ᠮᠤᠩᠭᠤᠯ ᠤᠶᠤᠳᠠᠳ - ᠰᠢᠯᠭᠠᠯᠲᠠ
ᠰᠤᠷᠭᠠᠨ ᠬᠦᠮᠦᠵᠢᠯ ᠤᠨ ᠶᠠᠮᠤᠨ᠄ 2009 ᠤᠨ ᠤ ᠠᠰᠫᠢᠷᠠᠨᠲ ᠡᠯᠰᠡᠬᠦ ᠲᠦᠯᠦᠪᠯᠡᠭᠡ ᠶᠢ ᠠᠳᠠᠯᠢ ᠬᠤᠭᠤᠴᠠᠭᠠᠨ ᠤ ᠬᠢ  ᠠᠴᠠ ᠪᠠᠨ 5% ᠢᠶᠠᠷ ᠨᠡᠮᠡᠭᠳᠡᠭᠦᠯᠦᠨ᠎ᠡ
     ᠰᠤᠷᠭᠠᠨ ᠬᠦᠮᠦᠵᠢᠯ ᠤᠨ ᠶᠠᠮᠤᠨ ᠪᠤᠯᠤᠨ ᠤᠯᠤᠰ ᠤᠨ ᠬᠦᠭᠵᠢᠭᠦᠯᠦᠯᠳᠡ  ᠦᠭᠡᠷᠡᠴᠢᠯᠡᠯᠳᠡ ᠶᠢᠨ ᠵᠦᠪᠯᠡᠯ ᠨᠢ ᠤᠷᠴᠢᠮ  ᠬᠤᠯᠪᠤᠭᠠᠯᠠᠨ ᠮᠡᠳᠡᠭᠳᠡᠯ ᠪᠠᠭᠤᠯᠭᠠᠵᠤ᠂ 2009 ᠤᠨ ᠤ ᠠᠰᠫᠢᠷᠠᠨᠲ ᠡᠯᠰᠡᠬᠦ ᠲᠦᠯᠦᠪᠯᠡᠭᠡ ᠶᠢ ᠲᠡᠭᠡᠷ᠎ᠡ ᠵᠢᠯ ᠤᠨ ᠬᠢ ᠠᠴᠠ ᠪᠠᠨ  5% ᠢᠶᠠᠷ ᠨᠡᠮᠡᠭᠳᠡᠭᠦᠯᠬᠦ ᠪᠠᠷ ᠲᠤᠬᠢᠷᠠᠭᠤᠯᠵᠤ᠂  ᠳ᠋ᠤᠺᠲ᠋ᠤᠷ ᠡᠯᠰᠡᠬᠦ ᠲᠦᠯᠦᠪᠯᠡᠭᠡ ᠶᠢ ᠲᠡᠭᠡᠷ᠎ᠡ ᠵᠢᠯ ᠤᠨ ᠬᠢ ᠠᠴᠠ 1.7% ᠢᠶᠠᠷ  ᠨᠡᠮᠡᠭᠳᠡᠭᠦᠯᠬᠦ ᠪᠠᠷ ᠲᠤᠬᠢᠷᠠᠭᠤᠯᠬᠤ ᠬᠡᠷᠡᠭᠳᠡᠢ ᠭᠡᠵᠦ ᠱᠠᠭᠠᠷᠳᠠᠵᠠᠢ᠃            ᠮᠡᠳᠡᠭᠳᠡᠯ ᠳᠤ 2009 ᠤᠨ ᠤ ᠠᠰᠫᠢᠷᠠᠨᠲ ᠤᠨ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠨᠢ   ᠳ᠋ᠤᠺᠲ᠋ᠤᠷ ᠡᠯᠰᠡᠬᠦ  ᠬᠡᠪᠴᠢᠶ᠎ᠡ ᠶᠢ ᠦᠨᠳᠦᠰᠦᠨ ᠳᠡᠭᠡᠨ ᠲᠤᠭᠳᠠᠭᠤᠨ ᠪᠠᠶᠢᠯᠭᠠᠵᠤ᠂ ᠠᠰᠫᠢᠷᠠᠨᠲ ᠡᠯᠰᠡᠬᠦ ᠬᠡᠪᠴᠢᠶ᠎ᠡ ᠶᠢ ᠵᠤᠬᠢᠰᠳᠠᠢ ᠨᠡᠮᠡᠭᠳᠡᠭᠦᠯᠵᠦ᠂  ᠪᠦᠳᠦᠴᠡ ᠶᠢ ᠲᠤᠬᠢᠷᠠᠭᠤᠯᠵᠤ᠂ ᠶᠠᠰᠤ ᠴᠢᠨᠠᠷ ᠢ ᠲᠡᠭᠡᠭᠰᠢᠯᠡᠭᠦᠯᠦᠨ᠎ᠡ ᠭᠡᠵᠦ ᠵᠢᠭᠠᠵᠤ ᠭᠠᠷᠭᠠᠪᠠ᠃ ᠮᠡᠳᠡᠭᠳᠡᠯ ᠳᠤ ᠡᠯ᠎ᠡ ᠨᠢᠭᠡᠴᠡ ᠨᠢ  ᠰᠤᠳᠤᠯᠬᠤ ᠰᠤᠷᠤᠭᠴᠢ ᠬᠦᠮᠦᠵᠢᠭᠦᠯᠬᠦ ᠲᠤᠭᠳᠠᠴᠠ ᠶᠢᠨ ᠦᠭᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠤ᠂ ᠰᠤᠳᠤᠯᠬᠤ  ᠰᠤᠷᠤᠭᠴᠢ ᠬᠦᠮᠦᠵᠢᠭᠦᠯᠬᠦ ᠶᠠᠰᠤ ᠴᠢᠨᠠᠷ ᠢ ᠲᠡᠭᠡᠭᠰᠢᠯᠡᠭᠦᠯᠦᠨ᠎ᠡ᠂ ᠴᠡᠷᠢᠭ ᠢ ᠬᠦᠴᠦᠷᠬᠡᠭᠵᠢᠭᠦᠯᠬᠦ ᠲᠦᠯᠦᠪᠯᠡᠭᠡ᠂ ᠬᠦᠳᠡᠭᠡ ᠲᠤᠰᠬᠤᠨ ᠤ  ᠰᠤᠷᠭᠠᠭᠤᠯᠢ ᠶᠢᠨ ᠰᠤᠷᠭᠠᠨ ᠬᠦᠮᠦᠵᠢᠯ ᠳᠤ ᠠᠰᠫᠢᠷᠠᠨᠲ ᠪᠠᠭᠰᠢ ᠶᠢ ᠬᠦᠮᠦᠵᠢᠭᠦᠯᠬᠦ ᠲᠦᠯᠦᠪᠯᠡᠭᠡ ᠪᠤᠯᠤᠨ ᠲᠦᠪᠡᠳ ᠢ ᠲᠤᠰᠠᠯᠠᠬᠤ  ᠲᠦᠯᠦᠪᠯᠡᠭᠡ ᠶᠢ ᠦᠷᠬᠦᠯᠵᠢᠯᠡᠨ ᠬᠡᠷᠡᠭᠵᠢᠭᠦᠯᠬᠦ ᠪᠦᠭᠡᠳ 2009 ᠤᠨ ᠤ ᠤᠯᠤᠰ ᠤᠨ ᠰᠤᠷᠤᠭᠴᠢ ᠡᠯᠰᠡᠬᠦ ᠲᠦᠯᠦᠪᠯᠡᠭᠡ ᠳᠤ  ᠤᠷᠤᠭᠤᠯᠬᠤ ᠬᠡᠷᠡᠭᠳᠡᠢ ᠭᠡᠵᠦ ᠬᠠᠮᠳᠤ ᠳᠤᠨᠢ ᠱᠠᠭᠠᠷᠳᠠᠪᠠ᠃  ᠁
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号