ᠮᠤᠩᠭᠤᠯ ᠤᠶᠤᠳᠠᠳ - ᠰᠢᠯᠭᠠᠯᠲᠠ
2008 ᠤᠨ ᠤ ᠤᠯᠤᠰ ᠤᠨ ᠠᠯᠪᠠᠳᠠᠨ ᠤ ᠰᠢᠯᠭᠠᠯᠳᠠ ᠳᠤ 13797 ᠬᠦᠮᠦᠨ ᠨᠡᠷ᠎ᠡ ᠮᠡᠳᠡᠭᠦᠯᠵᠠᠢ
     2008 ᠤᠨ ᠤ ᠤᠯᠤᠰ ᠤᠨ ᠠᠯᠪᠠᠳᠠᠨ ᠤ ᠰᠢᠯᠭᠠᠯᠳᠠ ᠳᠤ ᠨᠡᠷ᠎ᠡ ᠮᠡᠳᠡᠭᠦᠯᠦᠭᠰᠡᠨ ᠬᠦᠮᠦᠨ ᠤ ᠳᠤᠭ᠎ᠠ ᠦᠩᠭᠡᠷᠡᠭᠰᠡᠨ ᠵᠢᠯ ᠤᠨ  ᠠᠳᠠᠯᠢ ᠬᠤᠭᠤᠴᠠᠭᠠᠨ ᠤ ᠬᠢ ᠠᠴᠠ 20% ᠢᠶᠠᠷ ᠨᠡᠮᠡᠭᠳᠡᠵᠦ᠂ ᠨᠡᠶᠢᠳᠡ 13797 ᠬᠦᠮᠦᠨ ᠨᠡᠷ᠎ᠡ‌ᠮᠡᠳᠡᠭᠦᠯᠵᠡᠢ᠃      ᠳᠤᠰ ᠤᠳᠠᠭ᠎ᠠ ᠶᠢᠨ ᠰᠢᠯᠭᠠᠯᠳᠠ ᠨᠢ ᠪᠦᠬᠦ ᠤᠯᠤᠰ ᠤᠨ ᠰᠢᠯᠭᠠᠭᠤᠯᠤᠭᠰᠠᠳ ᠲᠤ ᠳᠤᠰᠢᠶᠠᠯ ᠤᠨ ᠪᠠᠶᠢᠷᠢ ᠪᠠ ᠬᠦᠮᠦᠨ ᠡᠯᠰᠡᠬᠦ  ᠤᠷᠤᠨ ᠳᠤᠭ᠎ᠠ ᠬᠠᠩᠭᠠᠭᠰᠠᠨ ᠨᠢ ᠦᠩᠭᠡᠷᠡᠭᠰᠡᠨ ᠵᠢᠯ ᠲᠠᠢ ᠬᠠᠷᠢᠴᠠᠭᠤᠯᠪᠠᠯ ᠶᠡᠬᠡᠪᠡᠷ ᠨᠡᠮᠡᠭᠳᠡᠵᠡᠢ᠃ ᠠᠵᠢᠯ ᠤᠨ ᠳᠤᠰᠢᠶᠠᠯ ᠤᠨ ᠪᠠᠶᠢᠷᠢ   ᠨᠢ 6691᠂ ᠬᠦᠮᠦᠨ ᠡᠯᠰᠡᠬᠦ ᠳᠤᠭ᠎ᠠ ᠨᠢ 13797 ᠪᠤᠯᠤᠨ᠎ᠠ᠃ ᠡᠭᠦᠨ ᠤ ᠳᠤᠳᠤᠷ᠎ᠠ᠂ ᠲᠦᠪ ᠤᠨ ᠨᠠᠮ ᠪᠦᠯᠦᠭ ᠤᠨ  ᠪᠠᠶᠢᠭᠤᠯᠣᠯᠭ᠎ᠠ 536 ᠬᠦᠮᠦᠨ᠂ ᠲᠦᠪ ᠤᠨ ᠤᠯᠤᠰ ᠤᠨ ᠪᠠᠶᠢᠭᠤᠯᠤᠯᠭ᠎ᠠ ᠨᠢᠭᠡᠴᠡ 891 ᠬᠦᠮᠦᠨ᠂ ᠣᠯᠣᠰ ᠤᠨ ᠵᠠᠰᠠᠭ  ᠵᠠᠬᠢᠷᠭᠠᠨ ᠤ ᠪᠠᠶᠢᠭᠤᠯᠤᠯᠭ᠎ᠠ ᠶᠢᠨ ᠰᠢᠭᠤᠳ ᠬᠠᠷᠢᠶ᠎ᠠ ᠪᠠᠶᠢᠭᠤᠯᠣᠮᠵᠢ ᠪᠠ ᠳᠤᠮᠢᠯᠠᠭᠰᠠᠨ ᠪᠠᠶᠢᠭᠤᠯᠤᠮᠵᠢ 8348 ᠬᠦᠮᠦᠨ ︵ᠬᠢᠯᠢ ᠶᠢᠨ  