ᠮᠤᠩᠭᠤᠯ ᠤᠶᠤᠳᠠᠳ - ᠰᠢᠯᠭᠠᠯᠲᠠ
ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠶᠢᠨ ᠰᠢᠨᠵᠢ ᠴᠢᠨᠠᠷ
      ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠪᠤᠯ ᠦᠪᠡᠷ ᠲᠡᠭᠡᠨ  ᠰᠤᠷᠤᠭᠰᠠᠳ ᠰᠤᠷᠤᠯᠭ᠎ᠠ ᠶᠢᠨ ᠨᠠᠮᠳᠠᠷ ᠢᠶᠠᠷ ᠭᠤᠤᠯ ᠪᠤᠯᠭᠠᠭᠰᠠᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠤᠯᠤᠰ ᠤᠨ  ᠰᠢᠯᠭᠠᠯᠳᠠ ᠪᠤᠯᠤᠨ᠎ᠠ᠂  ᠬᠤᠪᠢ ᠬᠦᠮᠦᠨ ᠦᠪᠡᠷ ᠲᠡᠭᠡᠨ ᠰᠤᠷᠬᠤ᠂ ᠨᠡᠶᠢᠭᠡᠮ ᠠᠴᠠ ᠰᠤᠷᠤᠯᠭ᠎ᠠ ᠶᠢ ᠲᠡᠳᠭᠦᠬᠦ ᠪᠠ ᠤᠯᠤᠰ ᠤᠨ  ᠰᠢᠯᠭᠠᠯᠳᠠ ᠶᠢ ᠤᠶᠠᠯᠳᠤᠭᠤᠯᠤᠭᠰᠠᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠯᠪᠡᠷᠢ ᠪᠤᠯᠤᠨ᠎ᠠ᠂ ᠮᠦᠨᠴᠦ ᠤᠳᠤᠬᠠᠨ ᠳᠤ  ᠬᠡᠪᠴᠢᠶ᠎ᠠ ᠪᠠᠷ ᠬᠠᠮᠤᠭ ᠤᠨ ᠶᠡᠭᠡ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠯᠪᠡᠷᠢ᠂ ᠵᠢᠯ ᠪᠤᠯᠭᠠᠨ 1200 ᠲᠦᠮᠡᠨ ᠬᠦᠮᠦᠨ  ᠤᠳᠠᠭ᠎ᠠ ᠰᠢᠯᠭᠠᠯᠳᠠ ᠳᠤ  ᠤᠷᠤᠯᠴᠠᠵᠤ  ᠪᠤᠢ᠃              ᠲᠡᠷᠡ ᠨᠢ ᠬᠤᠶᠠᠳᠠᠮᠠᠯ ᠴᠢᠨᠠᠷ᠂ ᠲᠠᠷᠤᠢ  ᠰᠢᠯᠭᠠᠯᠳᠠ ᠶᠢᠨ ᠰᠢᠨᠵᠢ ᠴᠢᠨᠠᠷ ᠪᠤᠯᠤᠨ ᠰᠤᠷᠭᠠᠨ ᠬᠦᠮᠦᠵᠢᠯ ᠤᠨ ᠰᠢᠨᠵᠢ ᠴᠢᠨᠠᠷ ᠎ ᠲᠠᠢ᠃ ᠰᠢᠯᠭᠠᠯᠳᠠ ᠶᠢᠨ  ᠰᠢᠨᠵᠢ ᠴᠢᠨᠠᠷ ᠠᠴᠠ ᠦᠵᠡᠪᠡᠯ ᠲᠡᠷᠡ  ᠪᠤᠯ ᠨᠢᠭᠡ ᠵᠦᠢᠯ ᠤᠨ  ᠲᠤᠮᠤ ᠬᠡᠪᠴᠢᠶ᠎ᠠ ᠶᠢᠨ᠂ ᠨᠡᠶᠢᠭᠡᠮᠴᠢ ᠴᠢᠨᠠᠷᠳᠠᠢ  ᠪᠠ ᠬᠠᠷᠠᠯᠳᠠᠳᠤ ᠴᠢᠨᠠᠷᠳᠠᠢ ᠤᠯᠤᠰ ᠤᠨ ᠰᠤᠷᠤᠯᠭ᠎ᠠ ᠶᠢᠨ ᠨᠠᠮᠳᠠᠷ ᠤᠨ  ᠬᠢᠷᠢ ᠭᠡᠮ ᠤᠨ ᠰᠢᠯᠭᠠᠯᠳᠠ ᠪᠤᠯᠤᠨ᠎ᠠ︔  ᠰᠤᠷᠭᠠᠨ ᠬᠦᠮᠦᠵᠢᠯ  ᠎ ᠤᠨ  ᠰᠢᠨᠵᠢ ᠴᠢᠨᠠᠷ ᠠᠴᠠ ᠶᠠᠷᠢᠪᠠᠯ᠂ ᠲᠡᠷᠡ ᠪᠤᠯ ᠨᠢᠭᠡ ᠵᠦᠢᠯ ᠤᠨ  ᠨᠡᠭᠡᠭᠡᠯᠳᠡᠳᠦ ᠴᠢᠨᠠᠷᠳᠠᠢ ᠨᠡᠶᠢᠭᠡᠮ ᠤᠨ  ᠰᠤᠷᠭᠠᠨ ᠬᠦᠮᠦᠵᠢᠯ   ᠪᠤᠯᠤᠨ᠎ᠠ᠂ ᠦᠷᠭᠦᠯᠵᠢᠯᠡᠨ ᠰᠤᠷᠭᠠᠨ ᠬᠦᠮᠦᠵᠢᠯ ᠪᠤᠯᠤᠨ ᠨᠠᠰᠤᠨ  ᠲᠤᠷᠰᠢᠳᠠ ᠶᠢᠨ ᠰᠤᠷᠭᠠᠨ ᠬᠦᠮᠦᠵᠢᠯ ᠤᠨ ᠰᠢᠨᠵᠢ ᠴᠢᠨᠠᠷ ᠲᠠᠢ᠃   ᠤᠳᠤᠬᠠᠨ ᠳᠤ ᠤᠯᠠᠩᠭᠢ ᠲᠤᠭᠠᠨ ᠤ  ᠠᠷᠠᠳ ᠠᠴᠠ ᠡᠷᠬᠢᠯᠡᠭᠰᠡᠨ ᠲᠡᠭᠡᠳᠦ ᠵᠡᠷᠭᠡ ᠶᠢᠨ  ᠰᠤᠷᠭᠠᠭᠤᠯᠢ ᠨᠢ ᠲᠡᠭᠦᠰᠬᠦ ᠦᠨᠡᠮᠯᠡᠯ  ᠤᠯᠭᠤᠬᠤ ᠬᠢᠷᠢ ᠭᠡᠮ ᠦᠭᠡᠢ ᠠᠴᠠ ᠤᠯᠠᠩᠭᠢ ᠬᠦᠮᠦᠰ ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠳᠤ ᠤᠷᠤᠯᠴᠠᠵᠤ ᠤᠯᠤᠰ  ᠎ ᠠᠴᠠ  ᠵᠦᠪᠰᠢᠶᠡᠷᠡᠭᠰᠡᠨ ᠦᠨᠡᠮᠯᠡᠯ ᠠᠪᠳᠠᠭ᠃              ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠶᠢᠨ ᠡᠭᠦᠷᠭᠡ ᠪᠤᠯ ᠤᠯᠤᠰ  ᠎ ᠤᠨ  ᠰᠢᠯᠭᠠᠯᠳᠠ ᠶᠢ ᠲᠠᠮᠵᠢᠵᠤ ᠬᠤᠪᠢ ᠬᠦᠮᠦᠨ ᠤ  ᠦᠪᠡᠷ ᠲᠡᠭᠡᠨ ᠰᠤᠷᠬᠤ ᠪᠠ ᠨᠡᠶᠢᠭᠡᠮ ᠤᠨ ᠰᠤᠷᠤᠯᠭ᠎ᠠ ᠶᠢ  ᠲᠡᠳᠭᠦᠬᠦ  ᠠᠵᠢᠯᠯᠠᠭ᠎ᠠ ᠶᠢ  ᠠᠬᠢᠭᠤᠯᠬᠤ᠂  ᠠᠵᠢᠯ ᠳᠤ ᠪᠠᠶᠢᠭ᠎ᠠ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ ᠪᠠ ᠦᠷᠭᠦᠯᠵᠢᠯᠡᠭᠰᠡᠨ ᠰᠤᠷᠭᠠᠨ  ᠬᠦᠮᠦᠵᠢᠯ ᠢ  ᠠᠬᠢᠭᠤᠯᠬᠤ ᠪᠤᠯᠤᠨ᠎ᠠ᠃            ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ  ᠠᠷᠠᠳ ᠢᠷᠭᠡᠳ ᠴᠢᠨᠠᠷ ᠤᠨ ᠢᠯᠭᠠᠯ᠂ ᠨᠠᠰᠤ ᠵᠢᠯ᠂  ᠦᠨᠳᠦᠰᠦᠳᠡᠨ᠂  ᠠᠷᠠᠰᠤᠳᠠᠨ ᠪᠠ ᠨᠢᠭᠡᠨᠳᠡ ᠬᠦᠷᠳᠡᠭᠰᠡᠨ ᠰᠤᠷᠭᠠᠨ ᠬᠦᠮᠦᠵᠢᠯ ᠤᠨ ᠢᠯᠭᠠᠭ᠎ᠠ ᠪᠠᠶᠢᠬᠤ ᠦᠭᠡᠢ ᠪᠠᠷ ᠲᠦᠷᠦ ᠶᠢᠨ  ᠶᠠᠪᠤᠳᠠᠯ ᠤᠨ  ᠬᠤᠷᠢᠶ᠎ᠠ ᠶᠢᠨ ︽ᠲᠡᠭᠡᠳᠦ ᠵᠡᠷᠭᠡ ᠶᠢᠨ  ᠰᠤᠷᠭᠠᠨ ᠬᠦᠮᠦᠵᠢᠯ ᠤᠨ ᠦᠪᠡᠷ ᠲᠡᠭᠡᠨ  ᠰᠤᠷᠴᠤ ᠰᠢᠯᠭᠠᠭᠤᠯᠬᠤ ᠰᠢᠯᠭᠠᠯᠳᠠ ᠎ ᠶᠢᠨ  ᠲᠦᠷ  ᠬᠡᠷᠡᠭᠵᠢᠭᠦᠯᠬᠦ ᠲᠦᠷᠢᠮ︾᠎ ᠤᠨ ᠲᠤᠭᠳᠠᠭᠠᠯ ᠶᠤᠰᠤᠭᠠᠷ ᠦᠪᠡᠷ ᠲᠡᠭᠡᠨ ᠰᠤᠷᠴᠤ ᠰᠢᠯᠭᠠᠬᠤ ᠰᠢᠯᠭᠠᠯᠳᠠ ᠳᠤ ᠤᠷᠤᠯᠴᠠᠵᠤ ᠪᠤᠯᠤᠨ᠎ᠠ᠃  ᠁
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号