᠭᠰᠠᠨ ᠡᠰᠡᠬᠦ ᠶᠢ ᠬᠠᠮᠢᠶᠠᠷᠬᠤ ᠦᠭᠡᠢ ᠪᠦᠷ ᠨᠦᠬᠦᠵᠦ ᠡᠯᠰᠡᠬᠦ ᠬᠢᠷᠢ ᠭᠡᠮ ᠦᠭᠡᠢ᠃          ᠲᠣᠰᠬᠠᠢ ᠮᠡᠷᠭᠡᠵᠢᠯ ᠤᠨ ᠠᠩᠭᠢ ᠳᠤ ᠨᠦᠬᠦᠵᠦ ᠰᠣᠷᠣᠭᠴᠢ ᠡᠯᠰᠡᠬᠦ ᠬᠢᠵᠠᠭᠠᠷᠯᠠᠬᠤ ᠬᠤᠪᠢ᠄  ᠡᠩ ᠤᠨ ᠨᠡᠶᠢᠭᠡᠮ ᠤᠨ  ᠰᠢᠨᠵᠢᠯᠡᠭᠡᠨ 230 ᠬᠤᠪᠢ ︵ᠪᠠᠭᠳᠠᠭᠠᠨ᠎ᠠ︶ ᠠᠴᠠ ᠲᠡᠭᠡᠭᠰᠢ᠂  ᠡᠩ ᠤᠨ ᠪᠠᠶᠢᠭᠠᠯᠢ ᠶᠢᠨ ᠰᠢᠨᠵᠢᠯᠡᠭᠡᠨ 220 ᠬᠤᠪᠢ ︵ ᠪᠠᠭᠳᠠᠭᠠᠨ᠎ᠠ︶ ᠠᠴᠠ ᠲᠡᠭᠡᠭᠰᠢ᠂ ᠪᠣᠰᠣᠳ ᠬᠢᠴᠢᠶᠡᠯ ᠲᠦᠷᠦᠯ ᠨᠢ ᠲᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠣᠰᠬᠠᠢ ᠮᠡᠷᠭᠡᠵᠢᠯ ᠳᠤ  ᠡᠯᠰᠡᠬᠦ ᠬᠠᠮᠤᠭ ᠤᠨ ᠲᠣᠣᠷ᠎ᠠ ᠬᠢᠵᠠᠭᠠᠷᠯᠠᠬᠤ ᠬᠤᠪᠢ ᠠᠴᠠ ᠲᠣᠷᠣᠭᠰᠢ 60 ᠬᠤᠪᠢ ︵ᠪᠠᠭᠳᠠᠭᠠᠨ᠎ᠠ︶ ᠠᠴᠠ ᠲᠡᠭᠡᠭᠰᠢ᠂ ᠡᠭᠦᠨ ᠤ  ᠲᠣᠳᠣᠷ᠎ᠠ ᠬᠢᠳᠠᠳ ᠢᠶᠠᠷ ᠬᠢᠴᠢᠶᠡᠯᠯᠡᠬᠦ ᠣᠷᠠᠯᠢᠭ᠂ ᠮᠣᠩᠭᠤᠯ ᠢᠶᠠᠷ ᠬᠢᠴᠢᠶᠡᠯᠯᠡᠬᠦ ᠣᠷᠠᠯᠢᠭ ᠤᠨ ᠲᠣᠰᠬᠠᠢ ᠮᠡᠷᠭᠡᠵᠢᠯ ᠤᠨ ᠬᠢᠴᠢᠶᠡᠯ  ᠡᠷᠭᠡᠪᠰᠢ ᠬᠢᠷᠢ ᠲᠡᠩᠴᠡᠭᠰᠡᠨ ᠪᠠᠶᠢᠬᠤ ᠬᠡᠷᠡᠭᠳᠡᠢ᠂ ᠬᠢᠳᠠᠳ ᠢᠶᠠᠷ ᠬᠢᠴᠢᠶᠡᠯᠯᠡᠬᠦ ᠲᠠᠮᠢᠷ᠂ ᠮᠣᠩᠭᠤᠯ ᠢᠶᠠᠷ ᠬᠢᠴᠢᠶᠡᠯᠯᠡᠬᠦ ᠲᠠᠮᠢᠷ ᠤᠨ  ᠲᠣᠰᠬᠠᠢ ᠮᠡᠷᠭᠡᠵᠢᠯ ᠤᠨ ᠬᠢᠴᠢᠶᠡᠯ ᠤᠨ ᠬᠢᠷᠢ ᠪᠦᠳᠦᠮᠵᠢ 50 ︵ᠪᠠᠭᠳᠠᠭᠠᠨ᠎ᠠ︶ ᠬᠤᠪᠢ ᠠᠴᠠ ᠲᠡᠭᠡᠭᠰᠢ ᠪᠠᠶᠢᠬᠤ ᠬᠡᠷᠡᠭᠳᠡᠢ᠃  
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号