ᠰᠤᠷᠭᠠᠨ ᠬᠦᠮᠦᠵᠢᠯ ᠤᠨ ᠶᠠᠮᠤᠨ ᠪᠤᠯᠤᠨ ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠨᠢ ᠤᠷᠴᠢᠮ | ᠬᠤᠯᠪᠤᠭᠠᠯᠠᠨ ᠮᠡᠳᠡᠭᠳᠡᠯ ᠪᠠᠭᠤᠯᠭᠠᠵᠤ᠂ 2009 ᠤᠨ ᠤ ᠠᠰᠫᠢᠷᠠᠨᠲ ᠡᠯᠰᠡᠬᠦ ᠲᠦᠯᠦᠪᠯᠡᠭᠡ ᠶᠢ ᠲᠡᠭᠡᠷ᠎ᠡ ᠵᠢᠯ ᠤᠨ ᠬᠢ ᠠᠴᠠ ᠪᠠᠨ | 5% ᠢᠶᠠᠷ ᠨᠡᠮᠡᠭᠳᠡᠭᠦᠯᠬᠦ ᠪᠠᠷ ᠲᠤᠬᠢᠷᠠᠭᠤᠯᠵᠤ᠂ ᠳ᠋ᠤᠺᠲ᠋ᠤᠷ ᠡᠯᠰᠡᠬᠦ ᠲᠦᠯᠦᠪᠯᠡᠭᠡ ᠶᠢ ᠲᠡᠭᠡᠷ᠎ᠡ ᠵᠢᠯ ᠤᠨ ᠬᠢ ᠠᠴᠠ 1.7% ᠢᠶᠠᠷ | ᠨᠡᠮᠡᠭᠳᠡᠭᠦᠯᠬᠦ ᠪᠠᠷ ᠲᠤᠬᠢᠷᠠᠭᠤᠯᠬᠤ ᠬᠡᠷᠡᠭᠳᠡᠢ ᠭᠡᠵᠦ ᠱᠠᠭᠠᠷᠳᠠᠵᠠᠢ᠃ ᠮᠡᠳᠡᠭᠳᠡᠯ ᠳᠤ 2009 ᠤᠨ ᠤ ᠠᠰᠫᠢᠷᠠᠨᠲ ᠤᠨ ᠰᠤᠷᠭᠠᠨ | ᠬᠦᠮᠦᠵᠢᠯ ᠤᠨ ᠦᠢᠯᠡᠰ ᠤᠨ ᠬᠦᠭᠵᠢᠯᠳᠡ ᠨᠢ ᠳ᠋ᠤᠺᠲ᠋ᠤᠷ ᠡᠯᠰᠡᠬᠦ ᠬᠡᠪᠴᠢᠶ᠎ᠡ ᠶᠢ ᠦᠨᠳᠦᠰᠦᠨ ᠳᠡᠭᠡᠨ ᠲᠤᠭᠳᠠᠭᠤᠨ ᠪᠠᠶᠢᠯᠭᠠᠵᠤ᠂ | ᠠᠰᠫᠢᠷᠠᠨᠲ ᠡᠯᠰᠡᠬᠦ ᠬᠡᠪᠴᠢᠶ᠎ᠡ ᠶᠢ ᠵᠤᠬᠢᠰᠳᠠᠢ ᠨᠡᠮᠡᠭᠳᠡᠭᠦᠯᠵᠦ᠂ ᠪᠦᠳᠦᠴᠡ ᠶᠢ ᠲᠤᠬᠢᠷᠠᠭᠤᠯᠵᠤ᠂ ᠶᠠᠰᠤ ᠴᠢᠨᠠᠷ ᠢ ᠲᠡᠭᠡᠭᠰᠢᠯᠡᠭᠦᠯᠦᠨ᠎ᠡ | ᠭᠡᠵᠦ ᠵᠢᠭᠠᠵᠤ ᠭᠠᠷᠭᠠᠪᠠ᠃ ᠮᠡᠳᠡᠭᠳᠡᠯ ᠳᠤ ᠡᠯ᠎ᠡ ᠨᠢᠭᠡᠴᠡ ᠨᠢ ᠰᠤᠳᠤᠯᠬᠤ ᠰᠤᠷᠤᠭᠴᠢ ᠬᠦᠮᠦᠵᠢᠭᠦᠯᠬᠦ ᠲᠤᠭᠳᠠᠴᠠ ᠶᠢᠨ | ᠦᠭᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠤ᠂ ᠰᠤᠳᠤᠯᠬᠤ ᠰᠤᠷᠤᠭᠴᠢ ᠬᠦᠮᠦᠵᠢᠭᠦᠯᠬᠦ ᠶᠠᠰᠤ ᠴᠢᠨᠠᠷ ᠢ ᠲᠡᠭᠡᠭᠰᠢᠯᠡᠭᠦᠯᠦᠨ᠎ᠡ | ᠂ ᠴᠡᠷᠢᠭ ᠢ ᠬᠦᠴᠦᠷᠬᠡᠭᠵᠢᠭᠦᠯᠬᠦ ᠲᠦᠯᠦᠪᠯᠡᠭᠡ᠂ ᠬᠦᠳᠡᠭᠡ ᠲᠤᠰᠬᠤᠨ ᠤ ᠰᠤᠷᠭᠠᠭᠤᠯᠢ ᠶᠢᠨ ᠰᠤᠷᠭᠠᠨ ᠬᠦᠮᠦᠵᠢᠯ ᠳᠤ ᠠᠰᠫᠢᠷᠠᠨᠲ | ᠪᠠᠭᠰᠢ ᠶᠢ ᠬᠦᠮᠦᠵᠢᠭᠦᠯᠬᠦ ᠲᠦᠯᠦᠪᠯᠡᠭᠡ ᠪᠤᠯᠤᠨ ᠲᠦᠪᠡᠳ ᠢ ᠲᠤᠰᠠᠯᠠᠬᠤ ᠲᠦᠯᠦᠪᠯᠡᠭᠡ ᠶᠢ ᠦᠷᠬᠦᠯᠵᠢᠯᠡᠨ ᠬᠡᠷᠡᠭᠵᠢᠭᠦᠯᠬᠦ ᠪᠦᠭᠡᠳ | 2009 ᠤᠨ ᠤ ᠤᠯᠤᠰ ᠤᠨ ᠰᠤᠷᠤᠭᠴᠢ ᠡᠯᠰᠡᠬᠦ ᠲᠦᠯᠦᠪᠯᠡᠭᠡ ᠳᠤ ᠤᠷᠤᠭᠤᠯᠬᠤ ᠬᠡᠷᠡᠭᠳᠡᠢ ᠭᠡᠵᠦ ᠬᠠᠮᠳᠤ ᠳᠤᠨᠢ ᠱᠠᠭᠠᠷᠳᠠᠪᠠ᠃ | ᠁ |