1 ᠰᠠᠷ᠎ᠠ᠎ᠶ᠋ᠢᠨ 29 ᠎ᠤ ᠡᠳᠦᠷ
ᠡᠬᠢᠯᠡᠬᠦ᠌ ᠴᠠᠭ᠄
2018-01-29 14:54:32
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

      ᠡᠷᠬᠢᠮ ᠬᠦᠨᠳᠦᠳᠦ ᠰᠦᠯᠵᠢᠶᠡᠨ ᠠᠨᠳᠠ ᠨᠠᠷ ᠮᠢᠨᠢ ᠰᠠᠢᠨ ᠪᠠᠢᠨᠠᠦ?
     ᠦᠨᠦᠳᠦᠷ ᠪᠤᠯ 1 ᠰᠠᠷ᠎ᠠ᠎ᠶ᠋ᠢᠨ 29 ᠎ᠤ ᠡᠳᠦᠷ᠂ ᠪᠢᠯᠢᠭ᠎ᠤᠨ ᠤᠯᠠᠷᠢᠯ᠎ᠤᠨ ᠤᠯᠠᠭᠠᠭ᠍ᠴᠢᠨ ᠲᠠᠬᠢᠶ᠎ᠠ ᠵᠢᠯ᠎ᠤᠨ 12 ᠰᠠᠷ᠎ᠠ᠎ᠶ᠋ᠢᠨ 13᠂ ᠭᠠᠷᠠᠭ᠎ᠤᠨ ᠨᠢᠭᠡᠨ᠃ ᠥᠪᠥᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠪᠡᠷᠲᠡᠭᠡᠨ ᠵᠠᠰᠠᠬᠤ ᠤᠷᠤᠨ᠎ᠤ ᠬᠤᠶᠠᠷ ᠬᠤᠷᠠᠯ》 ᠎ᠳᠤ ᠵᠤᠷᠢᠭᠤᠯᠤᠭ᠍ᠰᠠᠨ ᠤᠨᠴᠠ ᠨᠡᠪᠲᠡᠷᠡᠭᠦᠯᠭᠡ᠎ᠳᠤ᠎ᠪᠠᠨ ᠠᠩᠬᠠᠷᠤᠯ᠎ᠢᠶᠠᠨ ᠬᠠᠨᠳᠤᠭᠤᠯᠤᠨ᠎ᠠ ᠤᠤ!
     ᠶᠠᠭᠤᠨ᠎ᠤ ᠡᠮᠥᠨ᠎ᠡ ᠴᠠᠭ ᠲᠦᠷᠦ᠎ᠶ᠋ᠢᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠤᠶ᠎ᠠ
     ᠶᠡᠷᠦᠩᠬᠡᠢ ᠰᠠᠢᠳ ᠯᠢ ᠺᠧ ᠴᠢᠶᠠᠩ᠎ᠤᠨ ᠵᠦᠪᠱᠢᠶᠡᠷᠡᠯ᠎ᠢᠶᠠᠷ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ ᠤᠢ᠍ᠢᠷ᠎ᠠ᠎ᠳᠤ 《ᠶᠠᠰᠤ ᠴᠢᠨᠠᠷ᠎ᠢ ᠬᠡᠷᠡᠭ᠌ᠯᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠶᠠᠰᠤ ᠴᠢᠨᠠᠷ᠎ᠤᠨ ᠬᠠᠮᠢᠶᠠᠷᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠤᠬᠠᠢ ᠰᠠᠨᠠᠯ》 ᠎ᠢ ᠳᠠᠷᠤᠮᠠᠯᠯᠠᠨ ᠲᠠᠷᠬᠠᠭᠠᠵᠤ᠂ ᠶᠠᠰᠤ ᠴᠢᠨᠠᠷ᠎ᠢ ᠭᠡᠷᠡᠴᠢᠯᠡᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠪᠦᠬᠦ᠌ ᠲᠠᠯ᠎ᠠ᠎ᠶ᠋ᠢᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢ ᠴᠢᠩᠭᠠᠳᠭᠠᠬᠤ ᠠᠵᠢᠯ᠎ᠢ ᠪᠠᠢᠷᠢᠯᠠᠭᠤᠯᠵᠤ᠂ ᠮᠠᠨ᠎ᠤ ᠤᠯᠤᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠬᠤ᠎ᠪᠠᠷ ᠪᠤᠯᠪᠠ᠃
     2017 ᠤᠨ᠎ᠳᠤ ᠪᠦᠬᠦ᠌ ᠤᠯᠣᠰ᠎ᠤᠨ ᠬᠤᠲᠠ ᠪᠠᠯᠭᠠᠰᠣᠨ᠎ᠤ ᠱᠢᠨ᠎ᠡ᠎ᠪᠠᠷ ᠠᠵᠢᠯ ᠤᠯᠣᠬ᠍ᠰᠠᠳ 1351 ᠲᠥᠮᠡ᠎ᠳᠤ ᠬᠦᠷᠴᠥ᠍᠂ ᠲᠦᠷᠪᠡᠳᠦᠭᠡᠷ ᠤᠯᠠᠷᠢᠯ᠎ᠤᠨ ᠰᠡᠭᠦᠯᠴᠢ ᠪᠤᠯᠲᠠᠯ᠎ᠠ᠂ ᠪᠦᠬᠦ᠌ ᠤᠯᠣᠰ᠎ᠤᠨ ᠬᠤᠲᠠ ᠪᠠᠯᠭᠠᠰᠣᠨ᠎ᠤ ᠳᠠᠩᠰᠠᠯᠠᠭᠤᠯᠣᠬ᠍ᠰᠠᠨ ᠠᠵᠢᠯ ᠠᠯᠳᠠᠬ᠍ᠰᠠᠳ᠎ᠤᠨ ᠨᠤᠷᠮ᠎ᠠ 3.9% ᠪᠤᠯᠵᠥ᠍᠂ ᠬᠤᠲᠠ ᠪᠠᠯᠭᠠᠰᠣᠨ᠎ᠤ ᠠᠵᠢᠯ ᠠᠯᠳᠠᠭᠠᠳ ᠪᠠᠢᠬ᠍ᠰᠠᠨ 558 ᠲᠥᠮᠡᠨ ᠬᠦᠮᠦᠨ ᠳᠠᠬᠢᠨ ᠠᠵᠢᠯ ᠣᠯᠵᠥ᠍᠂ ᠠᠵᠢᠯ ᠣᠯᠬᠤ᠎ᠳᠤ ᠬᠦᠴᠢᠷᠳᠡᠵᠥ᠍ ᠪᠠᠢᠬ᠍ᠰᠠᠨ 177 ᠲᠥᠮᠡᠨ ᠬᠦᠮᠦᠨ ᠠᠵᠢᠯ ᠤᠯᠣᠬ᠍ᠰᠠᠨ ᠪᠠᠢᠨ᠎ᠠ᠃
ᠤᠳᠤ ᠲᠠ ᠪᠦᠬᠦᠨ᠎ᠳᠤ 《ᠬᠤᠶᠠᠷ ᠬᠤᠷᠠᠯ》 ᠎ᠤᠨ ᠮᠡᠳᠡᠭᠡ᠎ᠶ᠋ᠢ ᠳᠠᠮᠵᠢᠭᠤᠯᠤᠶ᠎ᠠ
     1 ᠰᠠᠷ᠎ᠠ᠎ᠶ᠋ᠢᠨ 28 ᠎ᠤ ᠦᠳᠡ᠎ᠶ᠋ᠢᠨ ᠡᠮᠤᠨ᠎ᠠ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠠᠩᠬᠠᠳᠤᠭᠠᠷ ᠬᠤᠷᠠᠯ᠎ᠤᠨ ᠳᠦᠷᠪᠡᠳᠤᠭᠡᠷ ᠤᠳᠠᠭ᠎ᠠ᠎ᠶ᠋ᠢᠨ ᠪᠦᠭᠦᠳᠡ ᠬᠤᠷᠠᠯ ᠳᠡᠭᠡᠷ᠎ᠡ᠂ ᠯᠢ ᠵᠢᠶᠠ ᠤᠯᠤᠰ ᠲᠦᠷᠦ᠎ᠶ᠋ᠢᠨ ᠵᠦᠪᠯᠡᠯᠭᠡᠨ᠎ᠤ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠲᠡᠷᠢᠭᠦᠯᠡᠭ᠌ᠴᠢ᠎ᠪᠠᠷ ᠰᠤᠩᠭᠤᠭ᠍ᠳᠠᠵᠤ᠂ ᠸᠠᠩ ᠵᠦᠩ ᠾᠧ᠂ ᠳ᠋ᠦᠩ ᠾᠧᠩ ᠢᠦᠢ᠂ ᠵᠧᠩ ᠹᠦ᠋ ᠲᠢᠶᠠᠨ᠂ ᠯᠦᠸᠧ ᡁᠢ ᠬᠤ᠌ (ᠮᠤᠩᠭᠤᠯ ᠦᠨᠳᠦᠰᠦᠲᠡᠨ)᠂ ᠯᠢᠤ ᠱᠢᠨ ᠯᠧ (ᠮᠤᠩᠭᠤᠯ ᠦᠨᠳᠦᠰᠦᠲᠡᠨ)᠂ ᠮᠠ ᠮᠢᠩ᠂ ᠴᠠᠩ ᠵᠢᠶᠦ᠋ᠨ ᠵᠧᠩ᠂ ᠵᠠᠩ ᠬᠤᠸᠠ᠂ ᠴᠡᠴᠡᠭ (ᠡᠮᠡᠭ᠌ᠲᠡᠢ᠂ ᠮᠤᠩᠭᠤᠯ ᠦᠨᠳᠦᠰᠦᠲᠡᠨ)᠂ ᠤᠯᠤᠰ ᠲᠦᠷᠦ᠎ᠶ᠋ᠢᠨ ᠵᠦᠪᠯᠡᠯᠭᠡᠨ᠎ᠤ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠳᠡᠳ᠋ ᠲᠡᠷᠢᠭᠦᠯᠡᠭ᠌ᠴᠢ᠎ᠪᠠᠷ ᠰᠤᠩᠭᠤᠭ᠍ᠳᠠᠵᠤ᠂ ᠸᠧᠢ ᠵᠢᠶᠦ᠋ᠨ ᠨᠠᠷᠢᠨ ᠪᠢᠴᠢᠭ᠎ᠤᠨ ᠳᠠᠷᠤᠭ᠎ᠠ᠎ᠪᠠᠷ ᠰᠤᠩᠭᠤᠭ᠍ᠳᠠᠪᠠ᠃
     1 ᠰᠠᠷ᠎ᠠ᠎ᠶ᠋ᠢᠨ 28 ᠎ᠤ ᠡᠳᠦᠷ᠂ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠤᠨ ᠲᠦᠯᠦᠭᠡᠯᠡᠭ᠌ᠴᠢᠳ᠎ᠤᠨ ᠪᠦᠯᠬᠦᠮ ᠪᠦᠭᠦᠲᠡ ᠬᠤᠷᠠᠯ ᠬᠢᠵᠦ᠍᠂ ᠱᠢᠬᠦᠭᠦ᠌ ᠬᠤᠷᠢᠶ᠎ᠠ᠂ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠬᠢᠨᠠᠨ ᠵᠦᠪᠯᠡᠵᠤ᠂ ᠰᠤᠩᠭᠤᠬᠤ᠎ᠪᠠᠷ ᠵᠢᠱ᠌ᠢᠭ᠌ᠰᠡᠳ᠎ᠤᠨ ᠨᠠᠷᠡᠰ᠎ᠢ ᠵᠦᠪᠳᠡᠨ ᠶᠠᠷᠢᠯᠴᠠᠪᠠ᠃
