ᠮᠤᠩᠭᠤᠯ ᠤᠶᠤᠳᠠᠳ - ᠰᠢᠯᠭᠠᠯᠲᠠ
ᠮᠠᠨ ᠤ ᠤᠷᠤᠨ ᠤ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠶᠢᠨ ᠨᠢᠭᠡᠳᠤᠯᠳᠠᠢ ᠰᠢᠯᠭᠠᠯᠳᠠ ᠶᠢᠨ ᠬᠤᠪᠢ ᠨᠡᠮᠡᠬᠦ ᠠᠷᠭ᠎ᠠ ᠶᠢ ᠨᠢᠭᠡᠨᠳᠠ ᠲᠤᠬᠳᠠᠪᠠ
     ᠰᠤᠷᠪᠤᠯᠵᠢᠯᠠᠭᠴᠢ ᠦᠪᠡᠷᠲᠡᠭᠡᠨ ᠵᠠᠰᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ᠥᠢᠯᠠᠭᠠᠬᠰᠠᠨ ᠢᠶᠠᠷ᠂  ᠮᠠᠨ ᠤ ᠤᠷᠤᠨ ᠤ ᠡᠩ ᠤᠨ ᠳᠡᠭᠡᠳᠦ ᠵᠡᠷᠭᠡ ᠰᠤᠷᠭᠠᠭᠤᠯᠢ ᠶᠢᠨ ᠨᠢᠬᠡᠳᠤᠯᠳᠠᠢ ᠰᠢᠯᠭᠠᠯᠲᠠ ᠶᠢᠨ ᠬᠤᠪᠢ ᠨᠡᠮᠡᠬᠦ ᠠᠷᠭ᠎ᠠ ᠶᠢ ᠲᠤᠳᠤᠷᠬᠠᠢ ᠪᠤᠯᠭᠠᠵᠥ᠂ ᠮᠠᠨ ᠤ  ᠤᠷᠤᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠨᠢᠬᠡᠳᠤᠯᠳᠠᠢ ᠰᠢᠯᠭᠠᠯᠲᠠ ᠶᠢᠨ ᠲᠦᠪ ᠭᠤᠤᠯᠴᠢ ᠡᠷᠭᠡ ᠲᠡᠭᠰᠢ ᠶᠢ ᠬᠠᠮᠠᠭᠠᠯᠠᠬᠤ ᠶᠢᠨ ᠲᠥᠯᠥᠭᠡ᠂ ᠤᠯᠤᠰ ᠬᠢᠭᠡᠳ ᠥᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠲᠠᠭᠠᠯ ᠶᠢ ᠦᠨᠳᠦᠰᠦᠯᠡᠵᠦ᠂ ᠮᠠᠨ ᠤ ᠤᠷᠤᠨ ᠡᠩ ᠤᠨ ᠲᠡᠭᠡᠳᠤ  ᠵᠡᠷᠭᠡ ᠶᠢᠨ ᠰᠤᠷᠭᠠᠭᠤᠯᠢ ᠶᠢᠨ ᠨᠢᠭᠡᠳᠤᠯᠳᠠᠢ ᠰᠢᠯᠭᠠᠯᠳᠠ ᠶᠢᠨ ᠬᠤᠪᠢ ᠶᠢ ᠨᠡᠮᠡᠬᠦ ᠠᠷᠭ᠎ᠠ ᠶᠢ ᠲᠤᠭᠳᠠᠭᠠᠬᠤ ᠶᠢᠨ ᠬᠠᠮᠳᠤ᠂ 2015 ᠤᠨ ᠤ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠶᠢᠨ ᠨᠢᠭᠡᠳᠤᠯᠳᠠᠢ ᠰᠢᠯᠭᠠᠯᠳᠠ ᠠᠴᠠ ᠡᠬᠢᠯᠠᠨ ᠬᠡᠷᠡᠭᠵᠢᠭᠦᠯᠬᠦ ᠪᠠᠷ ᠪᠤᠯᠪᠠ᠃        ᠬᠤᠪᠢ ᠨᠠᠮᠠᠬᠦ ᠠᠷᠭ᠎ᠠ        ᠮᠤᠩᠭᠤᠯ ᠢᠶᠠᠷ ᠬᠢᠴᠢᠶᠡᠯᠯᠡᠭᠰᠡᠳ ᠤᠨ ᠨᠡᠶᠢᠭᠡᠮ ᠤᠨ ᠰᠢᠨᠵᠢᠯᠡᠯ᠂ ᠮᠤᠩᠭᠤᠯ ᠢᠶᠠᠷ ᠬᠢᠴᠢᠶᠡᠯᠯᠡᠭᠰᠡᠳ ᠤᠨ ᠵᠢᠷᠤᠭ ︵ᠨᠡᠶᠢᠭᠡᠮ ᠤᠨ ᠰᠢᠨᠵᠢᠯᠡᠯ︶᠂  ᠮᠤᠩᠭᠤᠯ ᠢᠶᠠᠷ ᠬᠢᠴᠢᠶᠡᠯᠯᠡᠭᠰᠡᠳ ᠤᠨ ᠳᠠᠭᠤᠤ ︵ᠨᠡᠶᠢᠭᠡᠮ ᠤᠨ ᠰᠢᠨᠵᠢᠯᠡᠯ︶᠂ ᠮᠤᠩᠭᠤᠯ ᠢᠶᠠᠷ ᠬᠢᠴᠢᠶᠡᠯᠯᠡᠭᠰᠡᠳ ᠤᠨ ᠪᠤᠰᠤᠳ ᠤᠷᠠᠯᠢᠭ ︵ᠨᠡᠶᠢᠭᠡᠮ ᠤᠨ  ᠰᠢᠨᠵᠢᠯᠡᠯ︶᠂ ᠮᠤᠩᠭᠤᠯ ᠢᠶᠠᠷ ᠬᠢᠴᠢᠶᠡᠯᠯᠡᠭᠰᠡᠳ ᠤᠨ ᠲᠠᠮᠢᠷ ︵ᠨᠡᠶᠢᠭᠡᠮ ᠤᠨ ᠰᠢᠨᠵᠢᠯᠡᠯ︶ ᠤᠨ ᠲᠥᠷᠥᠯ ᠤᠨ ᠰᠢᠯᠭᠠᠯᠲᠠ ᠶᠢᠨ ᠬᠢᠴᠢᠶᠡᠯ ᠲᠦᠷᠦᠯ ᠳᠤ᠄  ᠮᠤᠩᠭᠤᠯ ᠬᠡᠯᠡ ᠪᠢᠴᠢᠭ ︵ᠬᠦᠬᠡ︶᠂ ᠨᠡᠶᠢᠭᠡᠮ ᠤᠨ ᠰᠢᠨᠵᠢᠯᠡᠯ ᠤᠨ ᠲᠤᠭ᠎ᠠ ᠪᠤᠳᠤᠯᠭ᠎ᠠ᠂ ᠨᠡᠶᠢᠭᠡᠮ ᠤᠨ ᠰᠢᠨᠵᠢᠯᠡᠯ ᠤᠨ ᠶᠡᠷᠦᠩᠬᠡᠶᠢᠯᠡᠭᠰᠡᠨ ᠬᠢᠴᠢᠶᠡᠯ  ᠲᠥᠷᠥᠯ᠂ ᠦᠨᠳᠦᠰᠦᠲᠡᠨ ᠤ ᠬᠢᠲᠠᠳ ᠬᠡᠯᠡᠨ ᠤ ᠭᠤᠷᠪᠠᠳᠤᠭᠠᠷ ᠳᠡᠰ ᠤᠨ ᠰᠢᠯᠭᠠᠯᠲᠠ᠂ ᠭᠠᠳᠠᠭᠠᠳᠤ ᠬᠡᠯᠡ ᠶᠢᠨ ᠰᠢᠯᠭᠠᠯᠳᠠ ᠶᠢ ᠪᠠᠭᠳᠠᠭᠠᠵᠥ ᠪᠤᠢ᠃        ᠮᠤᠩᠭᠤᠯ ᠢᠶᠠᠷ ᠬᠢᠴᠢᠶᠡᠯᠯᠡᠭᠰᠡᠳ ᠤᠨ ᠪᠠᠶᠢᠭᠠᠯᠢ ᠶᠢᠨ ᠰᠢᠨᠵᠢᠯᠡᠯ᠂ ᠮᠤᠩᠭᠤᠯ ᠢᠶᠠᠷ ᠬᠢᠴᠢᠶᠡᠯᠯᠡᠭᠰᠡᠳ ᠤᠨ ᠵᠢᠷᠤᠭ ︵ᠪᠠᠶᠢᠭᠠᠯᠢ ᠶᠢᠨ ᠰᠢᠨᠵᠢᠯᠡᠯ︶᠂ ᠮᠤᠩᠭᠤᠯ ᠢᠶᠠᠷ ᠬᠢᠴᠢᠶᠡᠯᠯᠡᠭᠰᠡᠳ ᠤᠨ ᠳᠠᠭᠤᠤ ︵ᠪᠠᠶᠢᠭᠠᠯᠢ ᠶᠢᠨ ᠰᠢᠨᠵᠢᠯᠡᠯ︶᠂ ᠮᠤᠩᠭᠤᠯ ᠢᠶᠠᠷ ᠬᠢᠴᠢᠶᠡᠯᠯᠡᠭᠰᠡᠳ ᠤᠨ ᠪᠤᠰᠤᠳ ᠤᠷᠠᠯᠢᠭ ︵ ᠪᠠᠶᠢᠭᠠᠯᠢ ᠶᠢᠨ ᠰᠢᠨᠵᠢᠯᠡᠯ︶᠂ ᠮᠤᠩᠭᠤᠯ ᠢᠶᠠᠷ ᠬᠢᠴᠢᠶᠡᠯᠯᠡᠭᠰᠡᠳ ᠤᠨ ᠲᠠᠮᠢᠷ ︵ᠪᠠᠶᠢᠭᠠᠯᠢ ᠶᠢᠨ ᠰᠢᠨᠵᠢᠯᠡᠯ︶ ᠤᠨ ᠲᠥᠷᠥᠯ ᠤᠨ ᠰᠢᠯᠭᠠᠯᠲᠠ ᠶᠢᠨ ᠬᠢᠴᠢᠶᠡᠯ  ᠲᠦᠷᠦᠯ ᠳᠤ᠄ ᠮᠤᠩᠭᠤᠯ ᠬᠡᠯᠡ ᠪᠢᠴᠢᠭ ︵ᠬᠦᠬᠡ︶᠂ ᠪᠠᠶᠢᠭᠠᠯᠢ ᠶᠢᠨ ᠰᠢᠨᠵᠢᠯᠡᠯ ᠤᠨ ᠲᠤᠭ᠎ᠠ ᠪᠤᠳᠤᠯᠭ᠎ᠠ᠂ ᠪᠠᠶᠢᠭᠠᠯᠢ ᠶᠢᠨ ᠰᠢᠨᠵᠢᠯᠡᠯ ᠤᠨ  ᠶᠡᠷᠦᠩᠬᠡᠶᠢᠯᠡᠭᠰᠡᠨ ᠬᠢᠴᠢᠶᠡᠯ ᠲᠥᠷᠥᠯ᠂ ᠦᠨᠳᠦᠰᠦᠲᠡᠨ ᠤ ᠬᠢᠲᠠᠳ ᠬᠡᠯᠡᠨ ᠤ ᠭᠤᠷᠪᠠᠳᠤᠭᠠᠷ ᠳᠡᠰ ᠤᠨ ᠰᠢᠯᠭᠠᠯᠲᠠ᠂ ᠭᠠᠳᠠᠭᠠᠳᠤ ᠬᠡᠯᠡ ᠶᠢᠨ  ᠰᠢᠯᠭᠠᠯᠳᠠ ᠶᠢ ᠪᠠᠭᠳᠠᠭᠠᠵᠥ ᠪᠤᠢ ᠃        ᠳᠡᠭᠡᠷᠡᠬᠢ ᠲᠦᠷᠦᠯ ᠵᠦᠢᠯ ᠶᠢ ᠰᠢᠯᠭᠠᠭᠤᠯᠤᠭᠰᠠᠳ ᠦᠨᠳᠦᠰᠦᠲᠡᠨ ᠤ ᠬᠢᠳᠠᠳ ᠬᠡᠯᠡᠨ ᠤ ᠭᠤᠷᠪᠠᠳᠤᠭᠠᠷ ᠳᠡᠰ ᠤ ᠰᠢᠯᠭᠠᠯᠲᠠ ᠶᠢ ᠰᠢᠯᠭᠠᠬᠤ ᠪᠠᠷ ᠪᠠᠷᠠᠬᠤ  ᠦᠭᠡᠢ ᠭᠠᠳᠠᠭᠠᠳᠤ ᠬᠡᠯᠡ ᠶᠢ ᠪᠠᠰᠠ ᠰᠢᠯᠭᠠᠨ᠎ᠠ᠃ ᠡᠶᠢᠮᠦ ᠲᠦᠷᠦᠯ ᠤᠨ ᠰᠢᠯᠭᠠᠭᠤᠯᠤᠬᠭᠰᠠᠳ ᠢ ᠳᠤᠤᠷᠠᠬᠢ ᠬᠤᠶᠠᠷ ᠲᠠᠯ᠎ᠠ ᠶᠢᠨ ᠠᠷᠭ᠎ᠠ ᠪᠠᠷ ᠬᠤᠪᠢ  ᠪᠤᠳᠤᠨ᠎ᠠ᠄      ᠶᠡᠷᠦᠩᠬᠡᠢ ᠬᠤᠪᠢ 1᠄ ᠨᠡᠶᠢᠭᠡᠮ ᠤᠨ ᠰᠢᠨᠵᠢᠯᠡᠯ ᠤᠨ ᠲᠤᠭ᠎ᠠ ᠪᠤᠳᠤᠯᠭ᠎ᠠ ᠪᠤᠶᠤ ᠪᠠᠶᠢᠭᠠᠯᠢ ᠶᠢᠨ ᠰᠢᠨᠵᠢᠯᠡᠯ ᠤᠨ ᠲᠤᠭ᠎ᠠ ᠪᠤᠳᠤᠯᠭ᠎ᠠ᠂  ᠭᠠᠳᠠᠭᠠᠳᠤ ᠬᠡᠯᠡ᠂ ᠨᠡᠶᠢᠭᠡᠮ ᠤᠨ ᠰᠢᠨᠵᠢᠯᠡᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠪᠤᠶᠤ ᠪᠠᠶᠢᠭᠠᠯᠢ ᠶᠢᠨ ᠰᠢᠨᠵᠢᠯᠡᠯ ᠤᠨ ᠶᠡᠷᠦᠩᠬᠡᠶᠢᠯᠡᠭᠰᠡᠨ ᠬᠢᠴᠢᠶᠡᠯ  ᠲᠥᠷᠥᠯ ᠤᠨ ᠰᠢᠯᠭᠠᠯᠲᠠ ᠶᠢᠨ ᠬᠤᠪᠢ ᠶᠢ 100% ᠪᠠᠷ ᠶᠡᠷᠦᠩᠬᠡᠢ ᠬᠤᠪᠢᠨ ᠳᠤ ᠨᠡᠮᠡᠵᠦ ᠤᠷᠤᠭᠤᠯᠤᠨ᠎ᠠ︔ ᠦᠨᠳᠦᠰᠦᠲᠡᠨ ᠤ ᠬᠢᠳᠠᠳ ᠬᠡᠯᠡᠨ ᠤ  ᠭᠤᠷᠪᠠᠳᠤᠭᠠᠷ ᠲᠡᠰ ᠤᠨ ᠰᠢᠯᠭᠠᠯᠲᠠ ᠬᠢᠭᠡᠳ ᠮᠤᠩᠭᠤᠯ ᠬᠡᠯᠡ ︵ᠬᠦᠬᠡ︶ ᠤ ᠬᠢᠴᠢᠶᠡᠯ ᠲᠦᠷᠦᠯ ᠤᠨ ᠰᠢᠯᠭᠠᠯᠲᠠ ᠶᠢᠨ ᠬᠤᠪᠢ᠂ ᠲᠤᠰ ᠪᠦᠷᠢ 50%  ᠬᠠᠷᠢᠴᠠᠯ ᠪᠠᠷ ᠨᠤᠭᠤᠯᠤᠨ ᠪᠤᠳᠤᠵᠤ ᠬᠤᠶᠠᠷ ᠶᠢ ᠨᠢᠭᠡ ᠲᠦᠷᠦᠯ ᠪᠤᠯᠭᠠᠨ ᠶᠡᠷᠦᠩᠬᠡᠢ ᠬᠤᠪᠢᠨ ᠳᠤ ᠨᠡᠮᠡᠵᠦ ᠪᠤᠳᠤᠨ᠎ᠠ᠃      ᠶᠡᠷᠦᠩᠬᠡᠢ ᠬᠤᠪᠢ 2᠄ ᠮᠤᠩᠭᠤᠯ  ᠬᠡᠯᠡ ︵ᠬᠦᠬᠡ︶᠂ ᠨᠡᠶᠢᠭᠡᠮ ᠤᠨ ᠰᠢᠨᠵᠢᠯᠡᠯ ᠤᠨ ᠲᠤᠭ᠎ᠠ ᠪᠤᠳᠤᠯᠭ᠎ᠠ ᠪᠤᠶᠤ ᠪᠠᠶᠢᠭᠠᠯᠢ ᠶᠢᠨ ᠰᠢᠨᠵᠢᠯᠡᠯ ᠤᠨ ᠲᠤᠭ᠎ᠠ ᠪᠤᠳᠤᠯᠭ᠎ᠠ᠂ ᠨᠡᠶᠢᠭᠡᠮ ᠤᠨ  ᠰᠢᠨᠵᠢᠯᠡᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠪᠤᠶᠤ ᠪᠠᠶᠢᠭᠠᠯᠢ ᠶᠢᠨ ᠰᠢᠨᠵᠢᠯᠡᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢᠨ  ᠬᠤᠪᠢ ᠶᠢ 100% ᠪᠠᠷ ᠶᠡᠷᠦᠩᠬᠡᠢ ᠬᠤᠪᠢᠨ ᠳᠤ ᠨᠡᠮᠡᠵᠦ ᠤᠷᠤᠭᠤᠯᠤᠨ᠎ᠠ︔ ᠦᠨᠳᠦᠰᠦᠲᠡᠨ ᠤ ᠬᠢᠳᠠᠳ ᠬᠡᠯᠡᠨ ᠤ ᠭᠤᠷᠪᠠᠳᠤᠭᠠᠷ ᠳᠡᠰ ᠤ ᠰᠢᠯᠭᠠᠯᠲᠠ  ᠬᠢᠭᠡᠳ ᠭᠠᠳᠠᠭᠠᠳᠤ ᠬᠡᠯᠡᠨ ᠤ ᠬᠢᠴᠢᠶᠡᠯ ᠲᠦᠷᠦᠯ ᠤᠨ ᠰᠢᠯᠭᠠᠯᠲᠠ ᠶᠢᠨ ᠬᠤᠪᠢ᠂ ᠲᠤᠰ ᠪᠦᠷᠢ 50% ᠬᠠᠷᠢᠴᠠᠯ ᠪᠠᠷ ᠨᠤᠭᠤᠯᠤᠨ ᠪᠤᠳᠤᠵᠤ ᠬᠤᠶᠠᠷ ᠶᠢ  ᠨᠢᠭᠡ ᠲᠦᠷᠦᠯ ᠪᠤᠯᠭᠠᠨ ᠶᠡᠷᠦᠩᠬᠡᠢ ᠬᠤᠪᠢᠨ ᠳᠤ ᠨᠡᠮᠡᠵᠦ ᠪᠤᠳᠤᠨ᠎ᠠ᠃ ᠳᠠᠷᠠᠭ᠎ᠠ ᠨᠢ᠂ ᠶᠡᠷᠦᠩᠬᠡᠢ ᠬᠤᠪᠢ 1 ᠪᠤᠯᠤᠨ ᠶᠡᠷᠦᠩᠬᠡᠢ ᠬᠤᠪᠢ 2 ᠶᠢᠨ  ᠬᠤᠪᠢ ᠶᠢᠨ ᠬᠠᠷᠢᠴᠠᠭᠤᠯᠤᠬᠰᠠᠨ ᠦᠨᠳᠦᠷ ᠬᠤᠪᠢ ᠶᠢ ᠨᠢ ᠲᠡᠭᠡᠳᠤ ᠵᠡᠷᠭᠡ ᠶᠢᠨ ᠰᠤᠷᠭᠠᠭᠤᠯᠢ ᠶᠢᠨ ᠨᠢᠭᠡᠳᠤᠯᠳᠠᠢ ᠰᠢᠯᠭᠠᠯᠳᠠ ᠶᠢᠨ ᠬᠤᠪᠢ ᠪᠠᠷ ᠪᠤᠳᠤᠨ᠎ᠠ  ︵ᠬᠡᠷᠪᠡ ᠶᠡᠷᠦᠩᠬᠡᠢ ᠬᠤᠪᠢ 1 ᠬᠢᠭᠡᠳ ᠶᠡᠷᠦᠩᠬᠡᠢ ᠬᠤᠪᠢ 2 ᠨᠢ ᠠᠳᠠᠯᠢ ᠪᠤᠯ ᠠᠯᠢ ᠶᠢ ᠨᠢ ᠠᠪᠤᠭᠰᠠᠨ ᠴᠦ ᠪᠤᠯᠤᠨ᠎ᠠ︶᠃        ᠶᠡᠷᠦᠩᠬᠡᠢ ᠬᠤᠪᠢ 