ᠮᠤᠩᠭᠤᠯ ᠤᠶᠤᠳᠠᠳ - ᠰᠢᠯᠭᠠᠯᠲᠠ
ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠶᠢᠨ ᠰᠢᠨᠵᠢ ᠴᠢᠨᠠᠷ
      ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠪᠤᠯ ᠦᠪᠡᠷ ᠲᠡᠭᠡᠨ  ᠰᠤᠷᠤᠭᠰᠠᠳ ᠰᠤᠷᠤᠯᠭ᠎ᠠ ᠶᠢᠨ ᠨᠠᠮᠳᠠᠷ ᠢᠶᠠᠷ ᠭᠤᠤᠯ ᠪᠤᠯᠭᠠᠭᠰᠠᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠤᠯᠤᠰ ᠤᠨ  ᠰᠢᠯᠭᠠᠯᠳᠠ ᠪᠤᠯᠤᠨ᠎ᠠ᠂  ᠬᠤᠪᠢ ᠬᠦᠮᠦᠨ ᠦᠪᠡᠷ ᠲᠡᠭᠡᠨ ᠰᠤᠷᠬᠤ᠂ ᠨᠡᠶᠢᠭᠡᠮ ᠠᠴᠠ ᠰᠤᠷᠤᠯᠭ᠎ᠠ ᠶᠢ ᠲᠡᠳᠭᠦᠬᠦ ᠪᠠ ᠤᠯᠤᠰ ᠤᠨ  ᠰᠢᠯᠭᠠᠯᠳᠠ ᠶᠢ ᠤᠶᠠᠯᠳᠤᠭᠤᠯᠤᠭᠰᠠᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠯᠪᠡᠷᠢ ᠪᠤᠯᠤᠨ᠎ᠠ᠂ ᠮᠦᠨᠴᠦ ᠤᠳᠤᠬᠠᠨ ᠳᠤ  ᠬᠡᠪᠴᠢᠶ᠎ᠠ ᠪᠠᠷ ᠬᠠᠮᠤᠭ ᠤᠨ ᠶᠡᠭᠡ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠡᠯᠪᠡᠷᠢ᠂ ᠵᠢᠯ ᠪᠤᠯᠭᠠᠨ 1200 ᠲᠦᠮᠡᠨ ᠬᠦᠮᠦᠨ  ᠤᠳᠠᠭ᠎ᠠ ᠰᠢᠯᠭᠠᠯᠳᠠ ᠳᠤ  ᠤᠷᠤᠯᠴᠠᠵᠤ  ᠪᠤᠢ᠃              ᠲᠡᠷᠡ ᠨᠢ ᠬᠤᠶᠠᠳᠠᠮᠠᠯ ᠴᠢᠨᠠᠷ᠂ ᠲᠠᠷᠤᠢ  ᠰᠢᠯᠭᠠᠯᠳᠠ ᠶᠢᠨ ᠰᠢᠨᠵᠢ ᠴᠢᠨᠠᠷ ᠪᠤᠯᠤᠨ ᠰᠤᠷᠭᠠᠨ ᠬᠦᠮᠦᠵᠢᠯ ᠤᠨ ᠰᠢᠨᠵᠢ ᠴᠢᠨᠠᠷ  ᠲᠠᠢ᠃ ᠰᠢᠯᠭᠠᠯᠳᠠ ᠶᠢᠨ  ᠰᠢᠨᠵᠢ ᠴᠢᠨᠠᠷ ᠠᠴᠠ ᠦᠵᠡᠪᠡᠯ ᠲᠡᠷᠡ  ᠪᠤᠯ ᠨᠢᠭᠡ ᠵᠦᠢᠯ ᠤᠨ  ᠲᠤᠮᠤ ᠬᠡᠪᠴᠢᠶ᠎ᠠ ᠶᠢᠨ᠂ ᠨᠡᠶᠢᠭᠡᠮᠴᠢ ᠴᠢᠨᠠᠷᠳᠠᠢ  ᠪᠠ ᠬᠠᠷᠠᠯᠳᠠᠳᠤ ᠴᠢᠨᠠᠷᠳᠠᠢ ᠤᠯᠤᠰ ᠤᠨ ᠰᠤᠷᠤᠯᠭ᠎ᠠ ᠶᠢᠨ ᠨᠠᠮᠳᠠᠷ ᠤᠨ  ᠬᠢᠷᠢ ᠭᠡᠮ ᠤᠨ ᠰᠢᠯᠭᠠᠯᠳᠠ ᠪᠤᠯᠤᠨ᠎ᠠ︔  ᠰᠤᠷᠭᠠᠨ ᠬᠦᠮᠦᠵᠢᠯ   ᠤᠨ  ᠰᠢᠨᠵᠢ ᠴᠢᠨᠠᠷ ᠠᠴᠠ ᠶᠠᠷᠢᠪᠠᠯ᠂ ᠲᠡᠷᠡ ᠪᠤᠯ ᠨᠢᠭᠡ ᠵᠦᠢᠯ ᠤᠨ  ᠨᠡᠭᠡᠭᠡᠯᠳᠡᠳᠦ ᠴᠢᠨᠠᠷᠳᠠᠢ ᠨᠡᠶᠢᠭᠡᠮ ᠤᠨ  ᠰᠤᠷᠭᠠᠨ ᠬᠦᠮᠦᠵᠢᠯ   ᠪᠤᠯᠤᠨ᠎ᠠ᠂ ᠦᠷᠭᠦᠯᠵᠢᠯᠡᠨ ᠰᠤᠷᠭᠠᠨ ᠬᠦᠮᠦᠵᠢᠯ ᠪᠤᠯᠤᠨ ᠨᠠᠰᠤᠨ  ᠲᠤᠷᠰᠢᠳᠠ ᠶᠢᠨ ᠰᠤᠷᠭᠠᠨ ᠬᠦᠮᠦᠵᠢᠯ ᠤᠨ ᠰᠢᠨᠵᠢ ᠴᠢᠨᠠᠷ ᠲᠠᠢ᠃   ᠤᠳᠤᠬᠠᠨ ᠳᠤ ᠤᠯᠠᠩᠭᠢ ᠲᠤᠭᠠᠨ ᠤ  ᠠᠷᠠᠳ ᠠᠴᠠ ᠡᠷᠬᠢᠯᠡᠭᠰᠡᠨ ᠲᠡᠭᠡᠳᠦ ᠵᠡᠷᠭᠡ ᠶᠢᠨ  ᠰᠤᠷᠭᠠᠭᠤᠯᠢ ᠨᠢ ᠲᠡᠭᠦᠰᠬᠦ ᠦᠨᠡᠮᠯᠡᠯ  ᠤᠯᠭᠤᠬᠤ ᠬᠢᠷᠢ ᠭᠡᠮ ᠦᠭᠡᠢ ᠠᠴᠠ ᠤᠯᠠᠩᠭᠢ ᠬᠦᠮᠦᠰ ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠳᠤ ᠤᠷᠤᠯᠴᠠᠵᠤ ᠤᠯᠤᠰ   ᠠᠴᠠ  ᠵᠦᠪᠰᠢᠶᠡᠷᠡᠭᠰᠡᠨ ᠦᠨᠡᠮᠯᠡᠯ ᠠᠪᠳᠠᠭ᠃              ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠲᠡᠭᠡᠨ ᠰᠤᠷᠴᠤ ᠰᠢᠯᠭᠠᠭᠤᠯᠬᠤ ᠰᠢᠯᠭᠠᠯᠳᠠ ᠶᠢᠨ ᠡᠭᠦᠷᠭᠡ ᠪᠤᠯ ᠤᠯᠤᠰ   ᠤᠨ  ᠰᠢᠯᠭᠠᠯᠳᠠ ᠶᠢ ᠲᠠᠮᠵᠢᠵᠤ ᠬᠤᠪᠢ ᠬᠦᠮᠦᠨ ᠤ  ᠦᠪᠡᠷ ᠲᠡᠭᠡᠨ ᠰᠤᠷᠬᠤ ᠪᠠ ᠨᠡᠶᠢᠭᠡᠮ ᠤᠨ ᠰᠤᠷᠤᠯᠭ᠎ᠠ ᠶᠢ  ᠲᠡᠳᠭᠦᠬᠦ  ᠠᠵᠢᠯᠯᠠᠭ᠎ᠠ ᠶᠢ  ᠠᠬᠢᠭᠤᠯᠬᠤ᠂  ᠠᠵᠢᠯ ᠳᠤ ᠪᠠᠶᠢᠭ᠎ᠠ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ ᠪᠠ ᠦᠷᠭᠦᠯᠵᠢᠯᠡᠭᠰᠡᠨ ᠰᠤᠷᠭᠠᠨ  ᠬᠦᠮᠦᠵᠢᠯ ᠢ  ᠠᠬᠢᠭᠤᠯᠬᠤ ᠪᠤᠯᠤᠨ᠎ᠠ᠃            ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ  ᠠᠷᠠᠳ ᠢᠷᠭᠡᠳ ᠴᠢᠨᠠᠷ ᠤᠨ ᠢᠯᠭᠠᠯ᠂ ᠨᠠᠰᠤ ᠵᠢᠯ᠂  ᠦᠨᠳᠦᠰᠦᠳᠡᠨ᠂  ᠠᠷᠠᠰᠤᠳᠠᠨ ᠪᠠ ᠨᠢᠭᠡᠨᠳᠡ ᠬᠦᠷᠳᠡᠭᠰᠡᠨ ᠰᠤᠷᠭᠠᠨ ᠬᠦᠮᠦᠵᠢᠯ ᠤᠨ ᠢᠯᠭᠠᠭ᠎ᠠ ᠪᠠᠶᠢᠬᠤ ᠦᠭᠡᠢ ᠪᠠᠷ ᠲᠦᠷᠦ ᠶᠢᠨ  ᠶᠠᠪᠤᠳᠠᠯ ᠤᠨ  ᠬᠤᠷᠢᠶ᠎ᠠ ᠶᠢᠨ ︽ᠲᠡᠭᠡᠳᠦ ᠵᠡᠷᠭᠡ ᠶᠢᠨ  ᠰᠤᠷᠭᠠᠨ ᠬᠦᠮᠦᠵᠢᠯ ᠤᠨ ᠦᠪᠡᠷ ᠲᠡᠭᠡᠨ  ᠰᠤᠷᠴᠤ ᠰᠢᠯᠭᠠᠭᠤᠯᠬᠤ ᠰᠢᠯᠭᠠᠯᠳᠠ  ᠶᠢᠨ  ᠲᠦᠷ  ᠬᠡᠷᠡᠭᠵᠢᠭᠦᠯᠬᠦ ᠲᠦᠷᠢᠮ︾ ᠤᠨ ᠲᠤᠭᠳᠠᠭᠠᠯ ᠶᠤᠰᠤᠭᠠᠷ ᠦᠪᠡᠷ ᠲᠡᠭᠡᠨ ᠰᠤᠷᠴᠤ ᠰᠢᠯᠭᠠᠬᠤ ᠰᠢᠯᠭᠠᠯᠳᠠ ᠳᠤ ᠤᠷᠤᠯᠴᠠᠵᠤ ᠪᠤᠯᠤᠨ᠎ᠠ᠃  ᠁
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号