     1 ᠰᠠᠷ᠎ᠠ᠎ᠶ᠋ᠢᠨ 28 ᠎ᠤ ᠡᠳᠦᠷ᠎ᠤᠨ ᠦᠳᠡ᠎ᠶ᠋ᠢᠨ ᠡᠮᠦᠨᠡᠬᠢ 9 ᠴᠠᠭ᠎ᠲᠤ᠌᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠯᠤᠰ ᠲᠥᠷᠥ᠎ᠤᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠠᠩᠬᠠᠳᠤᠭᠠᠷ ᠬᠤᠷᠠᠯ ᠲᠦᠷᠪᠡᠳᠦᠭᠡᠷ ᠤᠳᠠᠭ᠎ᠠ᠎ᠶ᠋ᠢᠨ ᠪᠦᠭᠦᠳᠡ ᠬᠤᠷᠠᠯ ᠬᠤᠷᠠᠯᠳᠤᠭᠤᠯᠵᠥ᠍᠂ ᠦᠳᠡ᠎ᠶ᠋ᠢᠨ ᠬᠤᠢᠨᠠᠬᠢ 3 ᠴᠠᠭ᠎ᠲᠤ ᠠᠩᠬᠠᠳᠤᠭᠠᠷ ᠤᠳᠠᠭ᠎ᠠ᠎ᠶ᠋ᠢᠨ ᠲᠡᠷᠢᠭᠦᠯᠡᠭ᠌ᠴᠢᠳ᠎ᠤᠨ ᠬᠤᠷᠠᠯ ᠬᠤᠷᠠᠯᠳᠤᠭᠤᠯᠤᠨ᠂ ᠦᠳᠡ᠎ᠶ᠋ᠢᠨ ᠬᠤᠢᠨᠠᠬᠢ 4 ᠴᠠᠭ᠎ᠲᠤ ᠪᠠᠢᠩᠭᠤ᠎ᠶ᠋ᠢᠨ ᠬᠤᠷᠢᠶ᠎ᠠ᠎ᠶ᠋ᠢᠨ ᠠᠩᠬᠠᠳᠤᠭᠠᠷ ᠬᠤᠷᠠᠯ ᠬᠤᠷᠠᠯᠳᠤᠭᠤᠯᠪᠠ᠃
     1 ᠰᠠᠷ᠎ᠠ᠎ᠶ᠋ᠢᠨ 29 ᠎ᠤ ᠡᠳᠦᠷ᠂ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠤᠨ ᠲᠦᠯᠦᠭᠡᠯᠡᠭ᠌ᠴᠢᠳ᠎ᠤᠨ ᠪᠦᠯᠬᠦᠮ ᠪᠦᠭᠦᠲᠡ ᠬᠤᠷᠠᠯ ᠬᠢᠵᠦ᠍᠂ ᠰᠤᠩᠭᠤᠬᠤ᠎ᠪᠠᠷ ᠵᠢᠱ᠌ᠢᠭ᠌ᠰᠡᠳ᠎ᠤᠨ ᠨᠠᠷᠡᠰ᠎ᠢ ᠶᠠᠷᠢᠯᠴᠠᠵᠤ᠂ ᠬᠠᠤᠯᠢ᠎ᠪᠠᠷ ᠲᠤᠭ᠍ᠲᠠᠭᠠᠭ᠍ᠰᠠᠨ ᠭᠡᠱᠢᠭᠦᠨ᠂ ᠰᠤᠷᠭᠠᠨ ᠬᠦᠮᠦᠵᠢᠯ ᠱᠢᠨᠵᠢᠯᠡᠬᠦ᠌ ᠤᠬᠠᠭᠠᠨ ᠰᠤᠶᠤᠯ ᠡᠷᠡᠭᠦᠯ ᠬᠠᠮᠠᠭᠠᠯᠠᠯ᠎ᠤᠨ ᠵᠦᠪᠯᠡᠯ᠎ᠤᠨ ᠪᠦᠷᠢᠯᠳᠦᠬᠦᠨ᠎ᠤ ᠨᠡᠷᠡᠰ᠎ᠤᠨ ᠲᠦᠰᠦᠯ᠎ᠢ ᠬᠢᠨᠠᠨ ᠵᠦᠪᠯᠡᠵᠤ᠂ ᠪᠢᠯᠧᠲ ᠬᠢᠨᠠᠭ᠍ᠴᠢ᠎ᠶ᠋ᠢ ᠰᠤᠩᠭᠤᠵᠤ ᠭᠠᠷᠭᠠᠨ᠎ᠠ᠃
     1 ᠰᠠᠷ᠎ᠠ᠎ᠶ᠋ᠢᠨ 29 ᠎ᠤ ᠡᠳᠦᠷ᠎ᠤᠨ ᠦᠳᠡ᠎ᠶ᠋ᠢᠨ ᠡᠮᠦᠨᠡᠬᠢ 9 ᠴᠠᠭ᠎ᠲᠤ᠌᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠯᠤᠰ ᠲᠥᠷᠥ᠎ᠤᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠠᠩᠬᠠᠳᠤᠭᠠᠷ ᠬᠤᠷᠠᠯ ᠲᠠᠪᠤᠳᠤᠭᠠᠷ ᠤᠳᠠᠭ᠎ᠠ᠎ᠶ᠋ᠢᠨ ᠪᠦᠭᠦᠲᠡ ᠬᠤᠷᠠᠯ ᠬᠤᠷᠠᠯᠳᠤᠭᠤᠯᠤᠨ᠎ᠠ᠃
