ᠮᠤᠩᠭᠤᠯ ᠤᠶᠤᠳᠠᠳ - ᠰᠢᠯᠭᠠᠯᠲᠠ
ᠠᠯᠪᠠᠲᠠᠨ ᠤ ᠰᠢᠯᠭᠠᠯᠲᠠ ᠭᠠᠳᠠᠭᠠᠳᠦ ᠠᠴᠠ ᠪᠤᠴᠠᠵᠦ ᠢᠷᠡᠭᠰᠡᠳ ᠲᠤ ᠶᠠᠮᠠᠷ ᠶᠠᠮᠠᠷ ᠰᠡᠬᠡᠭᠡᠷᠡᠭᠦᠯᠦᠯ ᠤᠯᠭᠤᠭᠰᠠᠨ ᠪᠤᠢ︖
    ᠪᠦᠷᠢᠳᠭᠡᠯ ᠢ ᠦᠨᠳᠦᠰᠦᠯᠡᠪᠡᠯ᠂ ᠡᠨᠡ ᠵᠢᠯ ᠤᠯᠤᠰ ᠤᠨ ᠠᠯᠪᠠᠲᠠᠨ ᠤ ᠰᠢᠯᠭᠠᠯᠲᠠ ᠳᠤ ᠤᠷᠤᠯᠴᠠᠭᠰᠠᠨ ᠬᠦᠮᠦᠨ ᠤ ᠲᠤᠭ᠎ᠠ  ᠨᠡᠶᠢᠲᠡ 77.5 ᠲᠦᠮᠡ ᠪᠤᠯᠵᠦ᠂ ᠰᠢᠯᠭᠠᠭᠤᠯᠤᠭᠰᠠᠳ ᠤᠨ ᠲᠤᠭ᠎ᠠ ᠲᠠᠬᠢᠨᠲᠠ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠂  ᠲᠥᠪ ᠤᠨ ᠲᠦᠷᠦ ᠶᠢᠨ ᠪᠠᠶᠢᠭᠤᠯᠤᠯᠭ᠎ᠠ ᠶᠢᠨ ᠡᠨᠡ ᠵᠢᠯ ᠡᠯᠰᠡᠨ  ᠭᠡᠷᠡᠭᠯᠡᠬᠦ ᠠᠯᠪᠠᠲᠠᠨ ᠤ ᠲᠤᠰᠢᠶᠠᠯ ᠤᠨ ᠪᠠᠶᠢᠷᠢ ᠪᠠᠷᠤᠭ 1.35  ᠲᠦᠮᠡ᠂ ᠰᠢᠯᠭᠠᠯᠲᠠ ᠪᠠᠷ ᠡᠯᠰᠡᠨ ᠠᠪᠬᠤ ᠨᠤᠷᠮ᠎ᠠ ᠨᠢ 1.75% ᠪᠤᠯᠤᠨ᠎ᠠ᠃ ᠴᠢᠨᠠᠭᠰᠢᠯᠠᠪᠠᠯ ᠵᠠᠷᠢᠮ ᠲᠤᠰᠢᠶᠠᠯ ᠤᠨ ᠪᠠᠶᠢᠷᠢ ᠶᠢ  4584 ᠬᠦᠮᠦᠨ ᠵᠡᠷᠭᠡ ᠪᠠᠷ ᠪᠤᠯᠢᠶᠠᠯᠳᠤᠵᠦ ᠪᠤᠢ᠂ ᠡᠭᠦᠨ ᠠᠴᠠ ᠡᠨᠡ ᠤᠳᠠᠭ᠎ᠠ ᠶᠢᠨ ᠠᠯᠪᠠᠲᠠᠨ ᠤ ᠰᠢᠯᠭᠠᠯᠲᠠ ᠶᠢᠨ ᠥᠷᠢᠰᠦᠯᠳᠦᠭᠡᠨ  ᠬᠡᠳᠦᠢ ᠰᠢᠷᠦᠭᠦᠨ ᠭᠡᠳᠡᠭ ᠢ ᠮᠡᠳᠡᠵᠦ ᠪᠤᠯᠤᠨ᠎ᠡ᠃       ᠭᠠᠳᠠᠭᠠᠳᠦ ᠠᠴᠠ ᠪᠤᠴᠠᠵᠦ ᠢᠷᠡᠭᠰᠡᠨ ᠴᠢᠳᠠᠪᠤᠷᠢᠲᠠᠨ ᠤ ᠤᠨᠴᠠᠭᠠᠢ ᠴᠢᠨᠠᠷ  ᠠᠴᠠ ᠪᠤᠯᠵᠦ ᠤᠯᠤᠰ ᠤᠨ ᠲᠤᠲᠤᠭᠠᠳᠦ ᠶᠢᠨ ᠮᠠᠰᠢ  ᠤᠯᠠᠨ ᠨᠢᠭᠡᠴᠡ ᠭᠠᠳᠠᠭᠠᠳᠦ ᠠᠴᠠ ᠪᠤᠴᠠᠵᠦ ᠢᠷᠡᠭᠰᠡᠳ ᠲᠤ ᠬᠠᠭᠠᠯᠭ᠎ᠠ ᠪᠠᠨ ᠨᠡᠭᠡᠭᠡᠵᠦ ᠥᠭᠪᠡ᠃  ᠵᠢᠱᠢᠶᠡᠯᠡᠪᠡᠯ ᠾᠧᠨᠠᠨ ᠮᠤᠵᠢ   ᠶᠢᠨ ᠴᠢᠳᠠᠪᠤᠷᠢᠲᠠᠨ ᠤ ᠰᠤᠯᠢᠯᠴᠠᠭᠠᠨ ᠤ ᠲᠥᠪ ᠳᠤᠮᠳᠠᠳᠦ ᠤᠷᠤᠨ  ᠤ ᠴᠢᠳᠠᠪᠤᠷᠢᠲᠠᠨ ᠤ ᠰᠦᠯᠵᠢᠶ᠎ᠡ ᠪᠠᠷ ᠳᠠᠮᠵᠢᠭᠤᠯᠤᠨ ᠪᠦᠬᠦ ᠮᠤᠵᠢ   ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ  ᠶᠢ ᠨᠡᠶᠢᠲᠡᠯᠡᠪᠡ᠂ ᠡᠭᠦᠨ ᠳᠤ ᠾᠧᠨᠠᠨ ᠮᠤᠵᠢ ᠶᠢᠨ ᠰᠢᠭᠤᠳ  ᠬᠠᠷᠢᠶ᠎ᠠ 4 ᠪᠠᠶᠢᠭᠤᠯᠤᠯᠭ᠎ᠠ ᠨᠢᠭᠡᠴᠡ ᠭᠠᠳᠠᠭᠠᠳᠦ ᠠᠴᠠ ᠪᠤᠴᠠᠵᠦ ᠢᠷᠡᠭᠰᠡᠳ ᠠᠴᠠ 14 ᠬᠦᠮᠦᠨ ᠤᠷᠢᠵᠦ ᠬᠡᠷᠡᠭᠯᠡᠨ᠎ᠡ ᠭᠡᠵᠠᠢ᠃  ᠭᠡᠪᠡᠴᠤ ᠶᠡᠷᠦᠩᠬᠡᠢ ᠳᠤᠨᠢ ᠠᠪᠴᠤ ᠬᠡᠯᠡᠪᠡᠯ᠂ ᠬᠠᠰᠢᠯᠠ ᠬᠦᠮᠦᠨ ᠨᠢ ᠤᠯᠠᠳᠠᠭᠠᠳ ᠤᠷᠤᠨ ᠨᠢ ᠴᠦᠬᠡᠳᠡᠵᠦ ᠪᠠᠶᠢᠨ᠎ᠠ᠃     ᠠᠵᠢᠯ ᠤᠯᠬᠤ ᠳᠤ ᠬᠦᠴᠢᠷᠲᠠᠢ ᠠᠯᠪᠠᠲᠠᠨ ᠢᠶᠠᠷ ᠰᠢᠯᠭᠠᠭᠤᠯᠬᠤ ᠨᠢ ᠲᠡᠷᠢᠭᠦᠨ ᠰᠤᠩᠭᠤᠯᠲᠠ ᠪᠤᠯᠵᠦ ᠪᠤᠢ  ︔            ᠤᠢᠢᠷ᠎ᠠ ᠶᠢᠨ ᠡᠳᠦᠷ ᠤᠨ ︽ᠳᠤᠮᠳᠠᠳᠦ ᠤᠯᠤᠰ ᠤᠨ ᠭᠠᠳᠠᠭᠠᠳᠦ ᠠᠴᠠ ᠤᠯᠤᠰ ᠲᠠᠭᠠᠨ ᠪᠤᠴᠠᠵᠦ ᠢᠷᠡᠭᠰᠡᠨ ᠰᠤᠷᠤᠭᠴᠢᠳ ᠤᠨ  ᠠᠵᠢᠯ ᠤᠯᠬᠤ ᠤᠳᠤᠬᠢ ᠪᠠᠶᠢᠳᠠᠯ ᠪᠤᠯᠤᠨ ᠳᠤᠮᠳᠠᠳᠦ ᠤᠯᠤᠰ ᠤᠨ ᠠᠵᠦ ᠠᠬᠤᠢᠢᠯᠠᠯ ᠤᠨ ᠲᠠᠨᠢᠯᠲᠠ︾ ᠭᠡᠰᠡᠨ ᠮᠡᠳᠡᠭᠦᠯᠦᠯᠲᠡ ᠳᠤ᠂  ᠳᠤᠮᠳᠠᠳᠦ ᠤᠯᠤᠰ ᠤᠨ 452 ᠠᠵᠦ ᠠᠬᠤᠢᠢᠯᠠᠯ ᠪᠤᠯᠤᠨ ᠭᠠᠳᠠᠭᠠᠳᠦ ᠠᠴᠠ ᠪᠤᠴᠠᠵᠦ ᠢᠷᠡᠭᠰᠡᠨ 1216 ᠰᠤᠷᠤᠭᠴᠢ ᠳᠤ ᠬᠢᠭᠰᠡᠨ  ᠪᠠᠶᠢᠴᠠᠭᠠᠯᠲᠠ ᠠᠴᠠ ᠦᠵᠡᠪᠡᠯ᠂ ᠪᠠᠶᠢᠴᠠᠭᠠᠭᠳᠠᠭᠰᠠᠨ ᠬᠦᠮᠦᠰ ᠤᠨ 65% ᠨᠢ ᠭᠠᠳᠠᠭᠠᠳᠦ ᠠᠴᠠ ᠪᠤᠴᠠᠵᠦ ᠢᠷᠡᠭᠰᠡᠨ ᠰᠤᠷᠤᠭᠴᠢ   ᠶᠢᠨ ᠬᠤᠪᠤᠷ ᠴᠤᠬᠠᠭ ᠴᠢᠨᠠᠷ ᠠᠯᠬᠤᠮ ᠠᠯᠬᠤᠮ ᠢᠶᠠᠷ ᠪᠠᠭᠤᠷᠠᠬᠤ ᠶᠢ ᠳᠠᠭᠠᠯᠳᠤᠨ ᠠᠵᠢᠯ ᠤᠯᠬᠤ ᠳᠤ ᠬᠦᠴᠢᠷᠲᠠᠢ ᠪᠤᠯᠵᠦ ᠪᠤᠢ  ᠂  ᠭᠠᠳᠠᠭᠠᠳᠦ ᠠᠴᠠ ᠪᠤᠴᠠᠵᠦ ᠢᠷᠡᠭᠰᠡᠳ ᠤᠨ ᠰᠠᠭᠤᠷᠢ ᠴᠠᠯᠢᠩ ᠤᠨ ᠬᠡᠮᠵᠢᠶ᠎ᠡ ᠦᠷᠭᠦᠯᠵᠢᠯᠡᠨ ᠬᠠᠰᠤᠭᠳᠠᠵᠦ᠂ ᠡᠨᠡ ᠵᠢᠯ 3000  ᠲᠥᠭᠦᠷᠢᠭ ᠯᠡ ᠪᠤᠯᠵᠦ᠂ ᠳᠤᠮᠳᠠᠳᠦ ᠤᠯᠤᠰ ᠤᠨ ᠡᠩ ᠤᠨ ᠶᠡᠭᠡ ᠰᠤᠷᠭᠠᠭᠤᠯᠢ ᠶᠢᠨ ᠲᠤᠰ ᠵᠢᠯ ᠲᠡᠬᠦᠰᠦᠭᠰᠡᠨ ᠤᠶᠤᠲᠠᠨ ᠤ ᠬᠢ ᠲᠠᠢ  ᠳᠡᠮᠡᠢ ᠵᠥᠷᠢᠶ᠎ᠡ ᠦᠬᠡᠢ ᠪᠤᠯᠵᠠᠢ᠃ ᠤᠯᠠᠩᠬᠢ ᠠᠵᠦ ᠠᠬᠤᠢᠢᠯᠠᠯ ᠭᠠᠳᠠᠭᠠᠳᠦ ᠠᠴᠠ ᠪᠤᠴᠠᠵᠦ ᠢᠷᠡᠭᠰᠡᠡ ᠴᠢᠳᠠᠪᠤᠷᠢᠲᠠᠨ ᠢ ᠬᠡᠷᠡᠭᠯᠡᠬᠦ  ᠠᠰᠠᠭᠤᠳᠠᠯ ᠳᠤ ᠨᠠᠵᠠᠭᠠᠢ ᠤᠪᠤᠷ ᠲᠠᠢ ᠪᠠᠶᠢᠨ᠎ᠠ᠃            ᠭᠠᠳᠠᠭᠠᠳᠦ ᠠᠴᠠ ᠪᠤᠴᠠᠵᠦ ᠢᠷᠡᠭᠰᠡᠡ ᠴᠢᠳᠠᠪᠤᠷᠢᠲᠠᠨ ᠢ ᠬᠡᠷᠡᠭᠯᠡᠬᠦ ᠳᠤᠷ᠎ᠡ ᠦᠭᠡᠢ ᠪᠠᠶᠢᠬᠤ ᠶᠢᠨ ᠰᠢᠯᠲᠠᠭᠠᠨ ᠲᠤᠲᠤᠷ᠎ᠡ ︽ᠲᠡᠶᠢᠮᠤ  ᠴᠢᠬᠤᠯᠠ ᠦᠭᠡᠢ︾ ᠭᠡᠵᠦ ᠬᠠᠷᠢᠭᠤᠯᠵᠦ ᠪᠠᠶᠢᠭ᠎ᠠ ᠨᠢ ᠬᠠᠭᠠᠰ ᠢᠯᠡᠭᠦᠤ ᠶᠢ ᠡᠵᠡᠯᠡᠵᠦ ᠪᠠᠶᠢᠨ᠎ᠠ᠂ ︽ᠴᠠᠯᠢᠩ ᠤᠨ ᠬᠡᠮᠵᠢᠶᠡᠨ ᠤ  ᠱᠠᠭᠠᠷᠳᠠᠯᠭ᠎ᠠ ᠨᠢ ᠦᠨᠳᠦᠷ ᠰᠢᠭ ᠪᠠᠶᠢᠨ᠎ᠠ︾ ᠭᠡᠵᠦ ᠪᠠᠶᠢᠬᠤ ᠨᠢ 39.7% ᠶᠢ ᠡᠵᠡᠯᠡᠵᠦ ᠪᠠᠶᠢᠨ᠎ᠡ ᠭᠡᠵᠠᠢ᠃ ᠳᠡᠳ᠋ ᠵᠡᠷᠭᠡ ᠶᠢᠨ  ᠪᠠᠷᠢᠴᠠᠭᠠᠲᠦ ᠵᠢᠭᠡᠯᠡᠯᠭᠡ ᠶᠢᠨ ᠬᠢᠮᠤᠷᠠᠯ ᠠᠴᠠ ᠪᠤᠯᠤᠭᠰᠠᠨ ᠪᠦᠬᠦ ᠪᠦᠮᠪᠦᠷᠴᠡᠭ ᠤᠨ ᠠᠵᠦ ᠠᠬᠤᠢ ᠶᠢᠨ ᠳᠤᠷᠦ᠋ᠢᠲᠠᠯ ᠤᠨ ᠤᠴᠢᠷ ᠢᠶᠠᠷ  ᠤᠯᠤᠰ ᠤᠨ ᠲᠤᠲᠤᠭᠠᠳᠦ ᠶᠢᠨ ᠲᠤᠮᠤ ᠠᠵᠦ ᠠᠬᠤᠢᠢᠯᠠᠯ ᠤᠨ ᠭᠠᠳᠠᠭᠠᠳᠦ ᠠᠴᠠ ᠪᠤᠴᠠᠵᠦ ᠢᠷᠡᠭᠰᠡᠨ ᠴᠢᠳᠠᠪᠤᠷᠢᠲᠠᠨ ᠢ ᠬᠡᠷᠡᠭᠯᠡᠬᠦ  ᠬᠡᠷᠡᠭᠴᠡᠭᠡ ᠱᠠᠭᠠᠷᠳᠠᠯᠭ᠎ᠠ ᠪᠠᠭᠠᠰᠪᠠ᠂ ᠡᠶᠢᠮᠤ ᠠᠴᠠ᠂ ᠠᠯᠪᠠᠲᠠᠨ ᠡᠯᠰᠡᠬᠦ ᠰᠢᠯᠭᠠᠯᠲᠠ ᠳᠤ ᠤᠷᠤᠯᠴᠠᠬᠤ ᠨᠢ ᠭᠠᠳᠠᠭᠠᠳᠦ  ᠠᠴᠠ ᠪᠤᠴᠠᠵᠦ  ᠢᠷᠡᠭᠰᠡᠨ ᠴᠢᠳᠠᠪᠤᠷᠢᠲᠠᠨ ᠤ ᠠᠵᠢᠯ ᠤᠯᠬᠤ ᠲᠡᠷᠢᠭᠦᠨ ᠰᠤᠩᠭᠤᠯᠲᠠ ᠪᠤᠯᠵᠠᠢ᠃            ᠡᠭᠦᠨ ᠤ ᠰᠢᠯᠲᠠᠭᠠᠨ ᠨᠢ ᠶᠡᠭᠡ ᠲᠥᠯᠥᠪ ᠡᠶᠢᠮᠤ ᠪᠠᠶᠢᠨ᠎ᠡ᠄ ᠨᠢᠭᠡ ᠳᠤ ᠠᠯᠪᠠᠲᠠᠨ ᠪᠤᠯᠬᠤ ᠨᠢ ᠠᠵᠢᠯ ᠲᠤᠭᠲᠠᠭᠤᠨ ᠪᠦᠭᠡᠳ ᠠᠶᠤᠯ  ᠲᠦᠭᠰᠢᠭᠦᠷᠢ ᠦᠭᠡᠢ᠂ ᠬᠤᠵᠢᠮ ᠠᠮᠢᠳᠤᠷᠠᠯ ᠤᠨ ᠳᠠᠷᠤᠯᠲᠠ ᠪᠠᠭ᠎ᠠ᠂ ᠶᠡᠭᠡ ᠪᠠᠲᠤᠯᠠᠭ᠎ᠠ ᠲᠠᠢ᠂ ᠭᠠᠳᠠᠭᠠᠳᠦ ᠤᠯᠤᠰ ᠲᠤ ᠠᠮᠢ ᠴᠦᠯᠡᠨ  ᠲᠡᠮᠡᠴᠡᠬᠦ ᠲᠠᠢ ᠬᠠᠷᠢᠴᠠᠭᠤᠯᠪᠠᠯ ᠰᠢᠯᠭᠠᠯᠲᠠ ᠪᠠᠷ ᠳᠠᠮᠵᠢᠭᠠᠳ ᠠᠯᠪᠠᠲᠠᠨ ᠪᠤᠯᠴᠢᠬᠠᠪᠠᠯ ᠬᠤᠵᠢᠮ ᠵᠤᠪᠠᠭ᠋ᠤ ᠤᠴᠢᠷ ᠦᠭᠡᠢ ᠪᠤᠯᠤᠨ᠎ᠠ᠃  ᠬᠤᠶᠠᠷ ᠲᠤ ᠴᠠᠯᠢᠩ ᠬᠥᠯᠥᠰᠦ ᠨᠢ ᠬᠠᠷᠢᠴᠠᠩᠭᠤᠢ ᠪᠠᠷ ᠦᠨᠳᠦᠷ᠃ ᠤᠳᠤ ᠳᠡᠯᠡᠬᠡᠢ ᠶᠢᠨ ᠤᠯᠠᠩᠬᠢ ᠠᠵᠦ ᠠᠬᠤᠢᠢᠯᠠᠯ ᠪᠦᠷ  ᠠᠵᠢᠯᠲᠠᠨ ᠢᠶᠠᠨ ᠴᠥᠭᠡᠳᠬᠡᠵᠦ ᠴᠠᠯᠢᠩ ᠢ ᠬᠠᠰᠤᠵᠦ ᠪᠠᠶᠢᠨ᠎ᠠ᠂ ᠭᠡᠬᠦ ᠳᠤ ᠳᠤᠮᠳᠠᠳᠦ ᠤᠯᠤᠰ ᠤᠨ ᠠᠯᠪᠠᠲᠠᠨ ᠤ ᠴᠠᠯᠢᠩ ᠤᠳᠤ ᠶᠠᠭ  ᠬᠤᠶᠠᠳᠠᠬᠢ ᠤᠳᠠᠭ᠎ᠠ ᠥᠰᠬᠦ ᠭᠡᠵᠦ ᠪᠤᠢ᠂ ᠪᠦᠬᠦ ᠪᠦᠮᠪᠦᠷᠴᠡᠭ ᠤᠨ ᠪᠠᠶᠢᠳᠠᠯ ᠲᠠᠢ ᠬᠠᠷᠢᠴᠠᠭᠤᠯᠪᠠᠯ ᠬᠠᠬᠢᠷ ᠡᠪᠦᠯ ᠥᠩᠭᠡᠷᠡᠵᠦ  ᠤᠷᠢᠬᠠᠨ ᠬᠠᠪᠤᠷ ᠢᠷᠡᠵᠦ ᠪᠠᠶᠢᠨ᠎ᠡ ᠭᠡᠯᠲᠠᠢ᠃ ᠭᠤᠷᠪᠠ ᠳᠤ ᠨᠡᠶᠢᠭᠡᠮ ᠤᠨ ᠪᠠᠶᠢᠷᠢ ᠰᠠᠭᠤᠷᠢ ᠳᠠᠪᠠᠭᠤᠯᠢᠭ᠃ ᠳᠤᠮᠳᠠᠳᠦ ᠤᠯᠤᠰ ᠲᠤ ︽ ᠰᠢᠯᠢᠳᠡᠭ ᠢᠨᠤ ᠲᠠᠪᠰᠢᠮᠤᠢ︾ ᠬᠡᠬᠦ ᠦᠵᠡᠯ ᠰᠠᠨᠠᠭ᠎ᠠ ᠲᠦᠢᠯ ᠤᠨ ᠶᠡᠭᠡ ᠪᠠᠶᠢᠳᠠᠭ᠂ ᠰᠢᠯᠭᠠᠯᠲᠠ ᠪᠠᠷ ᠳᠠᠮᠵᠢᠨ ᠥᠪᠰᠢᠵᠦ ᠲᠡᠪᠰᠢᠨ᠎ᠡ ᠃ ᠠᠯᠪᠠᠲᠠᠨ ᠨᠢ ᠵᠠᠰᠠᠭ ᠤᠨ ᠤᠷᠳᠤᠨ ᠤ ᠤᠷᠤᠨ ᠲᠤᠭᠠᠨ ᠳᠠᠬᠢ ᠪᠦᠷᠢᠯᠳᠦᠭᠦᠨ ᠪᠤᠯᠬᠤᠷ ᠵᠡᠷᠭᠡ ᠳᠡᠪᠰᠢᠬᠦ ᠪᠤᠯᠤᠯᠴᠠᠭ᠎ᠠ ᠶᠡᠭᠡ ᠪᠦᠭᠡᠳ  ᠤᠷᠤᠯᠭ᠎ᠠ ᠨᠢ ᠴᠤ ᠶᠡᠬᠡᠪᠡᠷ ᠥᠰᠴᠤ ᠮᠡᠳᠡᠨ᠎ᠡ᠃          ᠶᠠᠭᠠᠬᠢᠵᠦ ᠠᠷᠭᠠᠴᠠᠬᠤ᠄ ᠳᠠᠪᠠᠭᠤᠯᠢᠭ ᠲᠠᠯ᠎ᠠ ᠪᠠᠷ ᠢᠶᠠᠨ ᠬᠦᠷᠦᠯᠴᠡᠬᠦ ᠦᠭᠡᠢ ᠲᠠᠯ᠎ᠡ ᠪᠠᠨ ᠨᠦᠬᠦᠪᠦᠷᠢᠯᠡᠨ᠎ᠡ            ᠭᠠᠳᠠᠭᠠᠳᠦ ᠠᠴᠠ ᠪᠤᠴᠠᠵᠦ ᠢᠷᠡᠭᠰᠡᠳ ᠵᠢᠯ ᠲᠤᠷᠰᠢ ᠬᠠᠷᠢ ᠤᠯᠤᠰ ᠲᠤ ᠠᠮᠢᠳᠤᠷᠠᠵᠦ ᠪᠠᠶᠢᠭᠰᠠᠨ ᠪᠤᠯᠬᠤᠷ ᠤᠯᠤᠰ ᠤᠨ  ᠲᠤᠲᠤᠭᠠᠳᠦ ᠶᠢᠨ ᠮᠦᠨ ᠠᠳᠠᠯᠢᠬᠠᠨ ᠠᠯᠪᠠᠲᠠᠨ ᠤ ᠰᠢᠯᠭᠠᠯᠲᠠ ᠳᠤ ᠤᠷᠤᠯᠴᠠᠵᠦ ᠪᠠᠶᠢᠬᠤ ᠥᠷᠢᠰᠦᠯᠳᠦᠭᠴᠢ ᠲᠠᠢ ᠬᠠᠷᠢᠴᠭᠤᠯᠪᠠᠯ  ᠵᠤᠬᠢᠬᠤ ᠬᠡᠮᠵᠢᠶᠡᠨ ᠤ ᠪᠠᠭᠤᠷᠠᠢ ᠲᠠᠯ᠎ᠠ ᠲᠠᠢ᠃ ᠨᠢᠭᠡ ᠳᠤ᠂ ᠦᠰᠦᠭ ᠪᠢᠴᠢᠭ ᠤᠨ ᠤᠢᠢᠯᠠᠭᠠᠬᠤ ᠴᠢᠳᠠᠪᠤᠷᠢ ᠪᠠ ᠢᠯᠡᠳᠭᠡᠬᠦ ᠴᠢᠳᠠᠪᠤᠷᠢ  ᠲᠡᠶᠢᠮᠤ ᠰᠠᠶᠢᠨ ᠪᠢᠰᠢ᠂ ᠬᠢᠲᠠᠳ ᠬᠡᠯᠡᠨ ᠤ ᠢᠯᠡᠳᠭᠡᠬᠦ ᠠᠷᠭ᠎ᠠ ᠨᠢ ᠳᠦᠷᠢᠮᠵᠢᠭᠰᠡᠨ᠂ ᠭᠦᠨ ᠨᠠᠷᠢᠨ ᠪᠢᠰᠢ᠃ ᠬᠤᠶᠠᠷ ᠲᠤ᠂  ᠤᠯᠤᠰ ᠤᠨ ᠤᠳᠤᠬᠠᠨ ᠤ ᠲᠦᠷᠦ ᠶᠢᠨ ᠪᠤᠳᠤᠯᠭ᠎ᠠ ᠴᠢᠭᠯᠡᠯᠲᠡ ᠶᠢ ᠤᠢᠢᠯᠠᠭᠠᠬᠤ ᠦᠭᠡᠢ᠂ ᠴᠢᠭᠯᠡᠯᠲᠡ ᠶᠢ ᠡᠵᠡᠮᠰᠢᠬᠦ ᠲᠠᠯ᠎ᠠ ᠪᠠᠷ  ᠬᠡᠯᠪᠠᠶᠢᠷᠡᠯ ᠲᠠᠢ᠃ ᠭᠤᠷᠪᠠ ᠳᠤ᠂ ᠤᠯᠤᠰ ᠤᠨ ᠪᠠᠶᠢᠳᠠᠯ ᠢ ᠤᠢᠢᠯᠠᠭᠠᠬᠤ ᠦᠭᠡᠢ᠂ ᠰᠢᠯᠭᠠᠯᠲᠠ ᠶᠢᠨ ᠰᠡᠳᠦᠪ ᠬᠠᠷᠢᠭᠤᠯᠬᠤ ᠳᠠᠭᠠᠨ  ᠨᠡᠶᠢᠭᠡᠮ ᠤᠨ ᠪᠤᠳᠠᠲᠦ ᠪᠠᠶᠢᠳᠠᠯ ᠲᠠᠢ ᠤᠶᠠᠯᠳᠤᠭᠤᠯᠵᠦ ᠴᠢᠳᠠᠬᠤ ᠦᠭᠡᠢ᠂ ᠨᠡᠶᠢᠭᠡᠮ ᠤᠨ ᠠᠰᠠᠭᠤᠳᠠᠯ ᠢ ᠲᠦᠷᠭᠡᠨ ᠠᠷᠭᠠᠴᠠᠬᠤ  ᠴᠢᠳᠠᠪᠤᠷᠢ ᠪᠠᠷ ᠲᠤᠲᠠᠮᠠᠭ᠃            ᠭᠡᠪᠡᠴᠤ ᠭᠠᠳᠠᠭᠠᠳᠦ ᠠᠴᠠ ᠪᠤᠴᠠᠵᠦ ᠢᠷᠡᠭᠰᠡᠳ ᠴᠤ ᠭᠤᠳᠤᠷᠠᠨ ᠵᠤᠪᠠᠵᠦ ᠭᠤᠷᠢ ᠲᠠᠰᠤᠷᠠᠬᠤ ᠬᠡᠷᠡᠭ ᠦᠭᠡᠢ᠃ ᠤᠴᠢᠷ ᠨᠢ  ᠲᠡᠳᠡᠨ ᠳᠤ ᠴᠤ ᠮᠠᠰᠢ ᠠᠷᠪᠢᠨ ᠳᠠᠪᠠᠭᠤᠯᠢᠭ ᠲᠠᠯ᠎ᠠ ᠪᠠᠶᠢᠬᠤ ᠶᠤᠮ᠃ ᠵᠢᠱᠢᠶᠡᠯᠡᠪᠡᠯ ᠲᠡᠳᠡ ᠳᠡᠯᠡᠬᠡᠶᠢᠵᠢᠭᠰᠡᠨ ᠬᠠᠷᠠᠴᠠ ᠲᠠᠢ᠂  ᠭᠠᠳᠠᠭᠠᠳᠦ ᠶᠢᠨ ᠵᠠᠬ᠎ᠠ ᠳᠠᠯᠭᠡᠭᠦᠷ ᠤᠨ ᠤᠷᠴᠢᠨ ᠲᠤᠭᠤᠷᠢᠨ ᠪᠤᠯᠤᠨ ᠭᠠᠳᠠᠭᠠᠳᠦ ᠬᠡᠯᠡ ᠶᠢ ᠰᠠᠶᠢᠨ ᠮᠡᠳᠡᠨ᠎ᠡ᠂ ᠡᠭᠦᠨ ᠢ ᠪᠤᠯ  ᠤᠯᠤᠰ ᠤᠨ ᠲᠤᠲᠤᠭᠠᠳᠦ ᠶᠢᠨ ᠦᠷᠢᠰᠦᠯᠳᠦᠭᠴᠢ ᠲᠠᠢ ᠠᠳᠠᠯᠢᠳᠬᠠᠬᠤ ᠶᠢᠨ ᠠᠷᠭ᠎ᠠ ᠦᠭᠡᠢ ᠶᠤᠮ᠃ ᠡᠶᠢᠮᠤ ᠪᠤᠯᠬᠤᠷ᠂ ᠭᠠᠳᠠᠭᠠᠳᠦ   ᠠᠴᠠ ᠪᠤᠴᠠᠵᠦ ᠢᠷᠡᠭᠰᠡᠳ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠦ᠂ ᠳᠠᠪᠠᠭᠤᠯᠢᠭ ᠲᠠᠯ᠎ᠠ ᠪᠠᠷ ᠢᠶᠠᠨ ᠬᠦᠷᠦᠯᠴᠡᠬᠦ ᠦᠭᠡᠢ ᠲᠠᠯ᠎ᠠ   ᠪᠠᠨ ᠨᠥᠬᠦᠪᠦᠷᠢᠯᠡᠪᠡᠯ ᠵᠤᠬᠢᠨ᠎ᠠ᠃ ᠨᠢᠭᠡ ᠳᠤ᠂ ᠬᠠᠷᠠᠴᠠ ᠪᠠᠨ ᠠᠭᠤᠳᠠᠮ ᠲᠠᠯᠪᠢᠬᠤ ᠬᠡᠷᠡᠭᠲᠠᠢ᠂ ᠠᠯᠪᠠᠲᠠᠨ ᠤ ᠠᠵᠢᠯ ᠤᠨ ᠪᠠᠶᠢᠷᠢ ᠶᠢ  ᠰᠤᠩᠭᠤᠬᠤ ᠳᠠᠭᠠᠨ ᠬᠠᠯᠠᠮᠰᠢᠯ ᠬᠤᠲᠠ ᠶᠢᠨ ᠬᠠᠯᠠᠮᠰᠢᠯ ᠠᠵᠢᠯ ᠤᠨ ᠪᠠᠶᠢᠷᠢ ᠳᠡᠭᠡᠷ᠎ᠡ ᠤᠪᠤᠭᠠᠷᠠᠬᠤ ᠬᠡᠷᠡᠭ ᠦᠭᠡᠢ᠂ ᠡᠨᠡ ᠵᠢᠯ ᠤᠨ  ᠠᠯᠪᠠᠲᠠᠨ ᠤ ᠰᠢᠯᠭᠠᠯᠲᠠ ᠶᠢᠨ ᠨᠡᠷ᠎ᠡ ᠮᠡᠳᠡᠭᠦᠯᠬᠦ ᠲᠤᠰᠢᠶᠠᠯ ᠤᠨ ᠪᠠᠶᠢᠷᠢ ᠳᠤ ︽ᠬᠠᠯᠠᠭᠤᠨ ᠴᠤ ᠦᠭᠡᠢ ᠬᠦᠢᠲᠡᠨ ᠴᠤ ᠦᠭᠡᠢ︾  ᠦᠵᠡᠭᠳᠡᠯ ᠰᠦᠷᠡᠬᠡᠢ ᠤᠷᠤᠰᠢᠵᠦ ᠪᠠᠶᠢᠨ᠎ᠠ᠂ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭᠠᠬᠢ ᠲᠤᠬᠢᠷᠠᠭᠤᠯᠤᠯᠲᠠ  ᠬᠢᠬᠦ ᠮᠡᠳᠡᠭᠡ ᠵᠠᠩᠭᠢ ᠶᠢ ᠠᠩᠬᠠᠷᠬᠤ ᠬᠡᠷᠡᠭᠲᠠᠢ᠃ ᠬᠤᠶᠠᠷ ᠲᠤ᠂ ᠪᠤᠳᠤᠯ ᠰᠡᠳᠭᠢᠴᠡ ᠪᠠᠨ ᠵᠤᠬᠢᠴᠠᠭᠤᠯᠬᠤ ᠬᠡᠷᠡᠭᠲᠠᠢ᠂ ᠬᠢᠷᠢ  ᠪᠦᠲᠦᠮᠵᠢ ᠴᠢᠨᠢ ᠥᠨᠳᠦᠷ ᠪᠢᠰᠢ ᠪᠤᠯ ᠶᠡᠭᠡ ᠳᠤ ᠰᠠᠨᠠᠭᠠᠷᠬᠠᠵᠦ ᠪᠤᠯᠬᠤ ᠦᠭᠡᠢ᠃ ᠪᠦᠬᠦ ᠲᠠᠯ᠎ᠡ ᠪᠠᠷ ᠪᠡᠯᠡᠳᠭᠡᠯ ᠬᠢᠭᠰᠡᠨ ᠰᠠᠭᠤᠷᠢᠨ  ᠳᠡᠭᠡᠷ᠎ᠠ ᠳᠠᠷᠠᠭᠠᠬᠢ ᠲᠠᠬᠢᠨ ᠰᠢᠯᠭᠠᠬᠤ᠂ ᠨᠢᠭᠤᠷᠳᠠᠨ ᠰᠢᠯᠭᠠᠬᠤ ᠰᠢᠯᠭᠠᠯᠲᠠ ᠳᠤ ᠢᠲᠡᠪᠬᠢᠲᠠᠢ ᠪᠦᠭᠡᠳ ᠪᠠᠶᠠᠰᠤᠩᠭᠤᠢ ᠪᠠᠷ ᠤᠷᠤᠯᠴᠠᠵᠦ  ᠂ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠬᠡᠷᠡᠭᠲᠠᠢ᠃ ᠭᠤᠷᠪᠠ ᠳᠤ᠂ ᠠᠵᠢᠯ ᠤᠨ ᠪᠠᠶᠢᠷᠢ ᠶᠢᠨ ᠤᠨᠴᠠᠯᠢᠭ ᠰᠢᠨᠵᠢ᠂  ᠥᠪᠡᠷ ᠤᠨ ᠪᠡᠶ᠎ᠡ ᠪᠤᠯᠤᠨ ᠥᠷᠢᠰᠦᠯᠳᠦᠭᠴᠢ ᠶᠢᠨ ᠲᠠᠪᠠᠭᠤᠯᠢᠭ ᠲᠠᠯ᠎ᠠ ᠪᠠ ᠬᠦᠷᠦᠯᠴᠡᠬᠦ ᠦᠭᠡᠢ ᠲᠠᠯ᠎ᠠ ᠶᠢ ᠪᠤᠰᠤᠳᠴᠢ ᠪᠠᠷ ᠵᠠᠳᠠᠯᠤᠨ  ᠰᠢᠨᠵᠢᠵᠦ᠂ ᠥᠷᠢᠰᠦᠯᠳᠦᠭᠡᠨ ᠳᠤ ᠤᠷᠤᠯᠴᠠᠬᠤ ᠠᠷᠭ᠎ᠠ ᠪᠤᠳᠤᠯᠭ᠎ᠠ ᠪᠠᠨ ᠢᠲᠡᠪᠬᠢᠲᠠᠢ ᠪᠠᠷ ᠲᠤᠬᠢᠷᠠᠭᠤᠯᠪᠠᠯ ᠯᠠᠪᠲᠠᠢ ᠤᠷᠤᠨ ᠪᠠᠶᠢᠷᠢ  ᠤᠯᠵᠦ ᠴᠢᠳᠠᠨ᠎ᠠ᠃ ᠬᠠᠮᠤᠭ ᠤᠨ ᠰᠡᠭᠦᠯ ᠳᠤᠨᠢ ᠠᠵᠢᠯ ᠤᠨ ᠲᠤᠷᠰᠢᠯᠭ᠎ᠠ ᠲᠠᠢ᠂ ᠢᠯᠠᠩᠭᠤᠶ᠎ᠠ ᠬᠠᠷᠢ ᠤᠯᠤᠰ ᠲᠤ ᠠᠵᠢᠯᠯᠠᠭᠰᠠᠨ  ᠲᠤᠷᠰᠢᠯᠭ᠎ᠠ ᠲᠠᠢ ᠭᠠᠳᠠᠭᠠᠳᠦ ᠠᠴᠠ ᠪᠤᠴᠠᠵᠦ ᠢᠷᠡᠭᠰᠡᠨ ᠬᠦᠮᠦᠨ ᠪᠤᠯ ᠡᠯ᠎ᠡ ᠭᠠᠵᠠᠷ ᠡᠯ᠎ᠡ ᠠᠵᠢᠯ ᠲᠥᠷᠥᠯ ᠤᠨ ᠪᠤᠯᠢᠶᠠᠯᠳᠤᠬᠤ ︽ ᠤᠯᠳᠠᠰᠢ ᠦᠭᠡᠢ ᠤᠷᠬᠤᠳᠠᠢ︾ ᠮᠥᠨ ᠭᠡᠳᠡᠭ ᠢ ᠰᠡᠷᠭᠡᠭ ᠢᠶᠠᠷ ᠲᠠᠨᠢᠵᠦ ᠮᠡᠳᠡᠬᠦ ᠬᠡᠷᠡᠭᠲᠠᠢ᠃ ᠡᠭᠦᠨ ᠢ ᠤᠯᠤᠰ ᠤᠨ ᠲᠤᠲᠤᠭᠠᠳᠦ ᠶᠢᠨ   ᠬᠢᠨ ᠵᠠᠯᠭ᠎ᠠ ᠵᠠᠯᠭ᠎ᠠ ᠪᠠᠷ ᠪᠦᠯᠬᠦᠮ ᠵᠤᠬᠢᠶᠠᠨ ᠪᠠᠶᠢᠭᠤᠯᠵᠦ ᠡᠸᠦ᠋ᠷᠤᠫᠠ ᠠᠮᠧᠷᠢᠺᠠ ᠲᠢᠪ ᠲᠤ ᠬᠦᠷᠴᠤ ᠴᠢᠳᠠᠪᠤᠷᠢᠲᠠᠨ ᠪᠤᠯᠢᠶᠠᠯᠳᠤᠵᠦ  ᠪᠠᠶᠢᠬᠤ ᠠᠴᠠ ᠮᠡᠳᠡᠵᠦ ᠪᠤᠯᠬᠤ ᠶᠤᠮ᠃  ᠁
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号