ᠮᠤᠩᠭᠤᠯ ᠤᠶᠤᠳᠠᠳ - ᠰᠢᠯᠭᠠᠯᠲᠠ
ᠪᠦᠬᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠠᠯᠪᠠᠳᠠᠨ ᠡᠯᠰᠡᠬᠦ ᠰᠢᠯᠭᠠᠯᠳᠠ ᠳᠤ 2.8 ᠲᠦᠮᠡᠨ ᠬᠦᠮᠦᠨ ᠤᠷᠤᠯᠴᠠᠪᠠ
     11 ᠰᠠᠷ᠎ᠠ ᠶᠢᠨ 2 ᠤᠨ ᠡᠳᠤᠷ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ  ᠠᠯᠪᠠᠳᠠᠨ ᠡᠯᠰᠡᠬᠦ ᠪᠢᠷ ᠤᠨ ᠰᠢᠯᠭᠠᠯᠳᠠ ᠪᠦᠬᠦ ᠤᠷᠤᠨ ᠤ 30 ᠭᠠᠷᠤᠢ ᠰᠢᠯᠭᠠᠯᠳᠠ ᠶᠢᠨ ᠳᠠᠯᠠᠪᠠᠢ ᠳᠤ ᠵᠡᠷᠭᠡᠪᠡᠷ ᠶᠠᠪᠤᠭᠳᠠᠪᠠ᠃  ᠤᠢᠢᠯᠠᠭᠠᠭᠰᠠᠨ ᠢᠶᠠᠷ᠂ ᠡᠨᠡ ᠵᠢᠯ ᠪᠦᠬᠦ ᠤᠷᠤᠨ ᠤ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠤᠳᠤᠭᠠᠳᠤ ᠶᠢ ᠬᠠᠮᠠᠭᠠᠯᠠᠬᠤ᠂  ᠬᠠᠤᠯᠢ ᠴᠠᠭᠠᠵᠠ ᠵᠡᠷᠭᠡ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠠᠯᠪᠠᠳᠠᠨ ᠡᠯᠰᠡᠬᠦ ᠰᠢᠯᠭᠠᠯᠳᠠ ᠪᠠᠷ ᠳᠠᠮᠵᠢᠭᠤᠯᠣᠨ᠂  ᠨᠡᠶᠢᠭᠡᠮ ᠳᠡᠭᠡᠷ᠎ᠠ ᠠᠴᠠ 2435 ᠠᠯᠪᠠᠳᠠᠨ ᠡᠯᠰᠡᠬᠦ ᠪᠠᠷ ᠳᠤᠭᠳᠠᠵᠠᠢ᠃ ᠡᠨᠡ ᠤᠳᠠᠭ᠎ᠠ ᠶᠢᠨ ᠰᠢᠯᠭᠠᠯᠳᠠ ᠳᠤ ᠪᠦᠬᠦ ᠤᠷᠤᠨ ᠤ 2.8  ᠲᠦᠮᠡᠨ ᠰᠢᠯᠠᠭᠠᠭᠤᠯᠤᠭᠰᠠᠳ ᠤᠷᠤᠯᠴᠠᠨ᠂ ᠳᠤᠮᠳᠠᠴᠢ ᠡᠯᠰᠡᠬᠦ ᠬᠠᠷᠢᠴᠠᠯ ᠨᠢ 1᠄ 11 ᠳᠤ ᠬᠦᠷᠴᠠᠢ᠃ ᠳᠤᠰᠬᠠᠢ ᠮᠡᠷᠭᠡᠵᠢᠯ᠂  ᠰᠢᠯᠭᠠᠯᠳᠠ ᠳᠤ ᠤᠷᠤᠯᠴᠠᠬᠤ ᠨᠦᠬᠦᠴᠡᠯ᠂ ᠡᠷᠤᠬᠡ ᠠᠮᠠ ᠶᠢᠨ ᠳᠠᠩᠰᠠ ᠵᠡᠷᠭᠡ ᠶᠢᠨ ᠬᠢᠵᠠᠭᠠᠷᠯᠠᠯ ᠠᠴᠠ ᠪᠤᠯᠵᠦ᠂ ᠰᠢᠯᠠᠭᠠᠯᠳᠠ ᠳᠤ  ᠨᠡᠷ᠎ᠠ ᠮᠡᠳᠡᠬᠦᠯᠦᠭᠰᠡᠳ ᠤᠨ ᠳᠤᠭ᠎ᠠ ᠪᠠ ᠦᠷᠢᠰᠦᠯᠳᠦᠭᠡᠨ ᠨᠢ ᠪᠦᠬᠦ ᠤᠯᠤᠰ ᠲᠤ ᠠᠪᠴᠤ ᠬᠡᠯᠡᠪᠡᠯ ᠳᠡᠶᠢᠮᠤ ᠬᠤᠷᠴᠠ ᠰᠢᠷᠦᠬᠦᠨ ᠪᠢᠰᠢ᠃ ᠠᠩᠬ᠎ᠠ ᠠᠯᠬᠤᠮ ᠲᠦᠰᠦᠪᠯᠡᠬᠦ ᠪᠠᠷ ᠪᠢᠷ ᠤᠨ ᠰᠢᠯᠭᠠᠯᠳᠠ ᠶᠢᠨ ᠬᠢᠷᠢ ᠪᠦᠳᠦᠮᠵᠢ ᠶᠢ 11 ᠰᠠᠷ᠎ᠠ ᠶᠢᠨ ᠰᠡᠬᠦᠯᠴᠢ ᠪᠠᠷ ᠨᠡᠶᠢᠳᠡᠯᠡᠨ᠎ᠠ᠃  ᠁
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号