ᠡᠨᠡ ᠵᠢᠯ ᠤᠨ ᠲᠦᠷᠦ ᠶᠢᠨ ᠠᠯᠪᠠᠲᠠᠨ ᠡᠯᠰᠡᠬᠦ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠬᠦᠯᠬᠦ ᠠᠵᠢᠯ 24 ᠳᠤ | ᠳᠠᠭᠤᠰᠴᠠᠢ᠃ 22 ᠤ ᠡᠳᠦᠷ ᠤᠨ 21 ᠴᠠᠭ ᠪᠣᠯᠲᠠᠯ᠎ᠠ᠂ ᠲᠦᠮᠡ ᠭᠠᠷᠤᠢ ᠠᠵᠢᠯ ᠤᠨ ᠪᠠᠶᠢᠷᠢ ᠶᠢᠨ ᠳᠣᠲᠤᠷ᠎ᠠ 500 ᠠᠵᠢᠯ ᠤᠨ | ᠪᠠᠶᠢᠷᠢ ᠶᠢ ᠨᠡᠷ᠎ᠡ ᠮᠡᠳᠡᠭᠦᠯᠦᠰᠡᠨ ᠬᠦᠮᠦᠨ ᠦᠭᠡᠢ᠂ ᠡᠭᠦᠨ ᠤ ᠬᠠᠮᠲᠤ ᠬᠠᠮᠤᠭ ᠤᠨ ᠬᠠᠯᠠᠮᠰᠢᠯ ᠪᠤᠯᠵᠤ ᠪᠠᠶᠢᠭ᠎ᠠ ᠠᠵᠢᠯ ᠤᠨ ᠪᠠᠶᠢᠷᠢ ᠶᠢᠨ | ᠨᠡᠷ᠎ᠡ ᠮᠡᠳᠭᠦᠯᠦᠭᠰᠨᠨ ᠬᠠᠷᠢᠴᠠᠯ ᠨᠢ 1᠄ 3000 ᠳᠤ ᠬᠦᠷᠴᠡᠢ᠃ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠨᠠᠮᠲᠠᠷ | ᠱᠠᠭᠠᠷᠳᠠᠬᠤ ᠠᠵᠢᠯ ᠤᠨ ᠪᠠᠶᠢᠷᠢ ᠬᠠᠮᠤᠭ ᠠᠴᠠ ᠬᠠᠯᠠᠮᠰᠢᠯ ᠲᠠᠢ ᠪᠠᠶᠢᠨ᠎ᠠ᠃ 22 ᠤᠨ ᠡᠳᠦᠷ ᠰᠤᠷᠪᠤᠯᠵᠢᠯᠠᠭᠴᠢ ᠰᠢᠯᠭᠠᠯᠲᠠ | ᠶᠢᠨ ᠨᠡᠷ᠎ᠡ ᠮᠡᠳᠡᠭᠦᠯᠬᠦ ᠰᠢᠰᠲ᠋ᠧᠮ ᠳᠤ ᠭᠠᠷᠤᠭᠠᠳ ᠲᠦᠪ ᠤᠨ ᠪᠠᠶᠢᠭᠤᠯᠤᠯᠭ᠎ᠠ ᠪᠠ ᠲᠦᠪ ᠤᠨ ᠰᠢᠭᠤᠳ ᠬᠠᠷᠢᠶ᠎ᠠ ᠰᠠᠯᠠᠭ᠎ᠠ | ᠮᠦᠴᠢᠷ ᠤᠨ ᠠᠵᠢᠯ ᠤᠨ ᠪᠠᠶᠢᠷᠢ ᠨᠢ ᠨᠡᠷ᠎ᠡ ᠮᠡᠳᠡᠭᠦᠯᠦᠭᠰᠡᠳ ᠤᠨ ᠬᠠᠯᠠᠮᠰᠢᠯ ᠪᠣᠯᠵᠤ ᠪᠠᠶᠢᠬᠤ ᠶᠢ ᠮᠡᠳᠡᠭᠰᠡᠨ ᠪᠠᠶᠢᠨ᠎ᠠ᠂ ᠵᠢᠱᠢᠶᠡᠯᠡᠪᠡᠯ᠂ | ᠬᠤᠳᠠᠯᠳᠤᠭᠠᠨ ᠤ ᠶᠠᠪᠤᠳᠠᠯ ᠤᠨ ᠶᠠᠮᠤᠨ᠂ ᠦᠭᠡᠷᠡᠴᠢᠯᠡᠯᠲᠡ ᠬᠦᠭᠵᠢᠭᠦᠯᠦᠯᠳᠡ ᠶᠢᠨ ᠵᠦᠪᠯᠡᠯ᠂ ᠭᠠᠳᠠᠭᠠᠳᠤ ᠬᠠᠷᠢᠯᠴᠠᠭᠠᠨ ᠤ ᠶᠠᠮᠤᠨ᠂ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠵᠡᠷᠭᠡ ᠣᠯᠠᠩᠬᠢ ᠠᠵᠢᠯ ᠤᠨ ᠪᠠᠶᠢᠷᠢ ᠨᠢ ᠪᠦᠷ ᠬᠡᠳᠦᠨ ᠵᠠᠭᠤᠨ ᠬᠦᠮᠦᠨ | ᠨᠢᠭᠡ ᠠᠵᠢᠯ ᠤᠨ ᠪᠠᠶᠢᠷᠢ ᠶᠢ ᠪᠤᠯᠢᠶᠠᠯᠳᠤᠵᠤ ᠪᠣᠢ᠃ ᠵᠠᠷᠢᠮ ᠠᠵᠢᠯ ᠤᠨ ᠪᠠᠶᠢᠷᠢ ᠨᠢ ᠬᠠᠷᠢᠨ ᠰᠤᠷᠤᠯᠭ᠎ᠠ ᠶᠢᠨ ᠨᠠᠮᠲᠡᠷ ᠢ ᠦᠨᠳᠦᠷ | ᠱᠠᠭᠠᠷᠳᠠᠬᠤ ᠦᠭᠡᠢ ᠪᠣᠯᠬᠤᠷ ᠨᠡᠷ᠎ᠡ ᠮᠡᠳᠡᠭᠦᠯᠬᠦ ᠬᠠᠯᠠᠭᠤᠷᠠᠯ ᠪᠣᠯᠵᠠᠢ᠃ ᠵᠢᠱᠢᠶᠡᠯᠡᠪᠡᠯ ᠳᠣᠲᠤᠭᠠᠳᠤ ᠶᠢ ᠬᠠᠮᠠᠭᠠᠯᠠᠬᠤ ᠶᠠᠮᠤᠨ ᠠᠴᠠ | ᠡᠯᠰᠡᠨ ᠰᠢᠯᠭᠠᠬᠤ ᠭᠡᠵᠦ ᠪᠠᠶᠢᠭ᠎ᠠ ᠭᠠᠵᠠᠷ ᠣᠷᠤᠨ ᠤ ᠰᠢᠰᠲ᠋ᠧᠮ ᠤᠨ ︽ᠪᠣᠰᠤᠳ ᠠᠵᠢᠯ ᠤᠨ ᠪᠠᠶᠢᠷᠢ︾ ᠂ ᠰᠤᠷᠤᠯᠭ᠎ᠠ ᠶᠢᠨ | ᠨᠠᠮᠲᠠᠷ ᠤᠨ ᠱᠠᠭᠠᠷᠳᠠᠯᠭ᠎ᠠ ᠨᠢ ︽ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠵᠢᠴᠢ ᠡᠬᠦᠨ ᠠᠴᠠ ᠳᠡᠭᠡᠭᠰᠢ︾᠂ ᠲᠦᠯᠦᠪᠯᠡᠭᠡ ᠪᠠᠷ 1 | ᠬᠦᠮᠦᠨ ᠡᠯᠰᠡᠨ᠎ᠠ᠂ ᠡᠭᠦᠨ ᠳᠤ ᠨᠡᠷ᠎ᠡ ᠮᠡᠳᠡᠭᠦᠯᠦᠭᠰᠡᠨ ᠨᠢ ᠨᠢᠭᠡᠨᠲᠡ 3044 ᠬᠦᠮᠦᠨ ᠪᠣᠯᠵᠠᠢ︔ ᠳᠣᠮᠳᠠᠳᠤ ᠤᠯᠤᠰ ᠤᠨ | ᠵᠡᠮᠳᠡᠭᠴᠦᠳ ᠤᠨ ᠬᠤᠯᠪᠤᠭ᠎ᠠ ᠶᠢᠨ ᠳᠣᠣᠷᠠᠬᠢ ᠵᠣᠬᠢᠶᠠᠨ ᠪᠠᠶᠢᠭᠤᠯᠤᠯᠲᠠ ᠬᠠᠷᠢᠯᠴᠠᠭᠠᠨ ᠤ ᠬᠡᠯᠲᠡᠰ ᠤᠨ ︽ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠪᠦᠲᠦᠭᠡᠨ ᠪᠠᠶᠢᠭᠤᠯᠤᠯᠲᠠ ᠶᠢᠨ ᠪᠠᠶᠢᠷᠢ︾ ᠲᠤᠰᠬᠠᠢ ᠮᠡᠷᠭᠡᠵᠢᠯ ᠤᠨ ᠬᠢᠵᠠᠭᠠᠷᠯᠠᠯ ᠦᠭᠡᠢ ᠪᠣᠯᠬᠤᠷ ᠂ | ᠬᠠᠷᠢᠴᠠᠯ ᠨᠢ 1᠄ 2688 ᠪᠣᠯᠤᠭᠰᠠᠨ ᠪᠠᠶᠢᠨ᠎ᠠ᠃ ᠵᠠᠷᠢᠮ ᠪᠤᠶᠢᠳᠠ ᠬᠤᠯᠠ ᠭᠠᠵᠠᠷ ᠲᠤ ᠨᠡᠷ᠎ᠡ ᠮᠡᠳᠡᠭᠦᠯᠦᠭᠰᠡᠨ ᠬᠦᠮᠦᠨ ᠦᠭᠡᠢ᠃ | ᠰᠤᠷᠪᠤᠯᠵᠢᠯᠠᠭᠴᠢ ᠪᠦᠳᠦᠭᠦᠪᠴᠢ ᠪᠦᠷᠢᠳᠭᠡᠭᠰᠨᠨ ᠢᠶᠠᠷ᠂ 22 ᠤ ᠣᠷᠤᠢ ᠪᠣᠯᠲᠠᠯ᠎ᠠ 500 ᠠᠵᠢᠯ ᠤᠨ ᠪᠠᠶᠢᠷᠢ ᠶᠢ ᠨᠡᠷ᠎ᠡ | ᠮᠡᠳᠡᠭᠦᠯᠦᠭᠰᠡᠨ ᠬᠦᠮᠦᠨ ᠠᠯᠠᠭ᠎ᠠ᠂ ᠡᠨᠡ ᠨᠢ ᠤᠰᠤᠨ ᠠᠰᠢᠭᠯᠠᠯᠲᠠ᠂ ᠳᠠᠯᠠᠢ ᠶᠢᠨ ᠶᠠᠪᠤᠳᠠᠯ᠂ ᠴᠠᠭ ᠠᠭᠠᠷ ᠵᠡᠷᠭᠡ ᠠᠵᠢᠯ ᠲᠦᠷᠦᠯ ᠪᠠ | ᠬᠤᠯᠠ ᠪᠤᠶᠢᠳᠠ ᠭᠠᠵᠠᠷ ᠲᠤ ᠲᠦᠪᠯᠡᠷᠡᠵᠦ ᠪᠠᠶᠢᠭ᠎ᠠ ᠠᠵᠢᠯ ᠤᠨ ᠪᠠᠶᠢᠷᠢ ᠪᠣᠯᠤᠨ᠎ᠠ᠃ ᠵᠢᠱᠢᠶᠡᠯᠡᠪᠡᠯ ᠬᠠᠶᠢᠨᠠᠨ ᠤ ᠳᠠᠯᠠᠢ ᠶᠢᠨ | ᠶᠠᠪᠤᠳᠠᠯ ᠤᠨ ᠲᠣᠪᠴᠢᠶ᠎ᠠ ᠶᠢᠨ ᠠᠷᠪᠠᠨ ᠬᠡᠳᠦᠨ ᠳᠠᠯᠠᠢ ᠶᠢᠨ ᠶᠠᠪᠤᠳᠠᠯ ᠤᠨ ᠬᠡᠷᠡᠭ ᠡᠷᠬᠢᠯᠡᠬᠦ ᠭᠠᠵᠠᠷ ᠤᠨ ᠰᠢᠨᠵᠢᠯᠡᠬᠦ ᠤᠬᠠᠭᠠᠨ ᠤ | ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠨ ᠬᠦᠮᠦᠨ ᠦᠭᠡᠢ᠃ ᠬᠠᠷᠢᠨ ᠶᠡᠷᠦ ᠠᠴᠠ ᠬᠠᠯᠠᠮᠰᠢᠯ ᠪᠣᠯᠵᠤ ᠪᠠᠶᠢᠭᠰᠠᠨ ᠤᠯᠤᠰ ᠤᠨ | ᠭᠠᠶᠢᠯᠢ ᠶᠢᠨ ᠰᠢᠰᠲ᠋ᠧᠮ ᠤᠨ ᠬᠡᠰᠡᠭ ᠪᠤᠶᠢᠳᠠ ᠬᠤᠯᠠ ᠭᠠᠵᠠᠷ ᠣᠷᠤᠨ ᠳᠤ ᠴᠦ ᠨᠡᠷ᠎ᠡ ᠮᠡᠳᠡᠭᠦᠯᠦᠭᠰᠨᠨ ᠬᠦᠮᠦᠨ ᠦᠭᠡᠢ᠂ ᠵᠢᠱᠢᠶᠡᠯᠡᠪᠡᠯ | ᠬᠠᠷᠠᠮᠦ᠋ᠷᠠᠨ᠂ ᠭᠢᠷᠢᠨ ᠵᠡᠷᠭᠡ ᠮᠣᠵᠢ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠳᠣᠪᠴᠢᠶ᠎ᠠ᠂ ᠴᠢᠨᠠᠭᠰᠢᠯᠠᠨ ᠵᠢᠶᠠᠩᠰᠤ᠂ ᠵᠧᠵᠢᠶᠠᠩ | ᠵᠡᠷᠭᠡ ᠮᠣᠵᠢ ᠶᠢᠨ ᠪᠤᠶᠢᠳᠠ ᠬᠤᠯᠠ ᠭᠠᠵᠠᠷ ᠬᠤᠲᠠ ᠶᠢᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠴᠦ ᠨᠡᠷ᠎ᠡ | ᠮᠡᠳᠡᠭᠦᠯᠦᠭᠰᠡᠨ ᠬᠦᠮᠦᠨ ᠠᠯᠠᠭ᠎ᠠ᠃ ᠭᠤᠸᠠᠩᠳᠦ᠋ᠩ ᠤᠨ ᠪᠤᠶᠢᠳᠠ ᠬᠤᠯᠠ ᠭᠠᠵᠠᠷ ᠲᠠᠲᠠᠬᠤ ᠬᠦᠴᠦᠨ ᠢᠶᠠᠷ ᠠᠨᠠᠢ ᠪᠠᠶᠢᠨ᠎ᠠ | ᠬᠠᠷᠢᠴᠠᠩᠭᠤᠢ ᠪᠠᠷ᠂ ᠭᠤᠸᠠᠩᠳᠦ᠋ᠩ ᠮᠣᠵᠢ ᠶᠢᠨ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠦᠯᠲᠡ ᠨᠡᠯᠢᠶᠡᠳ ᠲᠣᠭᠲᠠᠭᠤᠨ ᠪᠠᠶᠢᠨ᠎ᠠ᠃ | ᠲᠤᠰ ᠤᠳᠠᠭᠠᠨ ᠤ ᠡᠯᠰᠡᠬᠦ ᠰᠢᠯᠭᠠᠯᠲᠠ ᠳᠤ ᠬᠠᠮᠤᠭ ᠠᠴᠠ ᠣᠯᠠᠨ ᠬᠦᠮᠦᠨ ᠡᠯᠰᠡᠵᠦ ᠪᠠᠶᠢᠭ᠎ᠠ ᠠᠵᠢᠯ ᠤᠨ ᠪᠠᠶᠢᠷᠢ ᠪᠣᠯᠬᠤ | ᠭᠤᠸᠠᠩᠵᠸᠤ ᠬᠤᠲᠠ ᠶᠢᠨ ᠬᠢᠯᠢ ᠪᠠᠷ ᠣᠷᠤᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠢ ᠦᠷᠲᠡᠭᠡ 92 | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠦᠷᠲᠡᠭᠡᠨ ᠤ ᠠᠵᠢᠯᠲᠠᠨ ᠡᠯᠰᠡᠬᠦ ᠪᠠᠷ ᠪᠣᠢ᠂ ᠨᠡᠷ᠎ᠡ ᠮᠡᠳᠡᠭᠦᠯᠦᠭᠰᠡᠨ ᠬᠦᠮᠦᠨ | 1342 ᠲᠤ ᠬᠦᠷᠴᠡᠢ᠃ ᠡᠭᠦᠨ ᠠᠴᠠ ᠭᠠᠳᠠᠨ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠢᠯᠢ ᠶᠢᠨ ᠪᠣᠭᠤᠮᠲᠠ | ᠵᠡᠷᠭᠡ ᠰᠠᠯᠠᠭ᠎ᠠ ᠮᠦᠴᠢᠷ ᠤᠨ ᠠᠵᠢᠯ ᠤᠨ ᠪᠠᠶᠢᠷᠢ ᠶᠢ ᠨᠡᠷ᠎ᠡ ᠮᠡᠳᠡᠭᠦᠯᠦᠭᠰᠡᠨ ᠬᠠᠷᠢᠴᠠᠯ ᠨᠡᠶᠢᠳᠡᠮ ᠳᠡᠭᠡᠨ 1᠄ 50 ᠢ ᠪᠠᠷᠢᠮᠳᠠᠯᠠᠵᠤ ᠪᠣᠢ᠃ | ᠠᠩᠬᠠᠷᠤᠭᠤᠰᠢᠲᠠᠢ ᠨᠢ ᠭᠡᠪᠡᠯ᠂ ᠨᠡᠷ᠎ᠡ ᠮᠡᠳᠡᠭᠦᠯᠦᠭᠰᠡᠳ ᠤᠨ ᠣᠯᠠᠩᠬᠢ ᠨᠢ ᠵᠦᠵᠢᠶᠠᠩ ᠮᠦᠷᠡᠨ ᠤ ᠭᠤᠷᠪᠠᠯᠵᠢᠨ ᠬᠤᠶᠢᠬ ᠲᠤ | ᠲᠦᠪᠯᠡᠷᠡᠵᠦ᠂ ᠵᠠᠷᠢᠮ ᠪᠤᠶᠢᠳᠠ ᠬᠤᠯᠠ ᠬᠤᠲᠠ ᠣᠷᠤᠨ᠂ ᠵᠢᠱᠢᠶᠡᠯᠡᠪᠡᠯ ᠱᠠᠨᠸᠧᠢ᠂ ᠵᠠᠨᠵᠢᠶᠠᠩ᠂ ᠵᠢᠶᠧ ᠶᠠᠩ᠂ ᠼᠦᠩ ᠬᠤᠸᠠ | ᠵᠡᠷᠭᠡ ᠬᠤᠲᠠ ᠣᠷᠤᠨ ᠤ ᠠᠵᠢᠯ ᠤᠨ ᠪᠠᠶᠢᠷᠢ ᠲᠠᠲᠠᠬᠤ ᠬᠦᠴᠦᠨ ᠢᠶᠠᠷ ᠠᠨᠠᠢ᠂ ᠬᠡᠰᠡᠭ ᠠᠵᠢᠯ ᠤᠨ ᠪᠠᠶᠢᠷᠢ ᠳᠤ ᠨᠢ ᠨᠡᠷ᠎ᠡ | ᠮᠡᠳᠡᠭᠦᠯᠦᠭᠰᠡᠨ ᠬᠦᠮᠦᠨ ᠠᠯᠠᠭ᠎ᠠ᠃ | ᠲᠤᠰ ᠤᠳᠠᠭᠠᠨ ᠤ ᠲᠦᠷᠦ ᠶᠢᠨ ᠠᠯᠪᠠᠲᠠᠨ ᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 10 ᠰᠠᠷ᠎ᠠ ᠶᠢᠨ 24 ᠤ 24 | ᠴᠠᠭ ᠲᠤ ᠳᠠᠭᠤᠰᠴᠤ᠂ 10 ᠰᠠᠷ᠎ᠠ ᠶᠢᠨ 28 ᠤ 8 ᠴᠠᠭ ᠠᠴᠠ ᠰᠡᠭᠦᠯᠡᠷ ᠨᠡᠷ᠎ᠡ ᠮᠡᠳᠡᠭᠦᠯᠦᠭᠰᠡᠳ ᠬᠦᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ ᠤ ᠰᠦᠯᠵᠢᠶᠡᠨ ᠳᠤ ᠭᠠᠷᠴᠤ ᠪᠠᠶᠢᠴᠠᠭᠠᠵᠤ ᠯᠠᠪᠯᠠᠵᠤ ᠪᠣᠯᠤᠨ᠎ᠠ᠃ |