ᠮᠤᠩᠭᠤᠯ ᠤᠶᠤᠳᠠᠳ - ᠰᠢᠯᠭᠠᠯᠲᠠ
ᠡᠬᠡ ᠬᠠᠭᠤᠷᠡᠢ ᠠᠴᠠ ᠵᠢᠯ ᠪᠦᠷᠢ 1000 ᠨᠡᠷᠡᠰ ᠰᠤᠷᠤᠭᠴᠢ ᠲᠠᠶᠢᠸᠠᠨ ᠳᠤ ᠬᠦᠷᠴᠦ ᠰᠤᠷᠤᠯᠴᠠᠵᠤ ᠪᠤᠯᠤᠨ᠎ᠠ
     ᠲᠠᠷᠠᠭ᠎ᠠ ᠰᠠᠷ᠎ᠠ ᠲᠠᠶᠢᠸᠠᠨ ᠤ ᠰᠤᠷᠤᠯᠭ᠎ᠠ ᠶᠢᠨ ᠨᠠᠮᠳᠠᠷ ᠢ ᠭᠡᠷᠡᠴᠢᠯᠡᠬᠦ ᠲᠤᠭᠤᠶᠢᠯᠠᠩ ᠪᠡᠭᠡᠵᠢᠩ ᠳᠤ ᠤᠴᠢᠵᠦ᠂ ᠲᠠᠯᠠᠢ ᠶᠢᠨ ᠬᠤᠶᠠᠷ  ᠬᠦᠪᠡᠭᠡᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠢ ᠬᠠᠷᠢᠯᠴᠠᠨ ᠮᠠᠳᠡᠷᠡᠬᠦ ᠲᠤᠬᠠᠢ ᠨᠠᠷᠢᠨ ᠣᠴᠢᠷ ᠢ  ᠶᠠᠷᠢᠯᠴᠠᠬᠤ ᠪᠤᠯᠤᠨ᠎ᠠ᠃ ᠵᠢᠱᠢᠯᠳᠡ ᠪᠠᠷ ᠲᠠᠷᠠᠭ᠎ᠠ ᠵᠢᠯ ᠤᠨ ᠳᠤᠮᠳᠠᠴᠢ ᠪᠠᠷ᠂ ᠬᠤᠶᠠᠷ ᠬᠦᠪᠡᠭᠡᠨ ᠤ ᠰᠤᠷᠤᠯᠭ᠎ᠠ ᠶᠢᠨ ᠨᠠᠮᠳᠠᠷ  ᠢ  ᠬᠠᠷᠢᠯᠴᠠᠨ ᠮᠠᠳᠠᠷᠡᠬᠦ ᠶᠠᠪᠤᠳᠠᠯ ᠨᠢ ᠬᠤᠶᠠᠷ ᠠᠯᠬᠤᠮ ᠢᠶᠠᠷ ᠶᠠᠪᠤᠭᠳᠠᠬᠤ ᠪᠤᠯᠤᠨ᠎ᠠ᠃ ᠡᠬᠡ ᠬᠠᠭᠤᠷᠡᠢ ᠠᠴᠠ ᠵᠢᠯ ᠪᠦᠷᠢ 1000 ᠨᠡᠷᠡᠰ  ᠰᠤᠷᠤᠭᠴᠢ ᠲᠠᠶᠢᠸᠠᠨ ᠳᠤ ᠬᠦᠷᠴᠦ ᠰᠤᠷᠤᠯᠴᠠᠵᠤ ᠪᠤᠯᠤᠨ᠎ᠠ︔ ᠤᠶᠢᠷ᠎ᠠ ᠶᠢᠨ ᠬᠤᠶᠠᠷ ᠡᠳᠦᠷ ᠲᠤ ᠳᠦᠷᠪᠡᠳᠦᠭᠡᠷ ᠤᠳᠠᠭᠠᠨ ᠤ ᠲᠠᠯᠠᠢ   ᠶᠢᠨ ᠬᠤᠶᠠᠷ ᠬᠦᠪᠡᠭᠡᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠶᠠᠷᠢᠶᠠᠨ ᠤ ᠲᠠᠪᠴᠠᠩ ᠭᠤᠸᠠᠩᠵᠸᠤ ᠶᠡᠭᠡ ᠰᠤᠷᠭᠠᠭᠤᠯᠢ   ᠶᠢᠨ ᠭᠤᠸᠠᠩᠳᠦ᠋ᠩ ᠠᠵᠦ ᠦᠢᠯᠡᠳᠪᠦᠷᠢ ᠶᠢᠨ ᠶᠡᠭᠡ ᠰᠤᠷᠭᠠᠭᠤᠯᠢ ᠳᠤ ᠦᠪᠡᠳᠡᠭᠰᠢ ᠶᠡᠭᠡ ᠪᠠᠷ ᠶᠠᠪᠤᠭᠳᠠᠵᠡᠢ᠃ ᠭᠤᠸᠠᠩᠳᠦ᠋ᠩ ᠮᠤᠵᠢ   ᠶᠢᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠨᠡᠶᠢᠭᠡᠮᠯᠢᠭ ᠪᠠ ᠲᠠᠶᠢᠸᠠᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ  ᠨᠡᠶᠢᠭᠡᠮᠯᠢᠭ ᠤᠨ ᠬᠠᠷᠢᠭᠤᠴᠠᠯᠭᠠᠳᠠᠳ ᠠᠴᠠ ᠳᠡᠭᠡᠷ᠎ᠡ ᠶᠠᠷᠢᠭᠰᠠᠨ ᠰᠤᠷᠠᠭ ᠴᠢᠮᠡᠭᠡ ᠶᠢ ᠢᠯᠡᠷᠬᠡᠶᠢᠯᠡᠭᠰᠡᠨ ᠪᠠᠶᠢᠨ᠎ᠠ᠃           20 ᠭᠠᠷᠤᠢ ᠬᠦᠮᠦᠰ ᠢᠶᠠᠨ ᠳᠠᠭᠠᠭᠤᠯᠤᠨ ᠦᠴᠦᠭᠡᠳᠤᠷ ᠤᠨ ᠬᠢᠭᠰᠡᠨ ᠬᠤᠶᠠᠷ ᠬᠦᠪᠡᠭᠡᠨ ᠤ ᠳᠡᠭᠡᠳᠦ ᠵᠡᠷᠭᠡ ᠶᠢᠨ ᠰᠤᠷᠭᠠᠨ  ᠬᠦᠮᠦᠵᠢᠯ ᠤᠨ ᠶᠠᠷᠢᠶᠠᠨ ᠤ ᠲᠠᠪᠴᠠᠩ ᠳᠤ ᠤᠷᠤᠯᠴᠠᠭᠰᠠᠨ ᠲᠠᠶᠢᠸᠠᠨ ᠤ ᠲᠦᠯᠤᠭᠡᠯᠡᠭᠴᠢ ᠶᠢᠨ ᠪᠦᠯᠬᠦᠮ ᠤᠨ ᠲᠠᠷᠤᠭ᠎ᠠ᠂ ᠲᠠᠶᠢᠸᠠᠨ  ᠤ  ᠲᠡᠭᠡᠳᠦ ᠵᠡᠷᠭᠡ ᠶᠢᠨ ᠰᠣᠷᠭᠠᠨ ᠬᠦᠮᠦᠵᠢᠯ  ᠤᠨ ᠨᠡᠶᠢᠭᠡᠮᠯᠢᠭ ᠤᠨ ᠬᠡᠷᠡᠭ ᠡᠷᠬᠢᠯᠡᠭᠴᠢ ᠶᠠᠩ ᠭᠦᠸᠧ ᠼᠢ᠄ ᠲᠠᠯᠠᠢ ᠶᠢᠨ ᠬᠤᠶᠠᠷ  