ᠪᠤᠭᠤᠮᠳᠠ  ᠶᠢᠨ ᠰᠢᠰᠲ᠋ᠧᠮ ᠤᠨ 2270 ᠬᠦᠮᠦᠨ︶᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠰᠲ᠋ᠧᠮ ᠤᠨ ᠤᠯᠤᠰ ᠤᠨ  ᠠᠯᠪᠠᠳᠠᠨ ᠤ ᠬᠠᠤᠯᠢ ᠶᠢ ᠬᠢᠨᠠᠵᠣ ᠯᠠᠪᠯᠠᠬᠤ ᠬᠠᠮᠢᠶᠠᠷᠤᠯᠳᠠ ᠶᠢᠨ ᠠᠵᠢᠯ ᠶᠠᠪᠤᠳᠠᠯ ᠤᠨ ᠪᠠᠶᠢᠭᠤᠯᠤᠯᠭ᠎ᠠ 2806 ᠬᠦᠮᠦᠨ᠂ ᠪᠤᠰᠤᠳ  ᠪᠠᠶᠢᠭᠤᠯᠤᠯᠭ᠎ᠠ 1216 ᠬᠦᠮᠦᠨ ᠡᠯᠰᠡᠬᠦ ᠪᠤᠯᠤᠨ᠎ᠠ᠃ ᠳᠡᠭᠡᠷᠡᠬᠢ ᠳᠤᠭ᠎ᠠ ᠪᠠᠷᠢᠮᠳᠠ ᠳᠤ ᠤᠯᠤᠰ ᠤᠨ ᠠᠮᠤᠷ ᠲᠦᠪᠰᠢᠨ ᠤ ᠶᠠᠮᠤᠨ ᠤ  ᠬᠦᠮᠦᠨ ᠡᠯᠰᠡᠬᠦ ᠳᠤᠭ᠎ᠠ ᠶᠢ ᠪᠠᠭᠳᠠᠭᠠᠬᠤ ᠦᠬᠡᠢ᠃ ᠳᠤᠰ ᠤᠳᠠᠭ᠎ᠠ ᠶᠢᠨ ᠰᠢᠯᠭᠠᠯᠳᠠ ᠶᠢᠨ ᠰᠤᠷᠤᠯᠭ᠎ᠠ ᠶᠢᠨ ᠨᠠᠮᠳᠠᠷ ᠤᠨ ᠱᠠᠭᠠᠷᠳᠠᠯᠭ᠎ᠠ  ᠂ ᠨᠠᠮᠴᠢ ᠴᠢᠨᠠᠷ ᠤᠨ ᠱᠠᠭᠠᠷᠳᠠᠯᠭ᠎ᠠ᠂ ᠦᠨᠳᠦᠰᠦᠨ ᠱᠠᠳᠤᠨ ᠳᠤ ᠠᠵᠢᠯᠯᠠᠭᠰᠠᠨ ᠱᠠᠭᠠᠷᠳᠠᠯᠭ᠎ᠠ᠂ ᠳᠤᠰᠬᠠᠢ ᠮᠡᠷᠭᠡᠵᠢᠯ ᠤᠨ ᠰᠢᠯᠭᠠᠯᠳᠠ   ᠶᠢᠨ ᠱᠠᠭᠠᠷᠳᠠᠯᠭ᠎ᠠ ᠨᠢ ᠳᠤᠤᠷᠠᠬᠢ  ᠮᠡᠳᠦ᠄          ᠰᠤᠷᠤᠯᠭ᠎ᠠ ᠶᠢᠨ ᠨᠠᠮᠳᠠᠷ ᠤᠨ ᠱᠠᠭᠠᠷᠳᠠᠯᠭ᠎ᠠ :       ᠤᠶᠤᠳᠠᠨ ᠰᠢᠯᠭᠠᠵᠤ ᠪᠤᠯᠬᠤ 84%      ᠠᠰᠫᠢᠷᠠᠨᠲ ᠰᠢᠯᠭᠠᠵᠤ ᠪᠤᠯᠬᠤ 85 %        ᠨᠠᠮᠴᠢ ᠴᠢᠨᠠᠷ ᠤᠨ ᠱᠠᠭᠠᠷᠳᠠᠯᠭ᠎ᠠ :      ᠨᠠᠮ ᠤᠨ ᠭᠡᠰᠢᠭᠦᠨ ᠤ ᠱᠠᠭᠠᠷᠳᠠᠯᠭ᠎ᠠ ᠲᠠᠢ 20 %      ᠨᠠᠮ ᠤᠨ ᠭᠡᠰᠢᠭᠦᠨ ᠤ ᠱᠠᠭᠠᠷᠳᠠᠯᠭ᠎ᠠ ᠦᠬᠡᠢ ᠨᠢ 80 %      ᠦᠨᠳᠦᠰᠦᠨ ᠱᠠᠳᠤᠨ ᠤ ᠳᠤᠷᠰᠢᠯᠭ᠎ᠠ : ᠦᠨᠳᠦᠰᠦᠨ ᠱᠠᠳᠤᠨ ᠳᠤ ᠳᠤᠷᠰᠢᠯᠭ᠎ᠠ ᠲᠠᠢ ᠶᠢ ᠱᠠᠭᠠᠷᠳᠠᠬᠤ ᠨᠢ 15 %      ᠦᠨᠳᠦᠰᠦᠨ ᠰᠠᠳᠤᠨ ᠳᠤ ᠳᠤᠷᠰᠢᠯᠭ᠎ᠠ ᠲᠠᠢ ᠶᠢ ᠱᠠᠭᠠᠷᠳᠠᠬᠤ ᠦᠬᠡᠢ ᠨᠢ 15 %          ᠳᠤᠰᠬᠠᠢ ᠮᠡᠷᠭᠡᠵᠢᠯ ᠳᠤᠰᠬᠠᠢ ᠮᠡᠷᠭᠡᠵᠢᠯ ᠤᠨ ᠰᠢᠯᠭᠠᠯᠳᠠ ᠶᠢᠨ ᠱᠠᠭᠠᠷᠳᠠᠯᠭ᠎ᠠ ᠲᠠᠢ ᠨᠢ 24 %      ᠳᠤᠰᠬᠠᠢ ᠮᠡᠷᠭᠡᠵᠢᠯ ᠤᠨ ᠰᠢᠯᠭᠠᠯᠳᠠ ᠶᠢᠨ ᠱᠠᠭᠠᠷᠳᠠᠯᠭ᠎ᠠ ᠦᠬᠡᠢ ᠨᠢ 76 %          ᠲᠠᠭᠠᠯᠳᠤᠭᠤᠯᠤᠯ᠄          1. 2008 ᠤᠨ ᠤ ᠤᠯᠤᠰ ᠤᠨ ᠠᠯᠪᠠᠨ ᠪᠠᠶᠢᠭᠤᠯᠤᠯᠭ᠎ᠠ ᠶᠢᠨ ᠠᠯᠪᠠᠳᠠᠨ ᠤ ᠰᠢᠯᠭᠠᠯᠳᠠ ᠨᠢ ᠤᠯᠤᠰ ᠲᠦᠷᠦ ᠶᠢᠨ ᠲᠦᠷᠢ  ᠲᠦᠷᠬᠦ ᠶᠢᠨ ᠳᠠᠯ᠎ᠠ ᠪᠠᠷ ︽ᠨᠠᠮ ᠤᠨ ᠭᠡᠰᠢᠭᠦᠨ︾ ᠪ᠊    ᠱᠠᠭᠠᠷᠳᠠᠯᠭ᠎ᠠ ᠳᠤᠷᠤᠭᠰᠢᠯᠠᠵᠠᠢ᠃ ᠡᠯᠰᠡᠬᠦ 13797 ᠬᠦᠮᠦᠨ ᠤ ᠳᠤᠳᠤᠷ᠎ᠠ  20% ᠤᠨ ᠳᠤᠰᠢᠶᠠᠯ ᠤᠨ ᠪᠠᠶᠢᠷᠢ ᠨᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ ᠪᠠᠶᠢᠬᠤ ᠶᠢ ᠱᠠᠭᠠᠷᠳᠠᠨ᠎ᠠ᠃  ᠤᠯᠤᠰ ᠤᠨ ᠠᠯᠪᠠᠳᠠᠨ ᠤ ᠬᠠᠤᠯᠢ ᠶᠢ ᠬᠢᠨᠠᠨ ᠯᠠᠪᠯᠠᠬᠤ ᠬᠠᠮᠢᠶᠠᠷᠤᠯᠳᠠ ᠶᠢᠨ ᠠᠵᠢᠯ ᠶᠠᠪᠤᠳᠠᠯ ᠤᠨ ᠪᠠᠶᠢᠭᠤᠯᠤᠯᠭ᠎ᠠ ᠪᠠ ᠪᠤᠰᠤᠳ  ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠢ ᠱᠠᠭᠠᠷᠳᠠᠬᠤ ᠨᠢ 10% ᠲᠤ ᠬᠦᠷᠬᠦ ᠦᠬᠡᠢ᠃ ᠭᠡᠪᠡᠴᠦ ᠲᠦᠪ ᠤᠨ ᠨᠠᠮ ᠤᠨ ᠪᠦᠯᠦᠭ ᠪᠠ  ᠲᠦᠪ ᠤᠨ ᠪᠠᠶᠢᠭᠤᠯᠤᠯᠭ᠎ᠠ ᠨᠢᠭᠡᠴᠡ ᠶᠢᠨ ᠨᠠᠮ ᠤᠨ ᠭᠡᠰᠢᠭᠦᠨ ᠤ ᠱᠠᠭᠠᠷᠳᠠᠯᠭ᠎ᠠ ᠲᠠᠢ ᠳᠤᠰᠢᠶᠠᠯ ᠤᠨ ᠪᠠᠶᠢᠷᠢ ᠦᠨᠳᠦᠷ ᠪᠠᠶᠢᠭᠰᠠᠭᠠᠷ᠂  47 % ᠪᠠ 48 % ᠲᠤ ᠬᠦᠷᠴᠦ ᠪᠤᠢ᠃          2. ᠲᠦᠪ ᠤᠨ ᠨᠠᠮ ᠤᠨ ᠪᠦᠯᠦᠭ ᠪᠠ ᠲᠦᠪ ᠤᠨ ᠠᠯᠪᠠᠨ ᠪᠠᠶᠢᠭᠤᠯᠤᠭ᠎ᠠ ᠨᠢ ︽ᠦᠨᠳᠦᠰᠦᠨ ᠱᠠᠳᠤᠨ ᠤ ᠠᠵᠢᠯ ᠤᠨ  ᠦᠩᠭᠡᠷᠡᠯᠳᠡ︾ ᠶᠢᠨ ᠱᠠᠭᠠᠷᠳᠠᠯᠭ᠎ᠠ ᠨᠢ ᠦᠨᠳᠦᠷ᠂ ᠪᠠᠷᠤᠭ 50% ᠲᠤ ᠬᠦᠷᠦᠨ᠎ᠠ᠃          3. ᠬᠠᠯᠠᠮᠰᠢᠯ ᠪᠤᠯᠵᠤ ᠪᠠᠶᠢᠭ᠎ᠠ 10 ᠳᠤᠰᠬᠠᠢ ᠮᠡᠷᠭᠡᠵᠢᠯ ᠢ ᠳᠠᠷᠠᠭᠠᠯᠠᠪᠠᠯ᠄ ᠬᠠᠤᠯᠢ ᠴᠠᠭᠠᠵᠠ / ᠬᠠᠤᠯᠢ ᠶᠢᠨ ᠰᠤᠳᠤᠯᠤᠯ᠂ ᠠᠵᠤ  ᠠᠬᠤᠢ᠂ ᠨᠠᠷᠢᠨ ᠪᠢᠴᠢᠭᠡᠴᠢ᠂ ᠺᠤᠮᠫᠢᠦ᠋ᠲ᠋ᠧᠷ᠂ ᠬᠢᠳᠠᠳ ᠬᠡᠯᠡ᠂ ᠡᠳ᠋ ᠤᠨ ᠵᠠᠰᠠᠭ᠂ ᠰᠤᠨᠢᠨ ᠮᠡᠳᠡᠭᠡ᠂ ᠵᠠᠰᠠᠭ ᠵᠠᠬᠢᠷᠭᠠᠨ ᠤ  ᠬᠠᠮᠢᠶᠠᠷᠤᠯᠳᠠ᠃          4. ᠬᠢᠯᠢ ᠶᠢᠨ ᠪᠤᠭᠤᠮᠳᠠ ᠶᠢᠨ ᠰᠢᠰᠲ᠋ᠧᠮ ᠤᠨ ᠬᠦᠮᠦᠨ ᠡᠯᠰᠡᠬᠦ ᠳᠤᠭ᠎ᠠ 2270 ᠬᠦᠮᠦᠨ ᠪᠤᠯᠤᠨ᠎ᠠ᠃          
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号