ᠵᠠᠯᠭᠠᠭᠠᠳ ᠪᠤᠰᠤᠳ ᠰᠤᠨᠢᠨ ᠮᠡᠳᠡᠭᠡᠨ᠎ᠠᠴᠠ ᠤᠢ᠍ᠢᠯᠠᠭᠠᠶ᠎ᠠ
     ᠦᠢᠷ᠎ᠠ᠎ᠳᠤ᠂ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ 《ᠬᠤᠳᠠᠯᠳᠤᠭᠠᠨ᠎ᠤ ᠨᠠᠰᠤᠵᠢᠯ᠎ᠤᠨ ᠠᠰᠠᠷᠠᠮᠵᠢ᠎ᠶ᠋ᠢᠨ ᠲᠠᠭᠠᠳᠭᠠᠯ᠎ᠢ ᠲᠦᠷᠭᠡᠳᠭᠡᠨ ᠬᠥᠭ᠌ᠵᠢᠬᠦᠯᠬᠦ᠌ ᠲᠤᠬᠠᠢ ᠬᠡᠷᠡᠭ᠌ᠵᠢᠬᠦᠯᠬᠦ᠌ ᠰᠠᠨᠠᠯ》 ᠎ᠢ ᠨᠡᠢᠳᠡᠯᠡᠪᠡ᠃
     ᠦᠪᠡᠷᠲᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ᠎ᠠᠴᠠ ᠤᠢᠯᠠᠭᠠᠭ᠍ᠰᠠᠨ᠎ᠢᠶᠠᠷ᠂ ᠤᠢᠷ᠎ᠡ᠎ᠶ᠋ᠢᠨ 10 ᠵᠢᠯ᠎ᠳᠤ ᠮᠠᠨ᠎ᠤ ᠤᠷᠤᠨ ᠡᠯ᠎ᠡ ᠱᠠᠳᠤᠨ᠎ᠤ ᠠᠳᠠᠯᠢ ᠪᠤᠰᠤ ᠰᠤᠷᠭᠠᠭᠤᠯᠢ᠎ᠶ᠋ᠢᠨ 4436 ᠲᠦᠮᠡᠡ ᠰᠤᠷᠤᠭ᠍ᠴᠢ᠎ᠶ᠋ᠢ 350 ᠭᠠᠷᠤᠢ ᠳ᠋ᠦᠩᠱᠢᠭᠤᠷ ᠲᠦᠭᠦᠷᠢᠭ᠎ᠢᠶᠠᠷ ᠲᠤᠰᠠᠯᠠᠵᠠᠢ᠃
     ᠪᠡᠭᠡᠵᠢᠩ ᠶᠡᠭᠡ ᠰᠤᠷᠭᠠᠭᠤᠯᠢ᠎ᠶ᠋ᠢᠨ ᠫᠷᠤᠹᠧᠰᠰᠤᠷ᠂ ᠳ᠋ᠤᠺᠲ᠋ᠤᠷ᠎ᠤᠨ ᠵᠢᠯᠤᠭᠤᠳᠤᠭ᠍ᠴᠢ ᠪᠠᠭ᠍ᠰᠢ ᠳᠤᠯᠠᠭᠠᠨ᠎ᠤ ᠱᠢᠨ᠎ᠡ ᠨᠤᠮ 《ᠤᠯᠠᠮᠵᠢᠯᠠᠯ ᠪᠠ ᠬᠠᠷᠢᠴᠠᠭᠤᠯᠣᠯ》 ᠤᠢ᠍ᠢᠷ᠎ᠠ᠎ᠳᠤ ᠤᠩᠱᠢᠭ᠍ᠴᠢᠳ᠎ᠲᠠᠢ ᠵᠤᠯᠭᠠᠯ᠎ᠠ᠃
     ᠤᠢ᠍ᠢᠯᠠᠭᠠᠭ᠍ᠰᠠᠨ᠎ᠢᠶᠠᠷ᠂ ᠮᠠᠨ᠎ᠤ ᠤᠯᠤᠰ᠎ᠤᠨ EMS᠂ ᠱᠦᠨ ᠹᠧᠩ᠂ ᠵᠦᠩ ᠲᠦᠩ᠂ ᠱᠧᠨ ᠲᠦᠩ᠂ ᠶᠤᠸᠠᠨ ᠲᠦᠩ᠂ ᠶᠦᠨ ᠳ᠋ᠠ᠂ ᠪᠠᠢ ᠱ᠌ᠢ᠂ ᠳ᠋ᠧ ᠪᠠᠩ᠂ ