2009 ᠤᠨ ᠤ ᠲᠦᠪ ᠤᠨ ᠠᠯᠪᠠᠨ ᠪᠠᠶᠢᠭᠤᠯᠤᠯᠭ᠎ᠠ ᠶᠢᠨ ᠤᠯᠤᠰ ᠤᠨ ᠠᠯᠪᠠᠳᠠᠨ ᠡᠯᠰᠡᠬᠦ ᠨᠡᠶᠢᠳᠡ ᠶᠢᠨ ᠬᠢᠴᠢᠶᠡᠯ | ᠲᠦᠷᠦᠯ ᠤᠨ ᠪᠢᠷ ᠤᠨ ᠰᠢᠯᠭᠠᠯᠳᠠ ᠶᠢᠨ ᠰᠢᠯᠭᠠᠯᠳᠠ ᠬᠢᠨᠠᠬᠤ ᠠᠵᠢᠯ ᠤᠳᠤᠬᠠᠨ ᠶᠠᠭ ᠰᠠᠶ᠋ᠢᠬᠠᠨ ᠶᠠᠪᠤᠭᠳᠠᠵᠦ ᠪᠤᠢ᠃ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ᠂ ᠤᠯᠤᠰ ᠤᠨ ᠠᠯᠪᠠᠳᠠᠨ ᠤ ᠲᠤᠪᠴᠢᠶ᠎ᠠ ᠨᠢᠭᠡ ᠰᠢᠷᠢᠰ | ᠪᠦᠲᠦᠮᠵᠢᠳᠡᠢ ᠠᠷᠭ᠎ᠠ ᠭᠡᠮᠵᠢᠶ᠎ᠡ ᠠᠪᠴᠤ᠂ ᠰᠢᠯᠭᠠᠯᠳᠠ ᠬᠢᠨᠠᠬᠤ ᠠᠵᠢᠯ ᠤᠨ ᠪᠤᠳᠠᠳᠠᠢ᠂ ᠡᠷᠭᠡ ᠲᠡᠭᠰᠢ ᠪᠠᠶᠢᠬᠤ ᠶᠢ ᠪᠠᠳᠤᠯᠠᠵᠦ ᠪᠤᠢ᠃ | | ᠤᠷᠢᠳᠴᠢᠯᠠᠨ ᠲᠦᠰᠦᠪᠯᠡᠭᠰᠡᠨ ᠢᠶᠠᠷ᠂ ᠰᠢᠯᠭᠠᠯᠳᠠ ᠬᠢᠨᠠᠬᠤ ᠠᠵᠢᠯ 12 ᠰᠠᠷ᠎ᠠ ᠶᠢᠨ ᠡᠴᠦᠰ ᠢᠶᠠᠷ ᠲᠡᠬᠦᠰᠦᠨᠡ᠃ | ᠰᠢᠯᠭᠠᠭᠤᠯᠤᠭᠰᠠᠳ ᠤᠨ ᠬᠢᠷᠢ ᠪᠦᠳᠦᠮᠵᠢ 2009 ᠤᠨ ᠤ 1 ᠰᠠᠷ᠎ᠠ ᠶᠢᠨ ᠡᠬᠢ ᠪᠠᠷ᠂ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠪᠤᠷᠢ ᠶᠢᠨ ᠶᠠᠮᠤᠨ᠂ ᠤᠯᠤᠰ ᠤᠨ ᠠᠯᠪᠠᠳᠠᠨ ᠤ ᠲᠤᠪᠴᠢᠶ᠎ᠠ ᠶᠢᠨ ᠰᠦᠯᠵᠢᠶ᠎ᠠ ᠪᠠᠷ ᠲᠠᠮᠵᠢᠵᠦ ᠨᠡᠶᠢᠳᠡᠯᠡᠨ᠎ᠡ᠃ ᠡᠨᠡ | ᠵᠢᠯ ᠤᠨ ᠦᠬᠦᠯᠡᠬᠦ ᠰᠡᠳᠦᠪ ᠤᠨ ᠬᠢᠨᠠᠯᠳᠠ ᠳᠤ 750 ᠪᠠᠭᠰᠢ ᠤᠷᠤᠯᠴᠠᠵᠦ᠂ 16 ᠮᠤᠵᠢ ᠶᠢᠨ ᠲᠡᠰ ᠤᠨ ᠶᠡᠭᠡ ᠰᠤᠷᠭᠠᠭᠤᠯᠢ ᠶᠢᠨ | ᠪᠠᠭᠰᠢ ᠪᠠᠶᠢᠵᠦ᠂ ᠪᠦᠷ ᠤᠯᠤᠰ ᠤᠨ ᠠᠯᠪᠠᠳᠠᠨ ᠤ ᠰᠢᠯᠭᠠᠯᠳᠠ ᠶᠢ ᠬᠢᠨᠠᠵᠦ ᠦᠩᠭᠡᠷᠡᠭᠰᠡᠨ ᠲᠡᠦᠭᠡ ᠲᠠᠢ᠃ | ᠰᠢᠯᠭᠠᠯᠳᠠ ᠬᠢᠨᠠᠬᠤ ᠪᠠᠷᠢᠮᠵᠢᠶ᠎ᠠ ᠶᠢ ᠨᠢᠭᠡᠳᠦᠯᠳᠡᠢ ᠲᠦᠷᠢᠮᠵᠢᠬᠦᠯᠬᠦ ᠶᠢᠨ ᠲᠦᠯᠦᠭᠡ᠂ ᠰᠢᠯᠭᠠᠯᠳᠠ ᠲᠠᠭᠤᠰᠤᠭᠰᠠᠨ ᠤ ᠲᠠᠷᠠᠭ᠎ᠠ | ᠰᠢᠯᠭᠠᠯᠳᠠ ᠬᠢᠨᠠᠬᠤ ᠮᠡᠷᠭᠡᠵᠢᠯᠳᠡᠨ ᠤ ᠪᠦᠯᠬᠦᠮ ᠰᠢᠯᠭᠠᠯᠳᠠ ᠶᠢᠨ ᠬᠦᠳᠦᠯᠪᠦᠷᠢ᠂ ᠰᠡᠳᠦᠪ ᠤᠨ ᠵᠢᠯᠤᠭᠤᠳᠬᠤ ᠦᠵᠡᠯ ᠰᠠᠨᠠᠭ᠎ᠠ ᠶᠢ | ᠭᠤᠤᠯᠳᠠᠯᠭ᠎ᠠ ᠲᠠᠢ ᠬᠢᠨᠠᠵᠦ᠂ ᠪᠠᠷᠢᠮᠵᠢᠶ᠎ᠠ ᠬᠠᠷᠢᠭᠤᠯᠳᠠ ᠶᠢ ᠲᠤᠭᠳᠠᠭᠠᠭᠰᠠᠨ ᠤ ᠲᠠᠷᠠᠭ᠎ᠠ᠂ ᠰᠢᠯᠭᠠᠯᠳᠠ ᠬᠢᠨᠠᠭᠴᠢᠳ ᠲᠤ ᠲᠤᠰᠬᠠᠢ | ᠪᠤᠯᠪᠠᠰᠤᠷᠠᠯ ᠬᠦᠷᠳᠡᠭᠡᠵᠦ᠂ ᠰᠢᠯᠭᠠᠯᠳᠠ ᠶᠢ ᠤᠩᠰᠢᠭᠤᠯᠤᠨ᠂ ᠪᠠᠷᠢᠮᠵᠢᠶ᠎ᠠ ᠬᠠᠷᠢᠭᠤᠯᠳᠠ ᠲᠠᠢ ᠨᠢ ᠬᠠᠷᠭᠤᠭᠤᠯᠤᠨ᠎ᠠ᠃ ᠰᠢᠯᠭᠠᠯᠳᠠ | ᠬᠢᠨᠠᠬᠤ ᠪᠠᠭᠰᠢ ᠪᠦᠷᠢ ᠶᠢᠨ ᠰᠢᠯᠭᠠᠯᠳᠠ ᠬᠢᠨᠠᠬᠤ ᠶᠠᠰᠤ ᠴᠢᠨᠠᠷ᠂ ᠪᠠᠶᠢᠳᠠᠯ ᠤᠨ ᠲᠤᠭᠳᠠᠭᠤᠨ ᠪᠠᠶᠢᠬᠤ ᠶᠢ ᠪᠠᠳᠤᠯᠠᠬᠤ ᠶᠢᠨ ᠲᠦᠯᠦᠭᠡ | ᠲᠤᠰᠬᠠᠢ ᠬᠦᠮᠦᠨ ᠬᠢᠨᠠᠨ ᠪᠠᠶᠢᠴᠠᠭᠠᠨ᠎ᠠ᠃ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠪᠤᠷᠢ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠤ | ᠭᠡᠯᠡᠬᠦ ᠪᠠᠷ᠂ ᠨᠢᠳᠤᠨᠤᠨ 215 ᠲᠦᠷᠢᠮ ᠢ ᠵᠦᠷᠢᠴᠡᠭᠰᠡᠨ ᠰᠤᠷᠤᠭᠴᠢ ᠶᠢ ᠰᠢᠢᠳᠪᠦᠷᠢᠯᠡᠵᠡᠢ᠃ ᠡᠨᠡ ᠵᠢᠯ ᠲᠦᠷᠢᠮ ᠢ ᠵᠦᠷᠢᠴᠡᠭᠦ | ᠤᠴᠢᠷ ᠢ ᠪᠠᠶᠢᠴᠠᠭᠠᠨ ᠰᠢᠢᠳᠪᠦᠷᠢᠯᠡᠬᠦ ᠪᠠᠷ ᠪᠤᠳᠠᠳᠠᠢ ᠠᠷᠭ᠎ᠠ ᠭᠡᠮᠵᠢᠶ᠎ᠡ ᠪᠡ ᠶᠤᠰᠤ ᠲᠦᠷᠢᠮ ᠢ ᠴᠢᠩᠭ᠎ᠠ ᠲᠤᠭᠳᠠᠭᠠᠭᠰᠠᠨ ᠶᠤᠮ᠃ ᠁ |