750        ᠡᠯ᠎ᠡ ᠬᠢᠴᠢᠶᠡᠯ ᠲᠦᠷᠦᠯ ᠤᠨ ᠶᠡᠷᠦᠩᠬᠡᠢ ᠬᠤᠪᠢᠨ ᠳᠤ ᠨᠡᠮᠡᠨ ᠤᠷᠤᠭᠤᠯᠬᠤ ᠪᠦᠬᠦ ᠬᠤᠪᠢ ᠶᠢᠨ ᠠᠩᠭᠢᠯᠠᠯ ᠳᠤ᠄ ᠨᠡᠶᠢᠭᠡᠮ ᠤᠨ ᠰᠢᠨᠵᠢᠯᠡᠯ ᠤᠨ  ᠶᠡᠷᠦᠩᠬᠡᠶᠢᠯᠡᠭᠰᠡᠨ ᠬᠢᠴᠢᠶᠡᠯ ᠲᠥᠷᠥᠯ᠂ ᠪᠠᠶᠢᠭᠠᠯᠢ ᠶᠢᠨ ᠰᠢᠨᠵᠢᠯᠡᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠲᠤᠰ ᠪᠦᠷᠢ 300 ᠬᠤᠪᠢ᠂ ᠪᠤᠰᠤᠳ  ᠬᠢᠴᠢᠶᠡᠯ ᠲᠦᠷᠦᠯ ᠨᠢ ᠲᠤᠰᠪᠦᠷᠢ 150 ᠬᠤᠪᠢ ︵ᠡᠭᠦᠨ ᠳᠤ᠂ ᠦᠨᠳᠦᠰᠦᠲᠡᠨ ᠤ ᠬᠢᠲᠠᠳ ᠬᠡᠯᠡᠨ ᠤ ᠭᠤᠷᠪᠠᠳᠤᠭᠠᠷ ᠳᠡᠰ ᠤᠨ ᠰᠢᠯᠭᠠᠯᠳᠠ ᠶᠢᠨ  ᠶᠡᠷᠦᠩᠬᠡᠢ ᠬᠤᠪᠢ ᠶᠢ 150 ᠬᠤᠪᠢ ᠪᠠᠷ ᠨᠤᠭᠤᠯᠤᠨ ᠪᠤᠳᠤᠨ᠎ᠠ︶᠃ ᠡᠯ᠎ᠡ ᠬᠢᠴᠢᠶᠡᠯ ᠲᠦᠷᠦᠯ ᠤᠨ ᠶᠡᠷᠦᠩᠬᠡᠢ ᠬᠤᠪᠢ ᠶᠢᠨ ᠨᠡᠶᠢᠯᠡᠪᠦᠷᠢ ᠨᠢ 750  ᠬᠤᠪᠢ᠃ ᠡᠭᠦᠨ ᠳᠤ᠂ ᠭᠠᠳᠠᠭᠠᠳᠤ ᠬᠡᠯᠡᠨ ᠤ ᠪᠢᠷ ᠤᠨ ᠰᠢᠯᠭᠠᠯᠲᠠ ᠶᠢᠨ ᠵᠠᠷᠢᠮ ᠬᠠᠭᠤᠳᠠᠰᠤ ᠶᠢᠨ ᠶᠡᠷᠦᠩᠬᠡᠢ ᠬᠤᠪᠢ 120 ᠬᠤᠪᠢ ᠶᠢᠨ ᠲᠡᠭᠡᠷ᠎ᠠ ᠨᠠᠮᠠᠯᠳᠠ ᠰᠡᠳᠤᠪ ᠤᠨ ᠬᠤᠪᠢ ᠶᠢ ᠨᠡᠮᠡᠭᠰᠡᠨ ᠤ ᠳᠠᠷᠠᠭ᠎ᠠ ᠨᠢ 150 ᠬᠤᠪᠢ ᠪᠠᠷ ᠶᠡᠷᠦᠩᠬᠡᠢ ᠬᠤᠪᠢᠨ ᠳᠤ ᠪᠤᠳᠤᠵᠥ ᠤᠷᠤᠭᠤᠯᠤᠨ᠎ᠠ︔ ᠭᠠᠳᠠᠭᠠᠳᠤ  ᠬᠡᠯᠡᠨ ᠤ ᠰᠤᠨᠤᠰᠬᠤ ᠴᠢᠳᠠᠪᠤᠷᠢ ᠶᠢᠨ ᠰᠢᠯᠭᠠᠯᠲᠠ ᠶᠢᠨ ᠶᠡᠷᠦᠩᠬᠡᠢ ᠬᠤᠪᠢ 