ᠮᠤᠩᠭᠤᠯ ᠤᠶᠤᠳᠠᠳ - ᠰᠢᠯᠭᠠᠯᠲᠠ
2008 ᠤᠨ ᠤ ᠲᠡᠭᠡᠳᠦ ᠵᠡᠷᠭᠡ ᠶᠢᠨ ᠠᠵᠢᠯ ᠮᠡᠷᠭᠡᠵᠢᠯ ᠲᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠦᠯᠵᠢᠶ᠎ᠠ ᠲᠡᠭᠡᠷ᠎ᠠ ᠨᠦᠬᠦᠵᠦ ᠡᠯᠰᠡᠬᠦ ᠠᠵᠢᠯ ᠡᠬᠢᠯᠡᠪᠡ
    9 ᠰᠠᠷ᠎ᠠ ᠶᠢᠨ 25 ᠤ ᠡᠳᠤᠷ᠂ ᠦᠪᠡᠷᠲᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ  ᠶᠢᠨ  ᠲᠦᠪ ᠠᠴᠠ ᠣᠢᠢᠯᠠᠭᠠᠭᠰᠠᠨ ᠢᠶᠠᠷ᠂ ᠡᠨᠡ ᠵᠢᠯ ᠤᠨ ᠮᠠᠨ ᠤ ᠣᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ  ᠶᠠᠪᠤᠴᠡ ᠳᠠᠬᠢ ᠲᠡᠭᠡᠳᠥ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠬᠴᠢ ᠨᠥᠬᠦᠨ ᠡᠯᠰᠡᠬᠦ ᠠᠵᠢᠯ ᠨᠢᠬᠡᠨᠳᠡ ᠡᠬᠢᠯᠡᠪᠡ  ᠃           ᠡᠨᠡ ᠤᠳᠠᠭ᠎ᠠ ᠶᠢᠨ ᠲᠡᠭᠡᠳᠥ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠬᠴᠢ ᠨᠦᠬᠦᠵᠦ ᠡᠯᠰᠡᠬᠦ ᠬᠤᠪᠢ ᠶᠢᠨ  ᠬᠢᠵᠠᠭᠠᠷᠯᠠᠯ ᠪᠣᠯ᠄ ᠨᠡᠶᠢᠭᠡᠮ ᠤᠨ ᠰᠢᠨᠵᠢᠯᠡᠭᠡᠨ ᠤ ᠲᠥᠷᠥᠯ ᠤᠨ ᠰᠢᠯᠭᠠᠭᠤᠯᠣᠬᠰᠠᠳ 230 ᠬᠤᠪᠢ ︵ᠪᠠᠭᠲᠠᠭᠠᠨ᠎ᠠ︶ ᠠᠴᠠ ᠳᠡᠭᠡᠭᠰᠢ᠂  ᠪᠠᠶᠢᠭᠠᠯᠢ ᠶᠢᠨ ᠰᠢᠨᠵᠢᠯᠡᠭᠡᠨ ᠤ ᠲᠥᠷᠥᠯ ᠤᠨ ᠰᠢᠯᠭᠠᠭᠤᠯᠣᠬᠰᠠᠳ 220 ᠬᠤᠪᠢ ︵ᠪᠠᠭᠲᠠᠭᠠᠨ᠎ᠠ︶ ᠠᠴᠠ ᠳᠡᠭᠡᠭᠰᠢ᠂ ᠪᠣᠰᠤᠳ  ᠲᠦᠷᠦᠯ ᠤᠨ ᠰᠢᠯᠭᠠᠭᠤᠯᠣᠬᠰᠠᠳ ᠪᠣᠯ ᠨᠥᠬᠦᠵᠥ ᠡᠯᠰᠡᠬᠦ ᠠᠴᠠ ᠡᠮᠥᠨ᠎ᠡ ᠶᠠᠪᠤᠬᠳᠠᠬᠰᠠᠨ ᠲᠡᠭᠡᠳᠥ ᠵᠡᠷᠭᠡ ᠶᠢᠨ ᠠᠵᠢᠯ ᠮᠡᠷᠭᠡᠵᠢᠯ ᠤᠨ  ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠰᠡᠨ ᠬᠠᠮᠤᠭ ᠤᠨ ᠳᠣᠣᠷ᠎ᠠ ᠬᠤᠪᠢ ᠠᠴᠠ ᠲᠠᠬᠢᠨ 60 ᠬᠤᠪᠢ ︵ᠪᠠᠭᠲᠠᠭᠠᠨ᠎ᠠ︶  ᠪᠠᠭᠤᠷᠠᠭᠤᠯᠣᠨ᠎ᠠ᠂ ᠡᠭᠦᠨ ᠳᠤ ᠬᠢᠲᠡᠳ ᠢᠶᠠᠷ ᠬᠢᠴᠢᠶᠡᠯᠯᠡᠬᠦ ᠤᠷᠠᠯᠢᠭ ᠤᠨ ᠲᠥᠷᠥᠯ᠂ ᠮᠣᠩᠭᠤᠯ ᠢᠶᠠᠷ ᠬᠢᠴᠢᠶᠡᠯᠯᠡᠬᠦ ᠤᠷᠠᠯᠢᠭ ᠤᠨ  ᠲᠥᠷᠥᠯ ᠤᠨ ᠰᠢᠯᠭᠠᠭᠤᠯᠣᠬᠰᠠᠳ ᠤᠨ ᠲᠤᠰᠬᠠᠢ ᠮᠡᠷᠭᠡᠵᠢᠯ ᠤᠨ ᠬᠢᠷᠢ ᠪᠥᠳᠥᠮᠵᠢ ᠨᠢ ᠵᠠᠪᠠᠯ ᠬᠢᠷᠢ ᠲᠡᠩᠴᠡᠭᠰᠡᠨ ᠪᠠᠶᠢᠬᠤ ᠬᠡᠷᠡᠭᠲᠡᠢ᠂  ᠬᠢᠲᠠᠳ ᠢᠶᠠᠷ ᠬᠢᠴᠢᠶᠡᠯᠯᠡᠬᠦ ᠲᠠᠮᠢᠷ ᠤᠨ ᠲᠥᠷᠥᠯ᠂ ᠮᠣᠩᠭᠤᠯ ᠢᠶᠠᠷ ᠬᠢᠴᠢᠶᠡᠯᠯᠡᠬᠦ ᠲᠠᠮᠢᠷ ᠤᠨ ᠲᠥᠷᠥᠯ ᠤᠨ ᠰᠢᠯᠭᠠᠭᠤᠯᠣᠭᠰᠠᠳ ᠤᠨ  ᠪᠡᠶ᠎ᠠ ᠶᠢᠨ ᠲᠠᠮᠢᠷ ᠤᠨ ᠲᠤᠰᠬᠠᠢ ᠮᠡᠷᠭᠡᠵᠢᠯ ᠤᠨ ᠬᠢᠴᠢᠶᠡᠯ ᠨᠢ 50 ᠬᠤᠪᠢ ︵ᠪᠠᠭᠲᠠᠭᠠᠨ᠎ᠠ︶ ᠠᠴᠠ ᠳᠡᠭᠡᠭᠰᠢ ᠪᠠᠶᠢᠬᠤ ᠬᠡᠷᠡᠭᠲᠡᠢ᠃          ᠬᠤᠯᠪᠤᠭᠳᠠᠯ ᠪᠦᠬᠦᠢ ᠲᠦᠷᠦ ᠶᠢᠨ ᠪᠣᠳᠤᠯᠭ᠎ᠠ ᠶᠢᠨ ᠲᠣᠭᠲᠠᠭᠠᠯ ᠢᠶᠠᠷ᠂ ᠨᠢᠬᠡᠨᠳᠡ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠢᠶᠠᠨ  ᠭᠠᠷᠳᠠᠬᠰᠠᠨ ᠰᠢᠯᠭᠠᠭᠤᠯᠣᠬᠰᠠᠳ ᠡᠨᠡ ᠤᠳᠠᠭ᠎ᠠ ᠶᠢᠨ ᠰᠤᠷᠤᠬᠴᠢ ᠨᠦᠬᠦᠵᠦ ᠡᠯᠰᠡᠬᠦ ᠳᠤ ᠣᠷᠤᠯᠴᠠᠬᠤ ᠬᠢᠷᠢ ᠬᠡᠮ ᠪᠠᠶᠢᠬᠤ ᠦᠭᠡᠢ᠃  
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号