ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠪᠤᠯ ᠦᠪᠡᠷ ᠲᠡᠭᠡᠨ | ᠰᠤᠷᠤᠭᠰᠠᠳ ᠰᠤᠷᠤᠯᠭ᠎ᠠ ᠶᠢᠨ ᠨᠠᠮᠳᠠᠷ ᠢᠶᠠᠷ ᠭᠤᠤᠯ ᠪᠤᠯᠭᠠᠭᠰᠠᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠤᠯᠤᠰ ᠤᠨ | ᠰᠢᠯᠭᠠᠯᠳᠠ ᠪᠤᠯᠤᠨ᠎ᠠ᠂ ᠬᠤᠪᠢ ᠬᠦᠮᠦᠨ ᠦᠪᠡᠷ ᠲᠡᠭᠡᠨ ᠰᠤᠷᠬᠤ᠂ ᠨᠡᠶᠢᠭᠡᠮ ᠠᠴᠠ ᠰᠤᠷᠤᠯᠭ᠎ᠠ ᠶᠢ ᠲᠡᠳᠭᠦᠬᠦ ᠪᠠ ᠤᠯᠤᠰ ᠤᠨ | ᠰᠢᠯᠭᠠᠯᠳᠠ ᠶᠢ ᠤᠶᠠᠯᠳᠤᠭᠤᠯᠤᠭᠰᠠᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠯᠪᠡᠷᠢ ᠪᠤᠯᠤᠨ᠎ᠠ᠂ ᠮᠦᠨᠴᠦ ᠤᠳᠤᠬᠠᠨ ᠳᠤ | ᠬᠡᠪᠴᠢᠶ᠎ᠠ ᠪᠠᠷ ᠬᠠᠮᠤᠭ ᠤᠨ ᠶᠡᠭᠡ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠯᠪᠡᠷᠢ᠂ ᠵᠢᠯ ᠪᠤᠯᠭᠠᠨ 1200 ᠲᠦᠮᠡᠨ ᠬᠦᠮᠦᠨ | ᠤᠳᠠᠭ᠎ᠠ ᠰᠢᠯᠭᠠᠯᠳᠠ ᠳᠤ ᠤᠷᠤᠯᠴᠠᠵᠤ ᠪᠤᠢ᠃ ᠲᠡᠷᠡ ᠨᠢ ᠬᠤᠶᠠᠳᠠᠮᠠᠯ ᠴᠢᠨᠠᠷ᠂ ᠲᠠᠷᠤᠢ ᠰᠢᠯᠭᠠᠯᠳᠠ ᠶᠢᠨ ᠰᠢᠨᠵᠢ ᠴᠢᠨᠠᠷ | ᠪᠤᠯᠤᠨ ᠰᠤᠷᠭᠠᠨ ᠬᠦᠮᠦᠵᠢᠯ ᠤᠨ ᠰᠢᠨᠵᠢ ᠴᠢᠨᠠᠷ ᠲᠠᠢ᠃ ᠰᠢᠯᠭᠠᠯᠳᠠ ᠶᠢᠨ ᠰᠢᠨᠵᠢ ᠴᠢᠨᠠᠷ ᠠᠴᠠ ᠦᠵᠡᠪᠡᠯ ᠲᠡᠷᠡ ᠪᠤᠯ ᠨᠢᠭᠡ ᠵᠦᠢᠯ | ᠤᠨ ᠲᠤᠮᠤ ᠬᠡᠪᠴᠢᠶ᠎ᠠ ᠶᠢᠨ᠂ ᠨᠡᠶᠢᠭᠡᠮᠴᠢ ᠴᠢᠨᠠᠷᠳᠠᠢ ᠪᠠ ᠬᠠᠷᠠᠯᠳᠠᠳᠤ ᠴᠢᠨᠠᠷᠳᠠᠢ ᠤᠯᠤᠰ ᠤᠨ ᠰᠤᠷᠤᠯᠭ᠎ᠠ ᠶᠢᠨ ᠨᠠᠮᠳᠠᠷ ᠤᠨ ᠬᠢᠷᠢ | ᠭᠡᠮ ᠤᠨ ᠰᠢᠯᠭᠠᠯᠳᠠ ᠪᠤᠯᠤᠨ᠎ᠠ︔ ᠰᠤᠷᠭᠠᠨ ᠬᠦᠮᠦᠵᠢᠯ ᠤᠨ ᠰᠢᠨᠵᠢ ᠴᠢᠨᠠᠷ ᠠᠴᠠ ᠶᠠᠷᠢᠪᠠᠯ᠂ ᠲᠡᠷᠡ ᠪᠤᠯ ᠨᠢᠭᠡ ᠵᠦᠢᠯ ᠤᠨ | ᠨᠡᠭᠡᠭᠡᠯᠳᠡᠳᠦ ᠴᠢᠨᠠᠷᠳᠠᠢ ᠨᠡᠶᠢᠭᠡᠮ ᠤᠨ ᠰᠤᠷᠭᠠᠨ ᠬᠦᠮᠦᠵᠢᠯ ᠪᠤᠯᠤᠨ᠎ᠠ᠂ ᠦᠷᠭᠦᠯᠵᠢᠯᠡᠨ ᠰᠤᠷᠭᠠᠨ ᠬᠦᠮᠦᠵᠢᠯ ᠪᠤᠯᠤᠨ ᠨᠠᠰᠤᠨ | ᠲᠤᠷᠰᠢᠳᠠ ᠶᠢᠨ ᠰᠤᠷᠭᠠᠨ ᠬᠦᠮᠦᠵᠢᠯ ᠤᠨ ᠰᠢᠨᠵᠢ ᠴᠢᠨᠠᠷ ᠲᠠᠢ᠃ ᠤᠳᠤᠬᠠᠨ ᠳᠤ ᠤᠯᠠᠩᠭᠢ ᠲᠤᠭᠠᠨ ᠤ ᠠᠷᠠᠳ ᠠᠴᠠ | ᠡᠷᠬᠢᠯᠡᠭᠰᠡᠨ ᠲᠡᠭᠡᠳᠦ ᠵᠡᠷᠭᠡ ᠶᠢᠨ ᠰᠤᠷᠭᠠᠭᠤᠯᠢ ᠨᠢ ᠲᠡᠭᠦᠰᠬᠦ ᠦᠨᠡᠮᠯᠡᠯ ᠤᠯᠭᠤᠬᠤ ᠬᠢᠷᠢ ᠭᠡᠮ ᠦᠭᠡᠢ ᠠᠴᠠ ᠤᠯᠠᠩᠭᠢ ᠬᠦᠮᠦᠰ | ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠳᠤ ᠤᠷᠤᠯᠴᠠᠵᠤ ᠤᠯᠤᠰ ᠠᠴᠠ ᠵᠦᠪᠰᠢᠶᠡᠷᠡᠭᠰᠡᠨ ᠦᠨᠡᠮᠯᠡᠯ ᠠᠪᠳᠠᠭ᠃ | ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠶᠢᠨ ᠡᠭᠦᠷᠭᠡ ᠪᠤᠯ ᠤᠯᠤᠰ ᠤᠨ | ᠰᠢᠯᠭᠠᠯᠳᠠ ᠶᠢ ᠲᠠᠮᠵᠢᠵᠤ ᠬᠤᠪᠢ ᠬᠦᠮᠦᠨ ᠤ ᠦᠪᠡᠷ ᠲᠡᠭᠡᠨ ᠰᠤᠷᠬᠤ ᠪᠠ ᠨᠡᠶᠢᠭᠡᠮ ᠤᠨ ᠰᠤᠷᠤᠯᠭ᠎ᠠ ᠶᠢ ᠲᠡᠳᠭᠦᠬᠦ ᠠᠵᠢᠯᠯᠠᠭ᠎ᠠ ᠶᠢ | ᠠᠬᠢᠭᠤᠯᠬᠤ᠂ ᠠᠵᠢᠯ ᠳᠤ ᠪᠠᠶᠢᠭ᠎ᠠ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ ᠪᠠ ᠦᠷᠭᠦᠯᠵᠢᠯᠡᠭᠰᠡᠨ ᠰᠤᠷᠭᠠᠨ ᠬᠦᠮᠦᠵᠢᠯ ᠢ | ᠠᠬᠢᠭᠤᠯᠬᠤ ᠪᠤᠯᠤᠨ᠎ᠠ᠃ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠷᠠᠳ ᠢᠷᠭᠡᠳ ᠴᠢᠨᠠᠷ ᠤᠨ ᠢᠯᠭᠠᠯ᠂ | ᠨᠠᠰᠤ ᠵᠢᠯ᠂ ᠦᠨᠳᠦᠰᠦᠳᠡᠨ᠂ ᠠᠷᠠᠰᠤᠳᠠᠨ ᠪᠠ ᠨᠢᠭᠡᠨᠳᠡ ᠬᠦᠷᠳᠡᠭᠰᠡᠨ ᠰᠤᠷᠭᠠᠨ ᠬᠦᠮᠦᠵᠢᠯ ᠤᠨ ᠢᠯᠭᠠᠭ᠎ᠠ ᠪᠠᠶᠢᠬᠤ ᠦᠭᠡᠢ ᠪᠠᠷ | ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠲᠡᠭᠡᠨ ᠰᠤᠷᠴᠤ | ᠰᠢᠯᠭᠠᠭᠤᠯᠬᠤ ᠰᠢᠯᠭᠠᠯᠳᠠ ᠶᠢᠨ ᠲᠦᠷ ᠬᠡᠷᠡᠭᠵᠢᠭᠦᠯᠬᠦ ᠲᠦᠷᠢᠮ︾ ᠤᠨ ᠲᠤᠭᠳᠠᠭᠠᠯ ᠶᠤᠰᠤᠭᠠᠷ ᠦᠪᠡᠷ ᠲᠡᠭᠡᠨ ᠰᠤᠷᠴᠤ ᠰᠢᠯᠭᠠᠬᠤ | ᠰᠢᠯᠭᠠᠯᠳᠠ ᠳᠤ ᠤᠷᠤᠯᠴᠠᠵᠤ ᠪᠤᠯᠤᠨ᠎ᠠ᠃ ᠁ |