ᠬᠦᠪᠡᠭᠡᠨ ᠤ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠢ ᠬᠠᠷᠢᠯᠴᠠᠨ ᠮᠡᠳᠡᠷᠡᠬᠦ ᠠᠷᠭ᠎ᠠ ᠠᠪᠴᠠᠯ ᠢ ᠶᠠᠭ  ᠰᠤᠳᠤᠯᠵᠦ ᠪᠠᠶᠢᠨ᠎ᠠ ᠭᠡᠵᠦ ᠢᠯᠡᠷᠬᠡᠶᠢᠯᠡᠪᠡ᠃ ︿︿ᠦᠨᠡᠨ ᠳᠡᠭᠡᠨ 10 ᠵᠢᠯ  ᠤᠨ ᠡᠮᠤᠨ᠎ᠠ ᠨᠢᠭᠡᠨᠳᠠ  ᠲᠦᠯᠦᠪᠯᠡᠭᠰᠡᠨ ᠪᠠᠶᠢᠨ᠎ᠠ﹀﹀᠂  ᠭᠡᠬᠦ ᠳᠡᠭᠡᠨ ᠲᠠᠯᠠᠢ ᠶᠢᠨ ᠬᠤᠶᠠᠷ ᠬᠦᠪᠡᠭᠡᠨ ᠤ ᠲᠡᠭᠡᠳᠦ  ᠵᠡᠷᠭᠡ ᠶᠢᠨ ᠰᠣᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠢ ᠬᠠᠷᠢᠯᠴᠠᠨ  ᠮᠡᠳᠡᠷᠡᠬᠦ ᠨᠢ ᠠᠯᠬᠤᠮ ᠳᠠᠷᠠᠭ᠎ᠠ ᠲᠠᠢ ᠶᠠᠪᠤᠭᠳᠠᠬᠤ ᠪᠤᠯᠤᠨ᠎ᠠ᠄ ᠨᠢᠭᠡᠳᠤᠭᠡᠷ ᠲᠤ᠂ ᠲᠠᠶᠢᠸᠠᠨ ᠠᠴᠠ ᠡᠬᠡ ᠬᠠᠭᠤᠷᠠᠢ ᠶᠢᠨ 39   ᠭᠤᠤᠯᠳᠠᠯᠭ᠎ᠠ ᠲᠠᠢ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠢ ᠮᠡᠳᠡᠷᠡᠬᠦ ᠪᠤᠯᠤᠨ᠎ᠠ︔ ᠬᠤᠶᠠᠳᠤᠭᠠᠷ ᠲᠤ᠂ ᠦᠷᠭᠡᠳᠭᠡᠭᠡᠳ  ᠲᠠᠯᠠ ᠭᠠᠷᠤᠢ  ︿︿211 ᠢᠨᠵᠧᠨᠧᠷᠢᠩ﹀﹀ ᠤᠨ ᠲᠡᠭᠡᠳᠦ ᠰᠤᠷᠭᠠᠭᠤᠯᠢ ᠶᠢ ᠪᠠᠭᠳᠠᠭᠠᠨ᠎ᠠ᠃            ᠡᠶᠢᠮᠦ ᠠᠴᠠ ᠳᠠᠷᠠᠭ᠎ᠠ ᠰᠠᠷ᠎ᠠ ᠲᠠᠶᠢᠸᠠᠨ ᠤ ᠰᠤᠷᠤᠯᠭ᠎ᠠ ᠶᠢᠨ ᠨᠠᠮᠳᠠᠷ ᠢ ᠭᠡᠷᠡᠴᠢᠯᠡᠬᠦ ᠲᠤᠭᠤᠶᠢᠯᠠᠩ ᠪᠡᠭᠡᠵᠢᠩ ᠳᠤ ᠬᠦᠷᠴᠦ ᠬᠤᠶᠠᠷ  ᠬᠦᠪᠡᠭᠡᠨ ᠤ ᠰᠤᠷᠤᠭᠴᠢ ᠶᠢᠨ ᠨᠡᠷ᠎ᠡ ᠮᠡᠳᠡᠭᠦᠯᠬᠦ᠂ ᠰᠤᠷᠤᠯᠴᠠᠬᠤ ᠪᠠ ᠤᠷᠤᠨ ᠰᠠᠭᠤᠴᠠ ᠶᠢᠨ ᠲᠤᠬᠠᠢ ᠨᠠᠷᠢᠨ ᠣᠴᠢᠷ ᠢ ᠵᠦᠪᠳᠡᠯᠴᠡᠬᠦ  ᠪᠤᠯᠤᠨ᠎ᠠ᠃ ᠶᠠᠩ ᠭᠦᠸᠧ ᠼᠢ ᠢᠯᠡᠷᠬᠡᠶᠢᠯᠡᠬᠦ ᠳᠡᠭᠡᠨ᠄ ︿︿ᠵᠢᠱᠢᠯᠳᠠ ᠪᠠᠷ ᠳᠠᠷᠠᠭ᠎ᠠ ᠵᠢᠯ ᠤᠨ ᠳᠤᠮᠳᠠᠴᠢ ᠪᠤᠯᠳᠠᠯ᠎ᠠ ᠲᠠᠯᠠᠢ ᠶᠢᠨ  ᠬᠤᠶᠠᠷ  ᠬᠦᠪᠡᠭᠡᠨ ᠤ ᠲᠡᠭᠡᠳᠦ ᠵᠡᠷᠭᠡ ᠶᠢᠨ ᠰᠣᠷᠭᠠᠨ ᠬᠦᠮᠦᠵᠢᠯ ᠤᠨ ᠰᠤᠷᠤᠯᠭ᠎ᠠ ᠶᠢᠨ ᠨᠠᠮᠳᠠᠷ ᠢ ᠬᠠᠷᠢᠯᠴᠠᠨ ᠮᠡᠳᠡᠷᠡᠬᠦ ᠶᠠᠪᠤᠳᠠᠯ ᠵᠢᠩᠭᠢᠨᠢ ᠪᠠᠷ  ᠡᠬᠢᠯᠡᠬᠦ ᠪᠦᠭᠡᠳ ᠠᠭᠠᠵᠢᠮ ᠢᠶᠠᠷ ᠦᠷᠭᠡᠵᠢᠬᠦ ᠪᠤᠯᠤᠨ᠎ᠠ﹀﹀ ᠭᠡᠵᠡᠢ᠃           ᠤᠶᠢᠯᠠᠭᠠᠭᠰᠠᠨ ᠢᠶᠠᠷ᠂ 2006 ᠤᠨ ᠤ 3 ᠰᠠᠷ᠎ᠠ ᠳᠤ ᠡᠬᠡ ᠬᠠᠭᠤᠷᠠᠢ ᠠᠴᠠ ᠭᠠᠭᠴᠨ  ᠲᠠᠯ᠎ᠠ ᠪᠠᠷ ᠢᠶᠠᠨ ᠲᠠᠶᠢᠸᠠᠨ ᠤ  ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠨ  ᠵᠦᠪᠰᠢᠶᠡᠷᠡᠭᠰᠡᠨ ᠲᠠᠶᠢᠸᠠᠨ ᠤ ᠲᠡᠭᠡᠳᠦ ᠵᠡᠷᠭᠡ ᠶᠢᠨ  ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠢ ᠮᠡᠳᠡᠷᠡᠭᠰᠡᠨ ᠪᠠᠶᠢᠨ᠎ᠠ᠃ ᠭᠡᠲᠡᠯ᠎ᠡ ᠲᠠᠶᠢᠸᠠᠨ ᠤ ᠲᠠᠯ᠎ᠠ ᠠᠴᠠ ᠶᠡᠷᠦ ᠠᠴᠠ ᠡᠬᠡ ᠬᠠᠭᠤᠷᠠᠢ   ᠶᠢᠨ ᠲᠡᠭᠡᠳᠦ ᠵᠡᠷᠭᠡ ᠶᠢᠨ ᠰᠤᠷᠭᠠᠭᠤᠯᠢ  ᠶᠢᠨ ᠰᠤᠷᠤᠯᠭ᠎ᠠ ᠶᠢᠨ ᠨᠠᠮᠳᠠᠷ ᠢ ᠮᠡᠳᠡᠷᠡᠬᠦ ᠦᠭᠡᠢ ᠪᠠᠶᠢᠵᠡᠢ᠃ ᠰᠤᠷᠤᠯᠭ᠎ᠠ ᠶᠢᠨ ᠨᠠᠮᠳᠠᠷ ᠢ  ᠬᠠᠷᠢᠯᠴᠠᠨ ᠮᠡᠳᠡᠷᠡᠭᠰᠡᠨ ᠤ ᠳᠠᠷᠠᠭ᠎ᠠ ᠲᠠᠶᠢᠸᠠᠨ ᠤ ᠲᠡᠭᠡᠳᠦ ᠵᠡᠷᠭᠡ ᠶᠢᠨ ᠰᠤᠷᠭᠠᠤᠯᠢ ᠨᠢ ᠰᠤᠳᠤᠯᠬᠤ ᠰᠤᠷᠤᠭᠴᠢ ᠶᠢᠨ ᠰᠤᠷᠭᠠᠨ  ᠬᠦᠮᠦᠵᠢᠯ ᠠᠴᠠ ᠡᠬᠢᠯᠡᠨ ᠬᠤᠶᠠᠷ ᠬᠦᠪᠡᠭᠡᠨ ᠤ ᠰᠤᠷᠤᠭᠴᠢ ᠶᠢᠨ  ᠰᠤᠯᠢᠯᠴᠠᠭ᠎ᠠ ᠶᠢ ᠲᠤᠷᠰᠢᠨ ᠬᠢᠵᠦ᠂ ᠨᠦᠬᠦᠴᠡᠯ ᠪᠦᠷᠢᠳᠦᠭᠰᠡᠨ ᠤ  ᠳᠠᠷᠠᠭ᠎ᠠ ᠵᠢᠩᠭᠢᠨᠢ ᠠᠩᠭᠢ ᠶᠢᠨ ᠰᠤᠷᠭᠠᠨ ᠬᠦᠮᠦᠵᠢᠯ ᠳᠤ ᠦᠷᠭᠡᠳᠭᠡᠬᠦ ᠪᠤᠯᠤᠨ᠎ᠠ᠃          ᠭᠤᠸᠠᠩᠳᠦ᠋ᠩ ᠮᠤᠵᠢ ᠶᠢᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠠᠴᠠ᠄  ︽ ᠲᠠᠶᠢᠸᠠᠨ  ᠤ ᠰᠤᠷᠤᠭᠴᠢ︾ ᠡᠬᠡ ᠬᠠᠭᠤᠷᠠᠢ ᠳᠤ ᠢᠷᠡᠵᠦ ᠶᠡᠭᠡ ᠰᠤᠷᠭᠠᠭᠤᠯᠢ ᠳᠤ ᠰᠤᠷᠤᠯᠴᠠᠬᠤ ᠳᠤ ᠡᠩ ᠤᠨ ᠪᠠᠶᠢᠳᠠᠯ ᠳᠤ ᠡᠬᠡ  ᠬᠠᠭᠤᠷᠠᠢ ᠶᠢᠨ ᠲᠡᠭᠡᠳᠦ ᠵᠡᠷᠭᠡ ᠶᠢᠨ  ᠰᠤᠷᠭᠠᠭᠤᠯᠢ ᠶᠢᠨ ᠰᠢᠶᠡᠩᠭᠠᠩ᠂ ᠤᠤᠮᠧᠨ᠂ ᠲᠠᠶᠢᠸᠠᠨ ᠤ ᠰᠤᠷᠤᠭᠴᠢ ᠶᠢ ᠡᠯᠰᠡᠬᠦ ᠰᠢᠯᠭᠠᠯᠳᠠ   ᠪᠠᠷ ᠳᠠᠮᠵᠢᠨ ᠤᠷᠤᠵᠦ ᠢᠷᠡᠳᠡᠭ︔ ᠵᠢᠯ ᠪᠦᠷᠢ ᠰᠢᠯᠭᠠᠯᠳᠠ ᠳᠤ ᠤᠷᠤᠯᠴᠠᠵᠦ ᠪᠠᠶᠢᠭ᠎ᠠ ᠰᠤᠷᠤᠭᠴᠢ 5000 ᠬᠦᠮᠦᠨ  ᠳᠤ ᠬᠦᠷᠴᠦ᠂  ᠬᠢᠳᠠᠳ ᠡᠮ ᠡᠮᠨᠡᠯᠭᠡ ᠶᠢᠨ ᠤᠬᠠᠭᠠᠨ᠂ ᠬᠠᠤᠯᠢ  ᠶᠢᠨ ᠤᠬᠠᠭᠠᠨ᠂ ᠡᠳ᠋ ᠤᠨ ᠵᠠᠰᠠᠭ ᠵᠡᠷᠭᠡ ᠲᠤᠰᠬᠠᠢ ᠮᠡᠷᠭᠡᠵᠢᠯ ᠨᠢ  ︽ᠲᠠᠶᠢᠸᠠᠨ ᠤ  ᠰᠤᠷᠤᠭᠴᠢ  ︾ ᠶᠢᠨ ᠬᠠᠯᠠᠭᠤᠨ ᠬᠦᠷᠢᠶᠡᠯᠡᠯ  ᠢ ᠤᠯᠵᠦ ᠪᠠᠶᠢᠨ᠎ᠠ᠃ ᠭᠡᠬᠦ ᠳᠡᠭᠡᠨ ᠲᠠᠶᠢᠸᠠᠨ ᠤ ᠲᠡᠭᠡᠳᠦ ᠵᠡᠷᠭᠡ ᠶᠢᠨ ᠰᠤᠷᠭᠠᠭᠤᠯᠢ ᠶᠢᠨ  ᠤᠶᠤᠳᠠᠨ ᠵᠦᠪᠬᠡᠨ ᠡᠪᠦᠯ ᠵᠤᠨ ᠤ ᠤᠬᠤᠷᠬᠠᠨ ᠬᠤᠭᠤᠴᠠᠭᠠᠨ ᠳᠠᠭᠠᠨ ᠯᠨ ᠡᠬᠡ ᠬᠠᠭᠤᠷᠠᠢ ᠶᠢᠨ ᠲᠡᠭᠡᠳᠦ ᠵᠡᠷᠭᠡ ᠶᠢᠨ ᠰᠤᠷᠭᠠᠭᠤᠯᠢ   ᠳᠤ ᠢᠷᠡᠵᠦ ᠰᠤᠷᠪᠤᠯᠵᠢᠯᠠᠨ ᠰᠤᠷᠤᠯᠴᠠᠳᠠᠭ᠃ ︿︿ᠲᠠᠶᠢᠸᠠᠨ ᠤ ᠰᠤᠷᠤᠭᠴᠢ﹀﹀ ᠡᠬᠡ ᠬᠠᠭᠤᠷᠠᠢ ᠶᠢᠨ ᠤᠶᠤᠳᠠᠨ ᠪᠤᠯᠬᠤ ᠪᠠᠰᠠ ᠨᠢᠭᠡᠨ  ᠠᠷᠭ᠎ᠠ ᠵᠠᠮ ᠭᠡᠪᠡᠯ ᠲᠠᠶᠢᠸᠠᠨ ᠤ ᠠᠷᠠᠯᠵᠢᠶᠠᠴᠢᠨ ᠤ ᠬᠡᠤᠬᠡᠳ ᠲᠡᠭᠦᠦᠨᠡᠷ ᠤᠨ ᠰᠤᠷᠭᠠᠭᠤᠯᠢ ᠪᠠᠷ ᠲᠠᠮᠵᠢᠬᠤ ᠶᠠᠪᠤᠳᠠᠯ ᠪᠤᠯᠤᠨ᠎ᠠ᠃    ᠁
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号