ᠮᠤᠩᠭᠤᠯ ᠤᠶᠤᠳᠠᠳ - ᠰᠢᠯᠭᠠᠯᠲᠠ
ᠲᠦᠪ ᠤᠨ ᠠᠯᠪᠠᠨ ᠪᠠᠶᠢᠭᠤᠯᠤᠯᠭ᠎ᠠ ᠶᠢᠨ ᠠᠯᠪᠠᠳᠠᠨ ᠡᠯᠰᠡᠭᠰᠡᠨ ᠰᠢᠯᠭᠠᠯᠳᠠ ᠶᠢᠨ ᠬᠤᠪᠢ ᠶᠢ ᠲᠠᠷᠠᠭ᠎ᠠ ᠰᠠᠷ᠎ᠠ ᠨᠡᠶᠢᠳᠡᠯᠡᠨ᠎ᠡ
     2009 ᠤᠨ ᠤ ᠲᠦᠪ ᠤᠨ ᠠᠯᠪᠠᠨ ᠪᠠᠶᠢᠭᠤᠯᠤᠯᠭ᠎ᠠ ᠶᠢᠨ ᠤᠯᠤᠰ ᠤᠨ ᠠᠯᠪᠠᠳᠠᠨ ᠡᠯᠰᠡᠬᠦ ᠨᠡᠶᠢᠳᠡ ᠶᠢᠨ ᠬᠢᠴᠢᠶᠡᠯ ᠲᠦᠷᠦᠯ ᠤᠨ  ᠪᠢᠷ ᠤᠨ ᠰᠢᠯᠭᠠᠯᠳᠠ ᠶᠢᠨ ᠰᠢᠯᠭᠠᠯᠳᠠ ᠬᠢᠨᠠᠬᠤ ᠠᠵᠢᠯ ᠤᠳᠤᠬᠠᠨ ᠶᠠᠭ ᠰᠠᠶ᠋ᠢᠬᠠᠨ ᠶᠠᠪᠤᠭᠳᠠᠵᠦ ᠪᠤᠢ᠃ ᠬᠦᠮᠦᠨ ᠤ ᠬᠦᠴᠦᠨ ᠤ ᠡᠬᠢ  ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ᠂ ᠤᠯᠤᠰ ᠤᠨ ᠠᠯᠪᠠᠳᠠᠨ ᠤ ᠲᠤᠪᠴᠢᠶ᠎ᠠ ᠨᠢᠭᠡ ᠰᠢᠷᠢᠰ ᠪᠦᠲᠦᠮᠵᠢᠳᠡᠢ ᠠᠷᠭ᠎ᠠ  ᠭᠡᠮᠵᠢᠶ᠎ᠡ ᠠᠪᠴᠤ᠂ ᠰᠢᠯᠭᠠᠯᠳᠠ ᠬᠢᠨᠠᠬᠤ ᠠᠵᠢᠯ ᠤᠨ ᠪᠤᠳᠠᠳᠠᠢ᠂ ᠡᠷᠭᠡ ᠲᠡᠭᠰᠢ ᠪᠠᠶᠢᠬᠤ ᠶᠢ ᠪᠠᠳᠤᠯᠠᠵᠦ ᠪᠤᠢ᠃       ᠤᠷᠢᠳᠴᠢᠯᠠᠨ ᠲᠦᠰᠦᠪᠯᠡᠭᠰᠡᠨ ᠢᠶᠠᠷ᠂ ᠰᠢᠯᠭᠠᠯᠳᠠ ᠬᠢᠨᠠᠬᠤ ᠠᠵᠢᠯ 12 ᠰᠠᠷ᠎ᠠ ᠶᠢᠨ ᠡᠴᠦᠰ ᠢᠶᠠᠷ ᠲᠡᠬᠦᠰᠦᠨ᠎ᠡ᠃  ᠰᠢᠯᠭᠠᠭᠤᠯᠤᠭᠰᠠᠳ ᠤᠨ ᠬᠢᠷᠢ ᠪᠦᠳᠦᠮᠵᠢ 2009 ᠤᠨ ᠤ 1 ᠰᠠᠷ᠎ᠠ ᠶᠢᠨ ᠡᠬᠢ ᠪᠠᠷ᠂ ᠬᠦᠮᠦᠨ ᠤ ᠬᠦᠴᠦᠨ ᠤ ᠡᠬᠢ ᠪᠠᠶᠠᠯᠢᠭ ᠪᠠ  ᠨᠡᠶᠢᠭᠡᠮ ᠤᠨ ᠪᠠᠳᠤᠯᠠᠪᠤᠷᠢ ᠶᠢᠨ ᠶᠠᠮᠤᠨ᠂ ᠤᠯᠤᠰ ᠤᠨ ᠠᠯᠪᠠᠳᠠᠨ ᠤ ᠲᠤᠪᠴᠢᠶ᠎ᠠ ᠶᠢᠨ ᠰᠦᠯᠵᠢᠶ᠎ᠠ ᠪᠠᠷ ᠲᠠᠮᠵᠢᠵᠦ ᠨᠡᠶᠢᠳᠡᠯᠡᠨ᠎ᠡ᠃ ᠡᠨᠡ  ᠵᠢᠯ ᠤᠨ ᠦᠬᠦᠯᠡᠬᠦ ᠰᠡᠳᠦᠪ ᠤᠨ ᠬᠢᠨᠠᠯᠳᠠ ᠳᠤ 750 ᠪᠠᠭᠰᠢ ᠤᠷᠤᠯᠴᠠᠵᠦ᠂ 16 ᠮᠤᠵᠢ ᠶᠢᠨ ᠲᠡᠰ ᠤᠨ ᠶᠡᠭᠡ ᠰᠤᠷᠭᠠᠭᠤᠯᠢ ᠶᠢᠨ  ᠪᠠᠭᠰᠢ  ᠪᠠᠶᠢᠵᠦ᠂ ᠪᠦᠷ ᠤᠯᠤᠰ ᠤᠨ ᠠᠯᠪᠠᠳᠠᠨ ᠤ ᠰᠢᠯᠭᠠᠯᠳᠠ ᠶᠢ ᠬᠢᠨᠠᠵᠦ ᠦᠩᠭᠡᠷᠡᠭᠰᠡᠨ ᠲᠡᠦᠭᠡ ᠲᠠᠢ᠃           ᠰᠢᠯᠭᠠᠯᠳᠠ ᠬᠢᠨᠠᠬᠤ ᠪᠠᠷᠢᠮᠵᠢᠶ᠎ᠠ ᠶᠢ ᠨᠢᠭᠡᠳᠦᠯᠳᠡᠢ ᠲᠦᠷᠢᠮᠵᠢᠬᠦᠯᠬᠦ ᠶᠢᠨ ᠲᠦᠯᠦᠭᠡ᠂ ᠰᠢᠯᠭᠠᠯᠳᠠ ᠲᠠᠭᠤᠰᠤᠭᠰᠠᠨ ᠤ ᠲᠠᠷᠠᠭ᠎ᠠ  ᠰᠢᠯᠭᠠᠯᠳᠠ ᠬᠢᠨᠠᠬᠤ ᠮᠡᠷᠭᠡᠵᠢᠯᠳᠡᠨ ᠤ ᠪᠦᠯᠬᠦᠮ ᠰᠢᠯᠭᠠᠯᠳᠠ ᠶᠢᠨ ᠬᠦᠳᠦᠯᠪᠦᠷᠢ᠂ ᠰᠡᠳᠦᠪ ᠤᠨ ᠵᠢᠯᠤᠭᠤᠳᠬᠤ ᠦᠵᠡᠯ ᠰᠠᠨᠠᠭ᠎ᠠ ᠶᠢ  ᠭᠤᠤᠯᠳᠠᠯᠭ᠎ᠠ ᠲᠠᠢ ᠬᠢᠨᠠᠵᠦ᠂ ᠪᠠᠷᠢᠮᠵᠢᠶ᠎ᠠ ᠬᠠᠷᠢᠭᠤᠯᠳᠠ ᠶᠢ ᠲᠤᠭᠳᠠᠭᠠᠭᠰᠠᠨ ᠤ ᠲᠠᠷᠠᠭ᠎ᠠ᠂ ᠰᠢᠯᠭᠠᠯᠳᠠ ᠬᠢᠨᠠᠭᠴᠢᠳ ᠲᠤ ᠲᠤᠰᠬᠠᠢ  ᠪᠤᠯᠪᠠᠰᠤᠷᠠᠯ ᠬᠦᠷᠳᠡᠭᠡᠵᠦ᠂ ᠰᠢᠯᠭᠠᠯᠳᠠ ᠶᠢ ᠤᠩᠰᠢᠭᠤᠯᠤᠨ᠂ ᠪᠠᠷᠢᠮᠵᠢᠶ᠎ᠠ ᠬᠠᠷᠢᠭᠤᠯᠳᠠ ᠲᠠᠢ ᠨᠢ ᠬᠠᠷᠭᠤᠭᠤᠯᠤᠨ᠎ᠠ᠃ ᠰᠢᠯᠭᠠᠯᠳᠠ  ᠬᠢᠨᠠᠬᠤ ᠪᠠᠭᠰᠢ ᠪᠦᠷᠢ ᠶᠢᠨ ᠰᠢᠯᠭᠠᠯᠳᠠ ᠬᠢᠨᠠᠬᠤ ᠶᠠᠰᠤ ᠴᠢᠨᠠᠷ᠂ ᠪᠠᠶᠢᠳᠠᠯ ᠤᠨ ᠲᠤᠭᠳᠠᠭᠤᠨ ᠪᠠᠶᠢᠬᠤ ᠶᠢ ᠪᠠᠳᠤᠯᠠᠬᠤ ᠶᠢᠨ ᠲᠦᠯᠦᠭᠡ  ᠲᠤᠰᠬᠠᠢ ᠬᠦᠮᠦᠨ ᠬᠢᠨᠠᠨ ᠪᠠᠶᠢᠴᠠᠭᠠᠨ᠎ᠠ᠃            ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠤ  ᠭᠡᠯᠡᠬᠦ ᠪᠠᠷ᠂ ᠨᠢᠳᠤᠨᠤᠨ 215 ᠲᠦᠷᠢᠮ ᠢ ᠵᠦᠷᠢᠴᠡᠭᠰᠡᠨ ᠰᠤᠷᠤᠭᠴᠢ ᠶᠢ ᠰᠢᠢᠳᠪᠦᠷᠢᠯᠡᠵᠡᠢ᠃ ᠡᠨᠡ ᠵᠢᠯ ᠲᠦᠷᠢᠮ ᠢ ᠵᠦᠷᠢᠴᠡᠭᠦ  ᠤᠴᠢᠷ ᠢ ᠪᠠᠶᠢᠴᠠᠭᠠᠨ ᠰᠢᠢᠳᠪᠦᠷᠢᠯᠡᠬᠦ ᠪᠠᠷ ᠪᠤᠳᠠᠳᠠᠢ ᠠᠷᠭ᠎ᠠ ᠭᠡᠮᠵᠢᠶ᠎ᠡ ᠪᠡ ᠶᠤᠰᠤ ᠲᠦᠷᠢᠮ ᠢ ᠴᠢᠩᠭ᠎ᠠ ᠲᠤᠭᠳᠠᠭᠠᠭᠰᠠᠨ ᠶᠤᠮ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号