ᠲᠦᠷᠦ ᠶᠢᠨ ᠤᠯᠤᠰ ᠤᠨ ᠠᠯᠪᠠᠳᠠᠨ ᠤ ᠳᠤᠪᠴᠢᠶᠠᠨ ᠤ ︽ᠤᠯᠤᠰ ᠤᠨ ᠠᠯᠪᠠᠳᠠᠨ ᠢ ᠱᠠᠩᠨᠠᠨ ᠬᠦᠬᠢᠬᠦᠯᠬᠦ ᠠᠷᠭ᠎ᠠ︾ | ︽ᠤᠯᠤᠰ ᠤᠨ ᠠᠯᠪᠠᠳᠠᠨ ᠢ ᠬᠦᠮᠦᠵᠢᠬᠦᠯᠦᠨ ᠪᠤᠯᠪᠠᠰᠤᠷᠠᠭᠤᠯᠬᠤ ᠠᠷᠭ᠎ᠠ︾ ︽ᠤᠯᠤᠰ ᠤᠨ ᠠᠯᠪᠠᠳᠠᠨ ᠢ ᠰᠢᠯᠭᠠᠨ ᠬᠡᠷᠡᠭᠯᠡᠬᠦ | ᠠᠷᠭ᠎ᠠ︾ ᠳᠤ ᠳᠤᠭᠳᠠᠭᠠᠭᠰᠠᠨ ᠢᠶᠠᠷ᠂ ᠤᠯᠤᠰ ᠤᠨ ᠠᠯᠪᠠᠳᠠᠨ ᠤ ᠵᠢᠯ ᠤᠨ ᠡᠴᠦᠰ ᠤᠨ ᠰᠢᠯᠭᠠᠨ ᠳᠤᠭᠳᠠᠭᠠᠯᠳᠠ ᠳᠤ | ᠬᠤᠶᠠᠷ ᠵᠢᠯ ᠳᠠᠷᠠᠭᠠᠯᠠᠨ ︽ ᠠᠵᠢᠯ ᠳᠠᠭᠠᠨ ᠬᠢᠷᠢ ᠳᠡᠩᠴᠡᠭᠰᠡᠨ︾ ᠭᠡᠬᠦ ᠦᠨᠡᠯᠡᠯᠳᠡ ᠤᠯᠪᠠᠯ ᠨᠢᠭᠡ ᠳᠡᠰ ᠴᠠᠯᠢᠩ ᠦᠰᠭᠡᠨ᠎ᠡ︔ | ᠳᠠᠪᠤᠨ ᠵᠢᠯ ᠳᠠᠷᠠᠭᠠᠯᠠᠨ ︽ ᠠᠵᠢᠯ ᠳᠠᠭᠠᠨ ᠬᠢᠷᠢ ᠳᠡᠩᠴᠡᠭᠰᠡᠨ︾ ᠭᠡᠬᠦ ᠦᠨᠡᠯᠡᠯᠳᠡ ᠤᠯᠪᠠᠯ ᠳᠤᠰ ᠠᠵᠢᠯ ᠤᠨ ᠬᠦᠷᠢᠶ᠎ᠡ | ᠬᠡᠪᠴᠢᠶᠠᠨ ᠳᠡᠭᠡᠨ ᠨᠢᠭᠡ ᠳᠡᠰ ᠠᠯᠪᠠᠨ ᠳᠤᠰᠢᠶᠠᠯ ᠦᠰᠭᠡᠵᠦ᠂ ᠵᠢᠯ ᠤᠨ ᠡᠴᠦᠰ ᠤᠨ ᠰᠢᠯᠭᠠᠨ ᠪᠠᠶᠢᠴᠠᠭᠠᠯᠳᠠ ᠶᠢᠨ ᠱᠠᠩᠨᠠᠯ | ᠤᠨ ᠮᠦᠩᠬᠦ ᠬᠦᠷᠳᠡᠭᠡᠨ᠎ᠡ ᠭᠡᠵᠦ ᠳᠤᠭᠳᠠᠭᠠᠭᠰᠠᠨ ᠪᠠᠶᠢᠨ᠎ᠠ᠃ | ᠬᠦᠮᠦᠰ ᠤᠨ ᠠᠩᠬᠠᠷᠤᠯ ᠢ ᠳᠠᠳᠠᠭᠰᠠᠨ ᠪᠠᠰᠠ ᠨᠢᠭᠡ ᠳᠤᠭᠳᠠᠭᠠᠯ ᠭᠡᠪᠡᠯ᠂ ᠬᠤᠶᠠᠷ ᠵᠢᠯ ᠳᠠᠷᠠᠭᠠᠯᠠᠨ ︽ ᠠᠵᠢᠯ ᠳᠠᠭᠠᠨ | ᠬᠢᠷᠢ ᠳᠡᠩᠴᠡᠭᠰᠡᠨ ᠦᠭᠡᠢ︾ ᠭᠡᠬᠦ ᠦᠨᠡᠯᠡᠯᠳᠡ ᠤᠯᠪᠠᠯ ᠳᠤᠰᠢᠶᠠᠯ ᠠᠴᠠ ᠨᠢ ᠤᠭᠴᠠᠷᠠᠭᠤᠯᠤᠨ᠎ᠠ ᠭᠡᠰᠡᠨ ᠪᠠᠶᠢᠨ᠎ᠠ᠃ ᠡᠨᠡ ᠨᠢ | ᠬᠡᠳᠦᠶᠢᠪᠡᠷ ᠬᠦᠮᠦᠰ ᠲᠤ ︽ ᠠᠯᠳᠠᠨ ᠠᠶᠠᠭ᠎ᠠ︾ ᠭᠡᠮᠡᠭᠳᠡᠭᠰᠡᠨ ᠤᠯᠤᠰ ᠤᠨ ᠠᠯᠪᠠᠳᠠᠨ ᠤ ᠠᠵᠢᠯ ᠳᠤ ᠵᠤᠬᠢᠬᠤ | ᠰᠢᠯᠢᠭᠳᠡᠨ ᠭᠠᠷᠬᠤ ᠲᠦᠷᠢᠮᠵᠢᠯ ᠳᠤᠭᠳᠠᠭᠠᠵᠤ ᠦᠭᠭᠦᠭᠰᠡᠨ ᠪᠤᠯᠪᠠᠴᠦ ᠵᠠᠷᠢᠮ ᠬᠦᠮᠦᠰ ᠤᠨ ᠦᠵᠡᠬᠦ ᠪᠠᠷ ᠡᠨᠡᠬᠦ ᠳᠦᠷᠢᠮᠵᠢᠯ ᠢ | ᠴᠢᠨᠠᠭᠰᠢᠳᠡ ᠨᠠᠷᠢᠨ ᠨᠢᠮᠪᠡᠢ ᠳᠤᠭᠳᠠᠭᠠᠵᠤ᠂ ᠭᠡᠯᠪᠡᠷᠢ ᠶᠢᠨ ᠦᠵᠡᠯ ᠪᠤᠯᠬᠤ ᠠᠴᠠ ᠵᠠᠶᠢᠯᠠᠰᠬᠢᠬᠦ ᠭᠡᠷᠡᠭᠳᠡᠢ ᠭᠡᠵᠡᠢ᠃ |