ᠮᠤᠩᠭᠤᠯ ᠤᠶᠤᠳᠠᠳ - ᠰᠢᠯᠭᠠᠯᠲᠠ
2009 ᠤᠨ ᠤ ᠮᠠᠨ ᠤ ᠤᠷᠤᠨ ᠤ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠭᠤᠯᠬᠤ ᠭᠤᠷᠪᠠᠨ ᠲᠦᠷᠦᠯ ᠤᠨ ᠰᠢᠯᠭᠠᠭᠤᠯᠤᠭᠰᠠᠳ 12 ᠰᠠᠷ᠎ᠠ ᠶᠢᠨ 20 ᠠᠴᠠ ᠡᠬᠢᠯᠡᠵᠦ ᠨᠡᠷ᠎ᠠ ᠮᠡᠳᠡᠭᠦᠯᠪᠡ
     ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ  ᠠᠴᠠ  ᠤᠢᠢᠯᠠᠭᠠᠭᠰᠠᠨ ᠢᠶᠠᠷ᠂ 2009 ᠤᠨ ᠤ ᠮᠠᠨ ᠤ ᠤᠷᠤᠨ ᠤ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠭᠴᠢ ᠡᠯᠰᠡᠬᠦ  ᠤᠷᠠᠯᠢᠭ ᠤᠨ ᠲᠦᠷᠦᠯ᠂ ᠪᠡᠶ᠎ᠠ ᠶᠢᠨ ᠲᠠᠮᠢᠷ ᠤᠨ ᠪᠤᠯᠪᠠᠰᠤᠷᠠᠯ ᠤᠨ ᠦᠨᠳᠦᠰᠦᠳᠡᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ ᠲᠦᠷᠦᠯ᠂  ᠲᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠳᠤ ᠲᠤᠬᠢᠷᠠᠭᠤᠯᠵᠤ ᠰᠤᠷᠤᠭᠴᠢ ᠡᠯᠰᠡᠬᠦ ᠭᠤᠷᠪᠠᠨ  ᠲᠦᠷᠦᠯ ᠤᠨ ᠰᠢᠯᠭᠠᠭᠤᠯᠤᠭᠰᠠᠳ 12 ᠰᠠᠷ᠎ᠠ ᠶᠢᠨ 20 - 12 ᠰᠠᠷ᠎ᠠ ᠶᠢᠨ 30 ᠪᠤᠯᠳᠠᠯ᠎ᠠ ᠰᠦᠯᠵᠢᠶ᠎ᠠ ᠲᠡᠭᠡᠷ᠎ᠠ ᠨᠡᠷ᠎ᠠ  ᠮᠡᠳᠡᠭᠦᠯᠦᠨ᠎ᠠ᠃             ᠡᠨᠡ ᠵᠢᠯ ᠮᠦᠨ ᠰᠦᠯᠵᠢᠶ᠎ᠠ ᠲᠡᠭᠡᠷ᠎ᠠ ᠨᠡᠷ᠎ᠠ ᠮᠡᠳᠡᠭᠦᠯᠬᠦ ᠬᠡᠯᠪᠡᠷᠢ ᠶᠢ ᠠᠪᠴᠤ᠂ ᠰᠦᠯᠵᠢᠶ᠎ᠠ ᠲᠡᠭᠡᠷ᠎ᠠ ᠤᠷᠢᠳᠴᠢᠯᠠᠨ ᠨᠡᠷ᠎ᠠ  ᠮᠡᠳᠡᠭᠦᠯᠬᠦ ᠪᠠ ᠨᠡᠷ᠎ᠠ ᠮᠡᠳᠡᠭᠦᠯᠦᠭᠰᠡᠨ ᠢᠶᠠᠨ ᠨᠤᠳᠠᠯᠠᠨ ᠵᠦᠪᠰᠢᠶᠡᠷᠡᠬᠦ ᠬᠤᠶᠠᠷ ᠱᠠᠳᠤ ᠬᠤᠪᠢᠶᠠᠵᠤ ᠶᠠᠪᠤᠭᠳᠠᠨ᠎ᠠ᠃      ᠰᠢᠯᠭᠠᠭᠤᠯᠤᠭᠰᠠᠳ  ᠰᠦᠯᠵᠢᠶ᠎ᠠ ᠲᠡᠭᠡᠷ᠎ᠠ ᠤᠷᠢᠳᠴᠢᠯᠠᠨ ᠨᠡᠷ᠎ᠠ ᠮᠡᠳᠡᠭᠦᠯᠬᠦ ᠳᠤ᠄ ᠨᠡᠷ᠎ᠠ ᠮᠡᠳᠡᠭᠦᠯᠬᠦ ᠲᠤᠭᠳᠠᠭᠰᠠᠨ ᠬᠤᠭᠤᠴᠠᠭ᠎ᠠ ᠲᠤᠳᠤᠷ᠎ᠠ  ᠰᠢᠯᠭᠠᠭᠤᠯᠤᠭᠰᠠᠳ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠭᠢ ᠶᠢᠨ ᠰᠦᠯᠵᠢᠶ᠎ᠠ http᠄ \\www. nm.zsks.cn ᠶᠢᠨ ᠲᠡᠷᠢᠭᠦᠨ ᠨᠢᠭᠤᠷ ᠲᠡᠭᠡᠷ᠎ᠠ ᠭᠠᠷᠴᠤ᠂ ︽2009 ᠤᠨ ᠤ ᠨᠢᠭᠡᠳᠦᠯᠳᠡᠢ ᠰᠢᠯᠭᠠᠯᠳᠠ ᠶᠢᠨ ᠰᠦᠯᠵᠢᠶ᠎ᠠ  ᠲᠡᠭᠡᠷ᠎ᠠ ᠨᠡᠷ᠎ᠠ ᠮᠡᠳᠡᠭᠦᠯᠬᠦ︾ ᠬᠠᠮᠢᠶ᠎ᠠ ᠪᠦᠬᠦᠢ ᠲᠤᠭᠳᠠᠭᠠᠯ ᠢ ᠤᠩᠰᠢᠵᠤ᠂ ᠱᠠᠭᠠᠷᠳᠠᠯᠭ᠎ᠠ ᠶᠤᠰᠤᠭᠠᠷ ᠰᠢᠯᠭᠠᠭᠤᠯᠤᠭᠴᠢ ᠬᠤᠪᠢ  ᠬᠦᠮᠦᠨ ᠤ ᠦᠨᠳᠦᠰᠦᠨ ᠮᠡᠳᠡᠭᠡ ᠵᠠᠩᠭᠢ ᠪᠠ ᠨᠡᠷ᠎ᠠ ᠮᠡᠳᠡᠭᠦᠯᠬᠦ ᠮᠡᠳᠡᠭᠡ ᠵᠠᠩᠭᠢ ᠪᠠᠨ ᠤᠷᠤᠭᠤᠯᠤᠨ᠎ᠠ᠃   ︽ᠰᠢᠯᠭᠠᠭᠤᠯᠤᠭᠴᠢ ᠶᠢᠨ ᠤᠷᠢᠳᠴᠢᠯᠠᠨ ᠨᠡᠷ᠎ᠠ ᠮᠡᠳᠡᠭᠦᠯᠬᠦ ᠬᠦᠰᠦᠨᠦᠭᠳᠦ︾ ᠶᠢ ᠲᠠᠷᠤᠮᠠᠯᠯᠠᠵᠤ᠂ ᠬᠢᠨᠠᠵᠤ ᠲᠤᠭᠳᠠᠭᠠᠬᠤ ᠳᠤ᠄  ᠰᠦᠯᠵᠢᠶ᠎ᠠ ᠲᠡᠭᠡᠷ᠎ᠠ ᠤᠷᠢᠳᠴᠢᠯᠠᠨ ᠨᠡᠷ᠎ᠠ ᠮᠡᠳᠡᠭᠦᠯᠵᠦ ᠲᠠᠭᠤᠰᠤᠭᠰᠠᠨ ᠤ ᠲᠠᠷᠠᠭ᠎ᠠ ︽ᠰᠢᠯᠭᠠᠭᠤᠯᠤᠭᠴᠢ ᠶᠢᠨ ᠤᠷᠢᠳᠴᠢᠯᠠᠨ ᠨᠡᠷ᠎ᠠ  ᠮᠡᠳᠡᠭᠦᠯᠬᠦ ᠬᠦᠰᠦᠨᠦᠭᠳᠦ︾ ᠪᠦᠷᠢᠯᠳᠦᠨ᠎ᠠ᠂ ᠲᠤᠰ ᠬᠦᠰᠦᠨᠦᠭᠳᠦ ᠶᠢᠨ ᠦᠨᠡᠨ ᠵᠦᠪ ᠡᠰᠡᠬᠦ ᠶᠢ ᠰᠢᠯᠭᠠᠭᠤᠯᠤᠭᠴᠢ ᠶᠢᠨ ᠪᠠᠶᠢᠭᠰᠠᠨ  ᠲᠡᠭᠦᠰᠬᠦ ᠰᠤᠷᠭᠠᠭᠤᠯᠢ ᠪᠠ ᠪᠠᠶᠢᠭᠤᠯᠤᠯᠭ᠎ᠠ ᠠᠴᠠ ᠬᠠᠷᠢᠭᠤᠴᠠᠵᠤ᠂ ᠨᠤᠳᠠᠯᠠᠨ ᠵᠦᠪᠰᠢᠶᠡᠷᠡᠵᠦ ᠠᠯᠪᠠᠨ ᠲᠠᠮᠠᠭ᠎ᠠ ᠲᠠᠷᠤᠨ᠎ᠠ᠃ ᠨᠡᠷ᠎ᠠ  ᠮᠡᠳᠡᠭᠦᠯᠦᠭᠰᠡᠨ ᠢᠶᠠᠨ ᠨᠤᠳᠠᠯᠠᠨ ᠵᠦᠪᠰᠢᠶᠡᠷᠡᠬᠦ ᠳᠤ᠄ ᠰᠢᠯᠭᠠᠭᠤᠯᠤᠭᠰᠠᠳ ᠲᠤᠭᠳᠠᠭᠰᠠᠨ ᠬᠤᠭᠤᠴᠠᠭ᠎ᠠ ᠲᠤᠳᠤᠷ᠎ᠠ ᠡᠷᠦᠭᠡ ᠠᠮᠠ ᠶᠢᠨ  ᠲᠡᠪᠳᠡᠷ ᠤᠨ ︵ᠤᠤᠯ ᠳᠡᠪᠳᠡᠷ︶᠂ ᠬᠤᠪᠢ ᠬᠦᠮᠦᠨ ᠤ ᠬᠤᠶᠠᠳᠤᠭᠠᠷ ᠦᠶ᠎ᠠ ᠶᠢᠨ ᠪᠡᠶ᠎ᠠ ᠶᠢᠨ ᠦᠨᠡᠮᠯᠡᠯ ᠵᠢᠴᠢ ᠬᠠᠮᠢᠶ᠎ᠠ ᠪᠦᠬᠦᠢ  ᠭᠡᠷᠡᠴᠢᠯᠡᠬᠦ ᠮᠠᠲ᠋ᠧᠷᠢᠶᠠᠯ ᠢᠶᠠᠨ ᠠᠪᠴᠤ ᠬᠤᠰᠢᠭᠤ ︵ᠰᠢᠶᠠᠨ᠂ ᠲᠤᠭᠤᠷᠢᠭ︶ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ  ᠪᠠᠶᠢᠭᠤᠯᠤᠮᠵᠢ ᠳᠤ ᠬᠦᠷᠴᠦ᠂ ᠵᠠᠷᠤᠳᠠᠯ ᠲᠤᠰᠢᠶᠠᠵᠤ᠂ ᠰᠡᠭᠦᠳᠡᠷ ᠲᠠᠳᠠᠭᠤᠯᠵᠤ᠂ ᠨᠡᠷ᠎ᠠ ᠮᠡᠳᠡᠭᠦᠯᠦᠭᠰᠡᠨ ᠢᠶᠠᠨ ᠨᠤᠳᠠᠯᠠᠨ ᠵᠦᠪᠰᠢᠶᠡᠷᠡᠨ᠎ᠠ  ᠃ ᠡᠶᠢᠮᠦ ᠠᠴᠠ ᠬᠤᠶᠠᠳᠤᠭᠠᠷ ᠦᠶ᠎ᠠ ᠶᠢᠨ ᠪᠡᠶ᠎ᠠ ᠶᠢᠨ ᠦᠨᠡᠮᠯᠡᠯ ᠦᠭᠡᠢ ᠬᠦᠮᠦᠰ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠠᠢ  ᠤᠷᠢᠳᠴᠢᠯᠠᠨ ᠬᠠᠷᠢᠯᠴᠠᠵᠤ ᠪᠡᠶ᠎ᠠ ᠶᠢᠨ ᠦᠨᠡᠮᠯᠡᠯ ᠢᠶᠠᠨ ᠬᠢᠯᠭᠡᠬᠦ ᠬᠡᠷᠡᠭᠳᠡᠢ᠂ ᠡᠯ᠎ᠠ ᠭᠠᠵᠠᠷ ᠤᠨ ᠲᠤᠳᠤᠭᠠᠳᠤ ᠶᠢ ᠬᠠᠮᠠᠭᠠᠯᠠᠬᠤ ᠰᠠᠯᠠᠭ᠎ᠠ  ᠮᠦᠴᠢᠷ ᠰᠢᠯᠭᠠᠭᠤᠯᠤᠭᠰᠠᠳ ᠤᠨ ᠤᠷᠤᠭᠰᠢᠳᠠᠢ ᠨᠡᠷ᠎ᠠ ᠮᠡᠳᠡᠭᠦᠯᠬᠦ ᠶᠢ ᠪᠠᠳᠤᠯᠠᠬᠤ ᠪᠤᠯᠤᠨ᠎ᠠ᠃          ︽ᠲᠤᠰᠬᠠᠢ ᠮᠡᠷᠭᠡᠵᠢᠯ ᠤᠨ ᠰᠢᠯᠭᠠᠯᠳᠠ ᠶᠢᠨ ᠰᠢᠯᠭᠠᠬᠤ ᠶᠢ ᠵᠦᠪᠰᠢᠶᠡᠷᠡᠬᠦ ᠭᠡᠷᠡᠴᠢ︾᠄ ᠲᠤᠰᠬᠠᠢ ᠮᠡᠷᠭᠡᠵᠢᠯ ᠤᠨ ᠰᠢᠯᠭᠠᠯᠳᠠ ᠳᠤ  ᠤᠷᠤᠯᠴᠠᠬᠤ ᠰᠢᠯᠭᠠᠭᠤᠯᠤᠭᠴᠢ ᠶᠢᠨ ᠪᠠᠶᠢᠭ᠎ᠠ ᠬᠤᠰᠢᠭᠤ ︵ᠰᠢᠶᠠᠨ᠂ ᠲᠤᠭᠤᠷᠢᠭ︶ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ  ᠰᠢᠯᠭᠠᠯᠳᠠ ᠶᠢᠨ ᠪᠠᠶᠢᠭᠤᠯᠤᠮᠵᠢ ᠶᠢᠨ ᠬᠢᠨ ︽ᠲᠤᠰᠬᠠᠢ ᠮᠡᠷᠭᠡᠵᠢᠯ ᠤᠨ ᠰᠢᠯᠭᠠᠯᠳᠠ ᠶᠢᠨ ᠰᠢᠯᠭᠠᠬᠤ ᠶᠢ ᠵᠦᠪᠰᠢᠶᠡᠷᠡᠬᠦ ᠭᠡᠷᠡᠴᠢ︾ ᠶᠢ  ᠲᠠᠷᠤᠮᠠᠯᠯᠠᠵᠤ ᠠᠯᠪᠠᠨ ᠲᠠᠮᠠᠭ᠎ᠠ ᠲᠠᠷᠤᠭᠰᠠᠨ ᠤ ᠲᠠᠷᠠᠭ᠎ᠠ ᠰᠢᠯᠭᠠᠭᠤᠯᠤᠭᠴᠢ ᠬᠤᠪᠢ ᠬᠦᠮᠦᠨ ᠳᠤᠨᠢ ᠭᠠᠷᠳᠠᠭᠤᠯᠤᠨ᠎ᠠ᠃       ᠤᠢᠢᠯᠠᠭᠠᠭᠰᠠᠨ ᠢᠶᠠᠷ᠂ 2009 ᠤᠨ ᠤ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ ᠳᠤ  ᠤᠷᠤᠯᠴᠠᠬᠤ ᠪᠤᠰᠤᠳ ᠲᠦᠷᠦᠯ ᠤᠨ ᠰᠢᠯᠭᠠᠭᠤᠯᠤᠭᠰᠠᠳ 1 ᠰᠠᠷ᠎ᠠ ᠶᠢᠨ 5 -1 ᠰᠠᠷ᠎ᠠ ᠶᠢᠨ 20 ᠪᠤᠯᠳᠠᠯ᠎ᠠ ᠨᠡᠷ᠎ᠠ ᠮᠡᠳᠡᠭᠦᠯᠬᠦ  ᠪᠤᠯᠤᠨ᠎ᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号