ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ | ᠠᠴᠠ ᠤᠢᠢᠯᠠᠭᠠᠭᠰᠠᠨ ᠢᠶᠠᠷ᠂ 2009 ᠤᠨ ᠤ ᠮᠠᠨ ᠤ ᠤᠷᠤᠨ ᠤ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠭᠴᠢ | ᠡᠯᠰᠡᠬᠦ ᠤᠷᠠᠯᠢᠭ ᠤᠨ ᠲᠦᠷᠦᠯ᠂ ᠪᠡᠶ᠎ᠠ ᠶᠢᠨ ᠲᠠᠮᠢᠷ ᠤᠨ ᠪᠤᠯᠪᠠᠰᠤᠷᠠᠯ ᠤᠨ ᠦᠨᠳᠦᠰᠦᠳᠡᠨ ᠤ ᠤᠯᠠᠮᠵᠢᠯᠠᠯᠳᠤ ᠪᠡᠶ᠎ᠠ ᠶᠢᠨ ᠲᠠᠮᠢᠷ ᠤᠨ | ᠲᠦᠷᠦᠯ᠂ ᠲᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠳᠤ ᠲᠤᠬᠢᠷᠠᠭᠤᠯᠵᠤ ᠰᠤᠷᠤᠭᠴᠢ ᠡᠯᠰᠡᠬᠦ | ᠭᠤᠷᠪᠠᠨ ᠲᠦᠷᠦᠯ ᠤᠨ ᠰᠢᠯᠭᠠᠭᠤᠯᠤᠭᠰᠠᠳ 12 ᠰᠠᠷ᠎ᠠ ᠶᠢᠨ 20 - 12 ᠰᠠᠷ᠎ᠠ ᠶᠢᠨ 30 ᠪᠤᠯᠳᠠᠯ᠎ᠠ ᠰᠦᠯᠵᠢᠶ᠎ᠠ ᠲᠡᠭᠡᠷ᠎ᠠ ᠨᠡᠷ᠎ᠠ | ᠮᠡᠳᠡᠭᠦᠯᠦᠨ᠎ᠠ᠃ | ᠡᠨᠡ ᠵᠢᠯ ᠮᠦᠨ ᠰᠦᠯᠵᠢᠶ᠎ᠠ ᠲᠡᠭᠡᠷ᠎ᠠ ᠨᠡᠷ᠎ᠠ ᠮᠡᠳᠡᠭᠦᠯᠬᠦ ᠬᠡᠯᠪᠡᠷᠢ ᠶᠢ ᠠᠪᠴᠤ᠂ ᠰᠦᠯᠵᠢᠶ᠎ᠠ ᠲᠡᠭᠡᠷ᠎ᠠ ᠤᠷᠢᠳᠴᠢᠯᠠᠨ ᠨᠡᠷ᠎ᠠ | ᠮᠡᠳᠡᠭᠦᠯᠬᠦ ᠪᠠ ᠨᠡᠷ᠎ᠠ ᠮᠡᠳᠡᠭᠦᠯᠦᠭᠰᠡᠨ ᠢᠶᠠᠨ ᠨᠤᠳᠠᠯᠠᠨ ᠵᠦᠪᠰᠢᠶᠡᠷᠡᠬᠦ ᠬᠤᠶᠠᠷ ᠱᠠᠳᠤ ᠬᠤᠪᠢᠶᠠᠵᠤ ᠶᠠᠪᠤᠭᠳᠠᠨ᠎ᠠ᠃ ᠰᠢᠯᠭᠠᠭᠤᠯᠤᠭᠰᠠᠳ | ᠰᠦᠯᠵᠢᠶ᠎ᠠ ᠲᠡᠭᠡᠷ᠎ᠠ ᠤᠷᠢᠳᠴᠢᠯᠠᠨ ᠨᠡᠷ᠎ᠠ ᠮᠡᠳᠡᠭᠦᠯᠬᠦ ᠳᠤ᠄ ᠨᠡᠷ᠎ᠠ ᠮᠡᠳᠡᠭᠦᠯᠬᠦ ᠲᠤᠭᠳᠠᠭᠰᠠᠨ ᠬᠤᠭᠤᠴᠠᠭ᠎ᠠ ᠲᠤᠳᠤᠷ᠎ᠠ | ᠰᠢᠯᠭᠠᠭᠤᠯᠤᠭᠰᠠᠳ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠭᠢ ᠶᠢᠨ ᠰᠦᠯᠵᠢᠶ᠎ᠠ http᠄ \\www. | nm.zsks.cn ᠶᠢᠨ ᠲᠡᠷᠢᠭᠦᠨ ᠨᠢᠭᠤᠷ ᠲᠡᠭᠡᠷ᠎ᠠ ᠭᠠᠷᠴᠤ᠂ ︽2009 ᠤᠨ ᠤ ᠨᠢᠭᠡᠳᠦᠯᠳᠡᠢ ᠰᠢᠯᠭᠠᠯᠳᠠ ᠶᠢᠨ ᠰᠦᠯᠵᠢᠶ᠎ᠠ | ᠲᠡᠭᠡᠷ᠎ᠠ ᠨᠡᠷ᠎ᠠ ᠮᠡᠳᠡᠭᠦᠯᠬᠦ︾ ᠬᠠᠮᠢᠶ᠎ᠠ ᠪᠦᠬᠦᠢ ᠲᠤᠭᠳᠠᠭᠠᠯ ᠢ ᠤᠩᠰᠢᠵᠤ᠂ ᠱᠠᠭᠠᠷᠳᠠᠯᠭ᠎ᠠ ᠶᠤᠰᠤᠭᠠᠷ ᠰᠢᠯᠭᠠᠭᠤᠯᠤᠭᠴᠢ ᠬᠤᠪᠢ | ᠬᠦᠮᠦᠨ ᠤ ᠦᠨᠳᠦᠰᠦᠨ ᠮᠡᠳᠡᠭᠡ ᠵᠠᠩᠭᠢ ᠪᠠ ᠨᠡᠷ᠎ᠠ ᠮᠡᠳᠡᠭᠦᠯᠬᠦ ᠮᠡᠳᠡᠭᠡ ᠵᠠᠩᠭᠢ ᠪᠠᠨ ᠤᠷᠤᠭᠤᠯᠤᠨ᠎ᠠ᠃ | ︽ᠰᠢᠯᠭᠠᠭᠤᠯᠤᠭᠴᠢ ᠶᠢᠨ ᠤᠷᠢᠳᠴᠢᠯᠠᠨ ᠨᠡᠷ᠎ᠠ ᠮᠡᠳᠡᠭᠦᠯᠬᠦ ᠬᠦᠰᠦᠨᠦᠭᠳᠦ︾ ᠶᠢ ᠲᠠᠷᠤᠮᠠᠯᠯᠠᠵᠤ᠂ ᠬᠢᠨᠠᠵᠤ ᠲᠤᠭᠳᠠᠭᠠᠬᠤ ᠳᠤ᠄ | ᠰᠦᠯᠵᠢᠶ᠎ᠠ ᠲᠡᠭᠡᠷ᠎ᠠ ᠤᠷᠢᠳᠴᠢᠯᠠᠨ ᠨᠡᠷ᠎ᠠ ᠮᠡᠳᠡᠭᠦᠯᠵᠦ ᠲᠠᠭᠤᠰᠤᠭᠰᠠᠨ ᠤ ᠲᠠᠷᠠᠭ᠎ᠠ ︽ᠰᠢᠯᠭᠠᠭᠤᠯᠤᠭᠴᠢ ᠶᠢᠨ ᠤᠷᠢᠳᠴᠢᠯᠠᠨ ᠨᠡᠷ᠎ᠠ | ᠮᠡᠳᠡᠭᠦᠯᠬᠦ ᠬᠦᠰᠦᠨᠦᠭᠳᠦ︾ ᠪᠦᠷᠢᠯᠳᠦᠨ᠎ᠠ᠂ ᠲᠤᠰ ᠬᠦᠰᠦᠨᠦᠭᠳᠦ ᠶᠢᠨ ᠦᠨᠡᠨ ᠵᠦᠪ ᠡᠰᠡᠬᠦ ᠶᠢ ᠰᠢᠯᠭᠠᠭᠤᠯᠤᠭᠴᠢ ᠶᠢᠨ ᠪᠠᠶᠢᠭᠰᠠᠨ | ᠲᠡᠭᠦᠰᠬᠦ ᠰᠤᠷᠭᠠᠭᠤᠯᠢ ᠪᠠ ᠪᠠᠶᠢᠭᠤᠯᠤᠯᠭ᠎ᠠ ᠠᠴᠠ ᠬᠠᠷᠢᠭᠤᠴᠠᠵᠤ᠂ ᠨᠤᠳᠠᠯᠠᠨ ᠵᠦᠪᠰᠢᠶᠡᠷᠡᠵᠦ ᠠᠯᠪᠠᠨ ᠲᠠᠮᠠᠭ᠎ᠠ ᠲᠠᠷᠤᠨ᠎ᠠ᠃ ᠨᠡᠷ᠎ᠠ | ᠮᠡᠳᠡᠭᠦᠯᠦᠭᠰᠡᠨ ᠢᠶᠠᠨ ᠨᠤᠳᠠᠯᠠᠨ ᠵᠦᠪᠰᠢᠶᠡᠷᠡᠬᠦ ᠳᠤ᠄ ᠰᠢᠯᠭᠠᠭᠤᠯᠤᠭᠰᠠᠳ ᠲᠤᠭᠳᠠᠭᠰᠠᠨ ᠬᠤᠭᠤᠴᠠᠭ᠎ᠠ ᠲᠤᠳᠤᠷ᠎ᠠ ᠡᠷᠦᠭᠡ ᠠᠮᠠ ᠶᠢᠨ | ᠲᠡᠪᠳᠡᠷ ᠤᠨ ︵ᠤᠤᠯ ᠳᠡᠪᠳᠡᠷ︶᠂ ᠬᠤᠪᠢ ᠬᠦᠮᠦᠨ ᠤ ᠬᠤᠶᠠᠳᠤᠭᠠᠷ ᠦᠶ᠎ᠠ ᠶᠢᠨ ᠪᠡᠶ᠎ᠠ ᠶᠢᠨ ᠦᠨᠡᠮᠯᠡᠯ ᠵᠢᠴᠢ ᠬᠠᠮᠢᠶ᠎ᠠ ᠪᠦᠬᠦᠢ | ᠭᠡᠷᠡᠴᠢᠯᠡᠬᠦ ᠮᠠᠲ᠋ᠧᠷᠢᠶᠠᠯ ᠢᠶᠠᠨ ᠠᠪᠴᠤ ᠬᠤᠰᠢᠭᠤ ︵ᠰᠢᠶᠠᠨ᠂ ᠲᠤᠭᠤᠷᠢᠭ︶ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ | ᠪᠠᠶᠢᠭᠤᠯᠤᠮᠵᠢ ᠳᠤ ᠬᠦᠷᠴᠦ᠂ ᠵᠠᠷᠤᠳᠠᠯ ᠲᠤᠰᠢᠶᠠᠵᠤ᠂ ᠰᠡᠭᠦᠳᠡᠷ ᠲᠠᠳᠠᠭᠤᠯᠵᠤ᠂ ᠨᠡᠷ᠎ᠠ ᠮᠡᠳᠡᠭᠦᠯᠦᠭᠰᠡᠨ ᠢᠶᠠᠨ ᠨᠤᠳᠠᠯᠠᠨ ᠵᠦᠪᠰᠢᠶᠡᠷᠡᠨ᠎ᠠ | ᠃ ᠡᠶᠢᠮᠦ ᠠᠴᠠ ᠬᠤᠶᠠᠳᠤᠭᠠᠷ ᠦᠶ᠎ᠠ ᠶᠢᠨ ᠪᠡᠶ᠎ᠠ ᠶᠢᠨ ᠦᠨᠡᠮᠯᠡᠯ ᠦᠭᠡᠢ ᠬᠦᠮᠦᠰ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠠᠢ | ᠤᠷᠢᠳᠴᠢᠯᠠᠨ ᠬᠠᠷᠢᠯᠴᠠᠵᠤ ᠪᠡᠶ᠎ᠠ ᠶᠢᠨ ᠦᠨᠡᠮᠯᠡᠯ ᠢᠶᠠᠨ ᠬᠢᠯᠭᠡᠬᠦ ᠬᠡᠷᠡᠭᠳᠡᠢ᠂ ᠡᠯ᠎ᠠ ᠭᠠᠵᠠᠷ ᠤᠨ ᠲᠤᠳᠤᠭᠠᠳᠤ ᠶᠢ ᠬᠠᠮᠠᠭᠠᠯᠠᠬᠤ ᠰᠠᠯᠠᠭ᠎ᠠ | ᠮᠦᠴᠢᠷ ᠰᠢᠯᠭᠠᠭᠤᠯᠤᠭᠰᠠᠳ ᠤᠨ ᠤᠷᠤᠭᠰᠢᠳᠠᠢ ᠨᠡᠷ᠎ᠠ ᠮᠡᠳᠡᠭᠦᠯᠬᠦ ᠶᠢ ᠪᠠᠳᠤᠯᠠᠬᠤ ᠪᠤᠯᠤᠨ᠎ᠠ᠃ | ︽ᠲᠤᠰᠬᠠᠢ ᠮᠡᠷᠭᠡᠵᠢᠯ ᠤᠨ ᠰᠢᠯᠭᠠᠯᠳᠠ ᠶᠢᠨ ᠰᠢᠯᠭᠠᠬᠤ ᠶᠢ ᠵᠦᠪᠰᠢᠶᠡᠷᠡᠬᠦ ᠭᠡᠷᠡᠴᠢ︾᠄ ᠲᠤᠰᠬᠠᠢ ᠮᠡᠷᠭᠡᠵᠢᠯ ᠤᠨ | ᠰᠢᠯᠭᠠᠯᠳᠠ ᠳᠤ ᠤᠷᠤᠯᠴᠠᠬᠤ ᠰᠢᠯᠭᠠᠭᠤᠯᠤᠭᠴᠢ ᠶᠢᠨ ᠪᠠᠶᠢᠭ᠎ᠠ ᠬᠤᠰᠢᠭᠤ ︵ᠰᠢᠶᠠᠨ᠂ ᠲᠤᠭᠤᠷᠢᠭ︶ ᠶᠢᠨ ᠰᠤᠷᠭᠠᠨ ᠬᠦᠮᠦᠵᠢᠯ ᠤᠨ | ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠶᠢᠨ ᠬᠢᠨ ︽ᠲᠤᠰᠬᠠᠢ ᠮᠡᠷᠭᠡᠵᠢᠯ ᠤᠨ ᠰᠢᠯᠭᠠᠯᠳᠠ ᠶᠢᠨ ᠰᠢᠯᠭᠠᠬᠤ ᠶᠢ | ᠵᠦᠪᠰᠢᠶᠡᠷᠡᠬᠦ ᠭᠡᠷᠡᠴᠢ︾ ᠶᠢ ᠲᠠᠷᠤᠮᠠᠯᠯᠠᠵᠤ ᠠᠯᠪᠠᠨ ᠲᠠᠮᠠᠭ᠎ᠠ ᠲᠠᠷᠤᠭᠰᠠᠨ ᠤ ᠲᠠᠷᠠᠭ᠎ᠠ ᠰᠢᠯᠭᠠᠭᠤᠯᠤᠭᠴᠢ ᠬᠤᠪᠢ ᠬᠦᠮᠦᠨ ᠳᠤᠨᠢ | ᠭᠠᠷᠳᠠᠭᠤᠯᠤᠨ᠎ᠠ᠃ ᠤᠢᠢᠯᠠᠭᠠᠭᠰᠠᠨ ᠢᠶᠠᠷ᠂ 2009 ᠤᠨ ᠤ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠭᠴᠢ | ᠡᠯᠰᠡᠬᠦ ᠰᠢᠯᠭᠠᠯᠳᠠ ᠳᠤ ᠤᠷᠤᠯᠴᠠᠬᠤ ᠪᠤᠰᠤᠳ ᠲᠦᠷᠦᠯ ᠤᠨ ᠰᠢᠯᠭᠠᠭᠤᠯᠤᠭᠰᠠᠳ 1 ᠰᠠᠷ᠎ᠠ ᠶᠢᠨ 5 -1 ᠰᠠᠷ᠎ᠠ ᠶᠢᠨ 20 | ᠪᠤᠯᠳᠠᠯ᠎ᠠ ᠨᠡᠷ᠎ᠠ ᠮᠡᠳᠡᠭᠦᠯᠬᠦ ᠪᠤᠯᠤᠨ᠎ᠠ᠃ ᠁ |