ᠮᠤᠩᠭᠤᠯ ᠤᠶᠤᠳᠠᠳ - ᠰᠢᠯᠭᠠᠯᠲᠠ
2015 ᠤᠨ ᠳᠤ ᠦᠪᠤᠷ ᠮᠤᠩᠭᠤᠯ ᠤᠨ ᠪᠠᠭᠰᠢ ᠶᠢᠨ ᠬᠢᠷᠢ ᠭᠡᠮ ᠤᠨ ᠰᠢᠯᠭᠠᠯᠳᠡ ᠳᠤ ᠬᠢᠷᠢ ᠲᠡᠩᠴᠡᠬᠦ ᠬᠤᠪᠢ ᠶᠢᠨ ᠬᠢᠵᠠᠭᠠᠷ ᠨᠢᠭᠡᠨᠳᠡ ᠲᠤᠳᠤᠷᠠᠯ᠎ᠡ
    5 ᠰᠠᠷ᠎ᠡ ᠶᠢᠨ 11 ᠤ ᠡᠳᠤᠷ᠂ ᠰᠤᠷᠪᠤᠯᠵᠢᠯᠠᠬᠴᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠤᠬᠴᠢ ᠡᠯᠰᠡᠬᠦ ᠰᠢᠯᠭᠠᠯᠳᠡ ᠶᠢᠨ ᠮᠡᠳᠡᠭᠡ  ᠵᠠᠩᠬᠢ ᠶᠢᠨ ᠲᠦᠪ ᠠᠴᠠ ᠦᠢᠯᠠᠭᠠᠬᠰᠠᠨ ᠢᠶᠠᠷ᠂ 2015 ᠤᠨ ᠳᠤ ᠦᠪᠤᠷ ᠮᠤᠩᠭᠤᠯ ᠤᠨ ᠪᠠᠭᠰᠢ ᠶᠢᠨ ᠬᠢᠷᠢ ᠭᠡᠮ ᠤᠨ ᠰᠢᠯᠭᠠᠯᠳᠡ ᠳᠤ ᠰᠤᠷᠭᠠᠨ  ᠬᠦᠮᠤᠵᠢᠯ ᠤᠨ ᠤᠬᠠᠭᠠᠨ᠂ ᠰᠤᠷᠭᠠᠨ ᠬᠦᠮᠤᠵᠢᠯ ᠤᠨ ᠰᠡᠳᠬᠢᠴᠨ ᠶᠢᠨ ᠵᠦᠢ ᠶᠢᠨ ᠤᠬᠠᠭᠠᠨ ᠤ ᠰᠢᠯᠭᠠᠯᠳᠡ ᠶᠢᠨ ᠬᠢᠷᠢ ᠲᠡᠩᠴᠡᠬᠦ ᠬᠤᠪᠢ ᠶᠢᠨ ᠬᠢᠵᠠᠭᠠᠷ  ᠨᠢᠭᠡᠨᠳᠡ ᠲᠤᠳᠤᠷᠠᠯ᠎ᠡ᠃       ᠲᠤᠰ ᠤᠳᠠᠭ᠎ᠠ ᠶᠢᠨ ᠰᠢᠯᠭᠠᠯᠳᠡ ᠶᠢᠨ ᠡᠯ᠎ᠡ ᠲᠡᠰ ᠲᠠᠪᠬᠤᠷᠭ᠎ᠠ᠂ ᠡᠯ᠎ᠡ ᠬᠢᠴᠢᠶᠠᠯ ᠲᠦᠷᠦᠯ ᠤᠨ ᠬᠢᠷᠢ ᠲᠡᠩᠴᠡᠬᠦ ᠬᠤᠪᠢ ᠶᠢᠨ ᠬᠢᠵᠠᠭᠠᠷ ᠲᠤᠰᠪᠤᠷᠢ  ᠲᠤᠤᠷᠠᠬᠢ ᠮᠠᠳᠤ᠄     ᠮᠤᠩᠭᠤᠯ ᠬᠢᠳᠡᠳ ᠭᠡᠯᠡᠨ ᠤ ᠲᠡᠭᠡᠳᠤ ᠵᠡᠷᠭᠡ ᠶᠢᠨ ᠰᠤᠷᠭᠠᠨ ᠬᠦᠮᠤᠵᠢᠯ ᠤᠨ ᠤᠬᠠᠭᠠᠨ᠂ ᠲᠡᠭᠡᠳᠤ ᠵᠡᠷᠭᠡ ᠶᠢᠨ ᠰᠤᠷᠭᠠᠨ ᠬᠦᠮᠤᠵᠢᠯ ᠤᠨ  ᠰᠡᠳᠬᠢᠴᠨ ᠶᠢᠨ ᠵᠦᠢ ᠶᠢᠨ ᠤᠬᠠᠭᠠᠨ ᠤ ᠬᠤᠪᠢ ᠲᠤᠰᠪᠤᠷᠢ ᠲᠤᠮᠳᠠᠴᠢ ᠪᠠᠷ 45 ᠬᠤᠪᠢ ᠪᠤᠯᠤᠨ᠎ᠡ᠃ ᠬᠢᠳᠡᠳ ᠭᠡᠯᠡᠨ ᠤ ᠲᠤᠮᠳᠡ ᠵᠡᠷᠭᠡ ᠶᠢᠨ ᠰᠤᠷᠭᠠᠨ  ᠬᠦᠮᠤᠵᠢᠯ ᠤᠨ ᠤᠬᠠᠭᠠᠨ᠂ ᠲᠤᠮᠳᠡ ᠵᠡᠷᠭᠡ ᠶᠢᠨ ᠰᠤᠷᠭᠠᠨ ᠬᠦᠮᠤᠵᠢᠯ ᠤᠨ ᠰᠡᠳᠬᠢᠴᠨ ᠵᠦᠢ ᠶᠢᠨ ᠤᠬᠠᠭᠠᠨ ᠤ ᠬᠤᠪᠢ ᠲᠤᠰᠪᠤᠷᠢ ᠲᠤᠮᠳᠠᠴᠢ ᠪᠠᠷ 50  ᠬᠤᠪᠢ ᠪᠤᠯᠤᠨ᠎ᠡ︔ ᠮᠤᠩᠭᠤᠯ ᠭᠡᠯᠡᠨ ᠤ ᠲᠤᠮᠳᠡ ᠵᠡᠷᠭᠡ ᠶᠢᠨ ᠰᠤᠷᠭᠠᠨ ᠬᠦᠮᠤᠵᠢᠯ ᠤᠨ ᠤᠬᠠᠭᠠᠨ᠂ ᠲᠤᠮᠳᠡ ᠵᠡᠷᠭᠡ ᠶᠢᠨ ᠰᠤᠷᠭᠠᠨ ᠬᠦᠮᠤᠵᠢᠯ ᠤᠨ  ᠰᠡᠳᠬᠢᠴᠨ ᠵᠦᠢ ᠶᠢᠨ ᠤᠬᠠᠭᠠᠨ ᠤ ᠬᠤᠪᠢ ᠲᠤᠰᠪᠤᠷᠢ ᠲᠤᠮᠳᠠᠴᠢ ᠪᠠᠷ 40 ᠬᠤᠪᠢ ᠪᠤᠯᠤᠨ᠎ᠡ᠃ ᠬᠢᠳᠡᠳ ᠭᠡᠯᠡᠨ ᠤ ᠠᠩᠬ᠎ᠠ ᠵᠡᠷᠭᠡ ᠶᠢᠨ ᠰᠤᠷᠭᠠᠨ  ᠬᠦᠮᠤᠵᠢᠯ ᠤᠨ ᠤᠬᠠᠭᠠᠨ ᠤ ᠬᠢᠷᠢ ᠲᠡᠩᠴᠡᠬᠦ ᠬᠤᠪᠢ 55 ᠪᠠᠶᠢᠵᠤ᠂ ᠬᠢᠳᠡᠳ ᠭᠡᠯᠡᠨ ᠤ ᠠᠩᠬ᠎ᠠ ᠵᠡᠷᠭᠡ ᠶᠢᠨ ᠰᠤᠷᠭᠠᠨ ᠬᠦᠮᠤᠵᠢᠯ ᠤᠨ ᠰᠡᠳᠬᠢᠴᠨ  ᠵᠦᠢ ᠶᠢᠨ ᠤᠬᠠᠭᠠᠨ ᠤ ᠬᠢᠷᠢ ᠲᠡᠩᠴᠡᠬᠦ ᠬᠤᠪᠢ 45 ᠪᠤᠯᠤᠨ᠎ᠡ︔ ᠮᠤᠩᠭᠤᠯ ᠭᠡᠯᠡᠨ ᠤ ᠠᠩᠬ᠎ᠠ ᠵᠡᠷᠭᠡ ᠶᠢᠨ ᠰᠤᠷᠭᠠᠨ ᠬᠦᠮᠤᠵᠢᠯ ᠤᠨ ᠤᠬᠠᠭᠠᠨ ᠤ ᠬᠢᠷᠢ  ᠲᠡᠩᠴᠡᠬᠦ ᠬᠤᠪᠢ 45 ᠪᠠᠶᠢᠵᠤ᠂ ᠮᠤᠩᠭᠤᠯ ᠭᠡᠯᠡᠨ ᠤ ᠠᠩᠬ᠎ᠠ ᠵᠡᠷᠭᠡ ᠶᠢᠨ ᠰᠤᠷᠭᠠᠨ ᠬᠦᠮᠤᠵᠢᠯ ᠤᠨ ᠰᠡᠳᠬᠢᠴᠨ ᠵᠦᠢ ᠶᠢᠨ ᠤᠬᠠᠭᠠᠨ ᠤ ᠬᠢᠷᠢ ᠲᠡᠩᠴᠡᠬᠦ  ᠬᠤᠪᠢ 35 ᠪᠤᠯᠤᠨ᠎ᠡ᠃       ᠪᠦᠬᠦ ᠤᠷᠤᠨ ᠤ ᠪᠠᠭᠰᠢ ᠶᠢᠨ ᠬᠢᠷᠢ ᠭᠡᠮ ᠢ ᠲᠤᠬᠳᠠᠭᠠᠬᠤ ᠰᠤᠷᠭᠠᠨ ᠬᠦᠮᠤᠵᠢᠯ ᠤᠨ ᠤᠬᠠᠭᠠᠨ᠂ ᠰᠤᠷᠭᠠᠨ ᠬᠦᠮᠤᠵᠢᠯ ᠤᠨ ᠰᠡᠳᠬᠢᠴᠨ ᠵᠦᠢ ᠶᠢᠨ  ᠤᠬᠠᠭᠠᠨ ᠤ ᠰᠢᠯᠭᠠᠯᠳᠡ ᠳᠤ ᠤᠷᠤᠯᠴᠠᠵᠤ᠂ ᠬᠤᠶᠠᠷ ᠲᠦᠷᠦᠯ ᠤᠨ ᠬᠢᠴᠢᠶᠡᠯ ᠳᠤ ᠪᠦᠬᠦᠨ ᠢ ᠬᠢᠷᠢ ᠲᠡᠩᠴᠡᠭᠰᠡᠨ ᠪᠠᠶᠢᠪᠠᠯ ᠬᠤᠶᠠᠷ ᠲᠦᠷᠦᠯ ᠳᠤ ᠪᠦᠬᠦᠨ ᠢ  ᠬᠢᠷᠢ ᠲᠡᠩᠴᠡᠭᠰᠡᠨ ᠦᠨᠠᠮᠯᠠᠯ ᠭᠠᠷᠳᠠᠵᠤ᠂ ᠨᠢᠭᠡ ᠲᠦᠷᠦᠯ ᠤᠨ ᠬᠢᠷᠢ ᠪᠦᠳᠦᠮᠵᠢ ᠨᠢ ᠬᠢᠷᠢ ᠲᠡᠩᠴᠡᠭᠰᠡᠨ ᠪᠤᠯ ᠳ᠋ᠡᠩ ᠲᠦᠷᠦᠯ ᠤᠨ ᠬᠢᠴᠢᠶᠡᠯ ᠳᠤ ᠬᠢᠷᠢ ᠲᠡᠩᠴᠡᠭᠰᠡᠨ ᠦᠨᠡᠮᠯᠡᠯ ᠭᠠᠷᠳᠠᠭᠤᠯᠤᠨ᠎ᠡ᠃  
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号