ᠮᠤᠩᠭᠤᠯ ᠤᠶᠤᠳᠠᠳ - ᠰᠢᠯᠭᠠᠯᠲᠠ
ᠬᠦᠬᠡᠬᠤᠲᠠ ᠨᠡᠶᠢᠭᠡᠮ ᠳᠡᠭᠡᠷ᠎ᠡ ᠠᠴᠠ 164 ᠠᠵᠢᠯᠲᠠᠨ ᠡᠯᠰᠡᠬᠦ ᠪᠠᠷ ᠪᠣᠢ
     ᠬᠦᠬᠡᠬᠤᠳᠠ ᠶᠢᠨ ᠠᠵᠢᠯᠲᠠᠨ ᠤ ᠪᠣᠯᠪᠠᠰᠤᠷᠠᠯ ᠰᠢᠯᠭᠠᠯᠲᠠ ᠶᠢᠨ ᠲᠦᠪ ᠠᠴᠠ ᠣᠢᠢᠯᠠᠭᠠᠭᠰᠠᠨ ᠢᠶᠠᠷ᠂ ︽ᠬᠦᠬᠡᠬᠤᠲᠠ ᠶᠢᠨ ᠠᠵᠢᠯ  ᠦᠢᠯᠡᠰ ᠤᠨ ᠪᠠᠶᠢᠭᠤᠯᠤᠯᠭ᠎ᠠ ᠨᠢᠭᠡᠴᠡ ᠶᠢᠨ 2008 ᠣᠨ ᠳᠤ ᠠᠵᠢᠯᠲᠠᠨ ᠡᠯᠰᠡᠬᠦ ᠲᠦᠰᠦᠯ︾ ᠢ ᠦᠨᠳᠦᠰᠦᠯᠡᠨ᠂ ᠬᠦᠬᠡᠬᠤᠲᠠ ᠶᠢᠨ  ᠵᠠᠰᠠᠭ ᠤᠨ ᠣᠷᠳᠤᠨ ᠤ ᠵᠦᠪᠰᠢᠶᠡᠷᠡᠯ ᠢᠶᠠᠷ᠂ ᠬᠦᠬᠡᠬᠤᠲᠠ ᠶᠢᠨ 31 ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠡ ᠨᠡᠶᠢᠭᠡᠮ ᠳᠡᠭᠡᠷ᠎ᠡ   ᠠᠴᠠ ᠢᠯᠡ ᠪᠠᠷ 164 ᠠᠵᠢᠯᠲᠠᠨ ᠡᠯᠰᠡᠵᠦ ᠠᠪᠬᠤ ᠪᠠᠷ ᠪᠣᠢ᠃            ᠣᠢᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠲᠠᠨ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠳ ᠳᠣᠮᠳᠠ ᠵᠡᠷᠭᠡ ᠶᠢᠨ  ᠲᠤᠰᠬᠠᠢ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠢ᠂ ᠨᠤᠲᠤᠭ ᠣᠷᠤᠨ ᠢ ᠨᠢ ᠬᠠᠮᠢᠶᠠᠷᠬᠤ ᠦᠭᠡᠢ᠃ ᠨᠡᠷ᠎ᠡ ᠮᠡᠳᠡᠬᠦᠯᠬᠦ ᠨᠦᠬᠦᠴᠡᠯ ᠢ ︽ᠬᠦᠬᠡᠬᠤᠲᠠ ᠶᠢᠨ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠡ ᠶᠢᠨ 2008 ᠣᠨ ᠤ ᠠᠵᠢᠯᠲᠠᠨ  ᠰᠢᠯᠭᠠᠵᠤ ᠡᠯᠰᠡᠬᠦ ᠳᠦᠭᠦᠮ ᠳᠣᠭᠲᠠᠭᠠᠯ︾ ᠠᠴᠠ ᠯᠠᠪᠯᠠᠭᠠᠷᠠᠢ᠃ ᠨᠡᠷ᠎ᠡ ᠮᠡᠳᠡᠭᠦᠯᠬᠦ ᠬᠤᠭᠤᠴᠠᠭ᠎ᠠ ᠨᠢ 11 ᠰᠠᠷ᠎ᠠ ᠶᠢᠨ 4 — 9  ᠪᠣᠯᠲᠠᠯ᠎ᠠ ︵ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠠᠮᠠᠷᠠᠬᠤ ᠦᠭᠡᠢ︶᠂ ᠡᠳᠦᠷ ᠪᠦᠷᠢ 8᠄ 30  — 12 ᠴᠠᠭ ᠪᠣᠯᠲᠠᠯ᠎ᠠ  ᠂ 14᠄ 30  —17᠄ 30 ᠪᠣᠯᠲᠠᠯ᠎ᠠ᠃ ᠭᠠᠵᠠᠷ  ᠨᠢ᠄ ᠬᠦᠬᠡᠬᠤᠲᠠ ᠶᠢᠨ ᠴᠢᠳᠠᠪᠤᠷᠢᠲᠠᠨ ᠤ ᠦᠢᠯᠡᠴᠢᠯᠡᠭᠡᠨ ᠤ ᠲᠦᠪ ᠤᠨ 3  ᠳᠠᠪᠬᠤᠷ ᠲᠤ ︵ᠬᠦᠬᠡᠬᠤᠲᠠ ᠶᠢᠨ ᠵᠦᠩᠱᠠᠨ ᠪᠠᠷᠠᠭᠤᠨ ᠵᠠᠮ ᠤᠨ ᠬᠦᠬᠡᠬᠤᠲᠠ ᠶᠢᠨ ᠴᠢᠳᠠᠪᠤᠷᠢᠲᠠᠨ ᠤ ᠵᠠᠬ᠎ᠠ ᠳᠡᠯᠭᠡᠭᠦᠷ︶᠃            ᠡᠭᠦᠨ ᠠᠴᠠ ᠭᠠᠳᠠᠨ᠎ᠠ᠂ ᠲᠤᠰ ᠤᠳᠠᠭᠠᠨ ᠤ ᠠᠵᠢᠯᠲᠠᠨ ᠡᠯᠰᠡᠬᠦ ᠰᠢᠯᠭᠠᠯᠲᠠ 11 ᠰᠠᠷ᠎ᠠ ᠶᠢᠨ 23 ᠳᠤ ᠪᠢᠷ ᠤᠨ ᠰᠢᠯᠭᠠᠯᠲᠠ  ᠬᠢᠵᠤ᠂ ᠶᠡᠷᠦ ᠶᠢᠨ ᠮᠡᠳᠡᠯᠭᠡ ᠪᠠ ᠲᠤᠰᠬᠠᠢ ᠮᠡᠷᠭᠡᠵᠢᠯ ᠭᠡᠵᠦ ᠬᠤᠶᠠᠷ ᠲᠦᠷᠦᠯ ᠰᠢᠯᠭᠠᠨ᠎ᠠ᠃ ᠰᠢᠯᠭᠠᠬᠤ ᠰᠤᠷᠤᠭᠴᠢᠳ ︵0471  —  6621436᠂ 6621395︶ ᠭᠡᠳᠡᠭ ᠤᠲᠠᠰᠤ ᠪᠠ ᠬᠦᠬᠡᠬᠤᠲᠠ ᠶᠢᠨ ᠠᠵᠢᠯᠲᠠᠨ ᠤ ᠰᠢᠯᠭᠠᠯᠲᠠ ᠶᠢᠨ ᠰᠦᠯᠵᠢᠶ᠎ᠡ ︵ www.hhpta.com︶᠂ ᠬᠦᠬᠡᠬᠤᠲᠠ ᠵᠢᠨ‌‍ᠴᠢᠳᠠᠪᠤᠷᠢᠲᠠᠨ ᠤ ᠰᠦᠯᠵᠢᠶ᠎ᠠ  ᠪᠠ ᠬᠦᠬᠡᠬᠤᠲᠠ ᠶᠢᠨ ᠵᠠᠰᠠᠭ ᠤᠨ ᠣᠷᠳᠤᠨ ᠤ ᠰᠤᠷᠠᠭ ᠵᠠᠩᠭᠢ ᠶᠢᠨ ᠰᠦᠯᠵᠢᠶ᠎ᠡ ︵ www.huhhot.gov.cn ᠠᠴᠠ ᠰᠢᠯᠭᠠᠯᠲᠠ ᠶᠢᠨ  ᠬᠤᠯᠪᠤᠭᠳᠠᠯ ᠪᠦᠬᠦᠢ ᠵᠦᠢᠯᠡᠰ ᠢ ᠯᠠᠪᠯᠠᠭᠠᠷᠠᠢ᠃  
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号