9 ᠰᠠᠷ᠎ᠠ ᠶᠢᠨ 25 ᠤ ᠡᠳᠤᠷ᠂ ᠦᠪᠡᠷᠲᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ | ᠶᠢᠨ ᠲᠦᠪ ᠠᠴᠠ ᠣᠢᠢᠯᠠᠭᠠᠭᠰᠠᠨ ᠢᠶᠠᠷ᠂ ᠡᠨᠡ ᠵᠢᠯ ᠤᠨ ᠮᠠᠨ ᠤ ᠣᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ | ᠡᠯᠰᠡᠬᠦ ᠶᠠᠪᠤᠴᠡ ᠳᠠᠬᠢ ᠲᠡᠭᠡᠳᠥ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠬᠴᠢ ᠨᠥᠬᠦᠨ ᠡᠯᠰᠡᠬᠦ ᠠᠵᠢᠯ ᠨᠢᠬᠡᠨᠳᠡ | ᠡᠬᠢᠯᠡᠪᠡ ᠃ | ᠡᠨᠡ ᠤᠳᠠᠭ᠎ᠠ ᠶᠢᠨ ᠲᠡᠭᠡᠳᠥ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠬᠴᠢ ᠨᠦᠬᠦᠵᠦ ᠡᠯᠰᠡᠬᠦ ᠬᠤᠪᠢ ᠶᠢᠨ | ᠬᠢᠵᠠᠭᠠᠷᠯᠠᠯ ᠪᠣᠯ᠄ ᠨᠡᠶᠢᠭᠡᠮ ᠤᠨ ᠰᠢᠨᠵᠢᠯᠡᠭᠡᠨ ᠤ ᠲᠥᠷᠥᠯ ᠤᠨ ᠰᠢᠯᠭᠠᠭᠤᠯᠣᠬᠰᠠᠳ 230 ᠬᠤᠪᠢ ︵ᠪᠠᠭᠲᠠᠭᠠᠨ᠎ᠠ︶ ᠠᠴᠠ ᠳᠡᠭᠡᠭᠰᠢ | ᠂ ᠪᠠᠶᠢᠭᠠᠯᠢ ᠶᠢᠨ ᠰᠢᠨᠵᠢᠯᠡᠭᠡᠨ ᠤ ᠲᠥᠷᠥᠯ ᠤᠨ ᠰᠢᠯᠭᠠᠭᠤᠯᠣᠬᠰᠠᠳ 220 ᠬᠤᠪᠢ ︵ᠪᠠᠭᠲᠠᠭᠠᠨ᠎ᠠ︶ ᠠᠴᠠ ᠳᠡᠭᠡᠭᠰᠢ᠂ ᠪᠣᠰᠤᠳ | ᠲᠦᠷᠦᠯ ᠤᠨ ᠰᠢᠯᠭᠠᠭᠤᠯᠣᠬᠰᠠᠳ ᠪᠣᠯ ᠨᠥᠬᠦᠵᠥ ᠡᠯᠰᠡᠬᠦ ᠠᠴᠠ ᠡᠮᠥᠨ᠎ᠡ ᠶᠠᠪᠤᠬᠳᠠᠬᠰᠠᠨ ᠲᠡᠭᠡᠳᠥ ᠵᠡᠷᠭᠡ ᠶᠢᠨ ᠠᠵᠢᠯ ᠮᠡᠷᠭᠡᠵᠢᠯ ᠤᠨ | ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠰᠡᠨ ᠬᠠᠮᠤᠭ ᠤᠨ ᠳᠣᠣᠷ᠎ᠠ ᠬᠤᠪᠢ ᠠᠴᠠ ᠲᠠᠬᠢᠨ 60 ᠬᠤᠪᠢ ︵ᠪᠠᠭᠲᠠᠭᠠᠨ᠎ᠠ︶ | ᠪᠠᠭᠤᠷᠠᠭᠤᠯᠣᠨ᠎ᠠ᠂ ᠡᠭᠦᠨ ᠳᠤ ᠬᠢᠲᠡᠳ ᠢᠶᠠᠷ ᠬᠢᠴᠢᠶᠡᠯᠯᠡᠬᠦ ᠤᠷᠠᠯᠢᠭ ᠤᠨ ᠲᠥᠷᠥᠯ᠂ ᠮᠣᠩᠭᠤᠯ ᠢᠶᠠᠷ ᠬᠢᠴᠢᠶᠡᠯᠯᠡᠬᠦ ᠤᠷᠠᠯᠢᠭ ᠤᠨ | ᠲᠥᠷᠥᠯ ᠤᠨ ᠰᠢᠯᠭᠠᠭᠤᠯᠣᠬᠰᠠᠳ ᠤᠨ ᠲᠤᠰᠬᠠᠢ ᠮᠡᠷᠭᠡᠵᠢᠯ ᠤᠨ ᠬᠢᠷᠢ ᠪᠥᠳᠥᠮᠵᠢ ᠨᠢ ᠵᠠᠪᠠᠯ ᠬᠢᠷᠢ ᠲᠡᠩᠴᠡᠭᠰᠡᠨ ᠪᠠᠶᠢᠬᠤ ᠬᠡᠷᠡᠭᠲᠡᠢ᠂ | ᠬᠢᠲᠠᠳ ᠢᠶᠠᠷ ᠬᠢᠴᠢᠶᠡᠯᠯᠡᠬᠦ ᠲᠠᠮᠢᠷ ᠤᠨ ᠲᠥᠷᠥᠯ᠂ ᠮᠣᠩᠭᠤᠯ ᠢᠶᠠᠷ ᠬᠢᠴᠢᠶᠡᠯᠯᠡᠬᠦ ᠲᠠᠮᠢᠷ ᠤᠨ ᠲᠥᠷᠥᠯ ᠤᠨ ᠰᠢᠯᠭᠠᠭᠤᠯᠣᠭᠰᠠᠳ ᠤᠨ | ᠪᠡᠶ᠎ᠠ ᠶᠢᠨ ᠲᠠᠮᠢᠷ ᠤᠨ ᠲᠤᠰᠬᠠᠢ ᠮᠡᠷᠭᠡᠵᠢᠯ ᠤᠨ ᠬᠢᠴᠢᠶᠡᠯ ᠨᠢ 50 ᠬᠤᠪᠢ ︵ᠪᠠᠭᠲᠠᠭᠠᠨ᠎ᠠ︶ ᠠᠴᠠ ᠳᠡᠭᠡᠭᠰᠢ ᠪᠠᠶᠢᠬᠤ ᠬᠡᠷᠡᠭᠲᠡᠢ᠃ | | ᠬᠤᠯᠪᠤᠭᠳᠠᠯ ᠪᠦᠬᠦᠢ ᠲᠦᠷᠦ ᠶᠢᠨ ᠪᠣᠳᠤᠯᠭ᠎ᠠ ᠶᠢᠨ ᠲᠣᠭᠲᠠᠭᠠᠯ ᠢᠶᠠᠷ᠂ ᠨᠢᠬᠡᠨᠳᠡ ᠰᠤᠷᠭᠠᠭᠤᠯᠢ ᠳᠤ ᠡᠯᠰᠡᠭᠳᠡᠭᠰᠡᠨ | ᠮᠡᠳᠡᠭᠳᠡᠯ ᠢᠶᠠᠨ ᠭᠠᠷᠳᠠᠬᠰᠠᠨ ᠰᠢᠯᠭᠠᠭᠤᠯᠣᠬᠰᠠᠳ ᠡᠨᠡ ᠤᠳᠠᠭ᠎ᠠ ᠶᠢᠨ ᠰᠤᠷᠤᠬᠴᠢ ᠨᠦᠬᠦᠵᠦ ᠡᠯᠰᠡᠬᠦ ᠳᠤ ᠣᠷᠤᠯᠴᠠᠬᠤ ᠬᠢᠷᠢ ᠬᠡᠮ | ᠪᠠᠶᠢᠬᠤ ᠦᠭᠡᠢ᠃ |