30 ᠪᠠᠷ ᠲᠤᠬᠢᠷᠠᠭᠤᠯᠵᠥ᠂ ᠠᠰᠳᠠᠭᠠᠨ ᠪᠤᠳᠤᠨ᠎ᠠ᠂ ᠶᠡᠷᠦᠩᠬᠡᠢ ᠬᠤᠪᠢᠨ ᠳᠤ  ᠪᠠᠭᠲᠠᠭᠠᠬᠤ ᠦᠭᠡᠢ᠂ ᠰᠤᠷᠭᠠᠭᠤᠯᠢ ᠳᠤ ᠡᠯᠰᠡᠭᠳᠠᠬᠦ ᠥᠶᠡᠰ ᠲᠤ ᠬᠠᠮᠢᠶ᠎ᠠ ᠪᠦᠬᠦᠢ ᠶᠡᠭᠡ ᠰᠤᠷᠭᠠᠭᠤᠯᠢ ᠳᠤ ᠬᠠᠩᠭᠠᠵᠤ ᠦᠭᠭᠦᠨ᠎ᠡ᠃        ᠰᠢᠯᠭᠠᠬᠤ ᠬᠢᠴᠢᠶᠡᠯ ᠲᠦᠷᠦᠯ᠄ ᠬᠡᠯᠡ ᠪᠢᠴᠢᠭ ︵ᠮᠤᠩᠭᠤᠯ ᠬᠡᠯᠡ ᠪᠢᠴᠢᠭ︶᠂ ᠲᠤᠭ᠎ᠠ ᠪᠤᠳᠤᠯᠭ᠎ᠠ ︵ᠮᠤᠩᠭᠤᠯ ᠢᠶᠠᠷ ᠬᠢᠴᠢᠶᠡᠯᠯᠡᠭᠰᠡᠳ ᠤᠨ ᠲᠤᠭ᠎ᠠ ᠪᠤᠳᠤᠯᠭ᠎ᠠ︶᠂ ᠠᠩᠭ᠍ᠯᠢ ᠬᠡᠯᠡ ︵ᠰᠤᠨᠤᠰᠴᠤ ᠪᠢᠴᠢᠬᠦ ᠶᠢ ᠨᠢ ᠰᠢᠯᠭᠠᠬᠤ ᠦᠭᠡᠢ᠂ ᠮᠤᠩᠭᠤᠯ ᠢᠶᠠᠷ ᠬᠢᠴᠢᠶᠡᠯᠯᠡᠭᠰᠡᠳ ᠤᠨ ᠮᠠᠯ ᠠᠵᠤ ᠠᠬᠤᠢ ᠪᠤᠯᠤᠨ ᠡᠮ  ᠡᠮᠨᠡᠯᠭᠡ ᠶᠢᠨ ᠰᠢᠯᠭᠠᠭᠤᠯᠤᠬᠰᠠᠳ ᠠᠩᠭᠯᠢ ᠬᠡᠯᠡ ᠰᠢᠯᠭᠠᠬᠤ ᠦᠭᠡᠢ︶ ᠪᠤᠯᠤᠨ ᠲᠤᠰᠬᠠᠢ ᠬᠢᠴᠢᠶᠡᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ᠃ ᠠᠳᠠᠯᠢ  ᠪᠤᠰᠤ ᠶᠢᠨ ᠰᠢᠯᠭᠠᠭᠤᠯᠤᠬᠰᠠᠳ ᠡᠯ᠎ᠠ ᠲᠦᠷᠦᠯ ᠵᠦᠢᠯ ᠤᠨ ᠲᠤᠰᠬᠠᠢ ᠮᠡᠷᠭᠡᠵᠢᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠬᠤ ᠠᠭᠤᠯᠠᠭ᠎ᠠ ᠨᠢ  ᠠᠳᠠᠯᠢ ᠪᠤᠰᠤ᠃         ᠡᠯ᠎ᠡ ᠬᠢᠴᠢᠶᠡᠯ ᠲᠦᠷᠦᠯ ᠤᠨ ᠶᠡᠷᠦᠩᠬᠡᠢ ᠬᠤᠪᠢ ᠳᠤ ᠪᠠᠭᠲᠠᠬᠤ ᠪᠥᠬᠦ ᠬᠤᠪᠢ᠄ ᠬᠡᠯᠡ ᠪᠢᠴᠢᠭ ︵ᠮᠤᠩᠭᠤᠯ ᠬᠡᠯᠡ ᠪᠢᠴᠢᠭ︶᠂ ᠲᠤᠭ᠎ᠠ ᠪᠤᠳᠤᠯᠭ᠎ᠠ ︵ ᠮᠤᠩᠭᠤᠯ ᠢᠶᠠᠷ ᠬᠢᠴᠢᠶᠡᠯᠯᠡᠭᠰᠡᠳ ᠤᠨ ᠲᠤᠭ᠎ᠠ ᠪᠤᠳᠤᠯᠭ᠎ᠠ︶ ᠲᠤᠰ ᠪᠦᠷᠢ 150 ᠬᠤᠪᠢ᠂ ᠠᠩᠭᠯᠢ ᠬᠡᠯᠡ 100 ᠬᠤᠪᠢ᠂ ᠲᠤᠰᠬᠠᠢ ᠮᠡᠷᠭᠡᠵᠢᠯ ᠤᠨ  ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠨᠡᠶᠢᠯᠡᠪᠦᠷᠢ 350 ᠬᠤᠪᠢ᠃ ᠡᠯ᠎ᠡ ᠬᠢᠴᠢᠶᠡᠯ ᠲᠦᠷᠦᠯ ᠤᠨ ᠶᠡᠷᠥᠩᠭᠡᠢ ᠨᠡᠶᠢᠯᠡᠪᠦᠷᠢ 750 ᠬᠤᠪᠢ᠃  ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠠᠴᠠ  ᠰᠤᠷᠤᠬᠴᠢ ᠡᠯᠰᠡᠬᠦ ᠰᠢᠯᠭᠠᠯᠳᠠ ᠶᠢ᠂ ᠠᠵᠢᠯ ᠮᠡᠷᠭᠡᠵᠢᠯ ᠤᠨ ᠦᠨᠳᠦᠷ ᠳᠤᠮᠳᠠᠳᠤ ᠶᠢᠨ ᠬᠢᠴᠢᠶᠡᠯ ᠲᠦᠷᠦᠯ᠂ ᠵᠢᠭᠠᠨ ᠰᠤᠷᠭᠠᠬᠤ ᠲᠦᠯᠦᠪᠯᠡᠯᠭᠡ ᠬᠢᠭᠡᠳ ︽ 2015 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠠᠢ  ᠵᠤᠬᠢᠴᠠᠯᠳᠤᠬᠰᠠᠨ ᠰᠤᠷᠭᠠᠭᠤᠯᠢ ᠳᠠᠪᠰᠢᠬᠤ ᠰᠢᠯᠭᠠᠯᠲᠠ ᠶᠢᠨ ᠵᠠᠷᠢᠮ ᠲᠤᠰᠬᠠᠢ ᠮᠡᠷᠭᠡᠵᠢᠯ ᠢ ᠵᠢᠯᠥᠭᠤᠳᠬᠤ ᠬᠦᠲᠦᠯᠪᠦᠷᠢ︾ ᠪᠠᠷ ᠦᠨᠳᠦᠰᠦᠯᠡᠨ ᠪᠦᠬᠦ  ᠤᠷᠤᠨ ᠤ ᠨᠢᠬᠡᠳᠤᠯᠳᠠᠢ ᠰᠢᠯᠭᠠᠯᠲᠠ ᠶᠢᠨ ᠰᠡᠳᠦᠪ ᠢ ᠭᠠᠷᠭᠠᠨ᠎ᠠ᠃  
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号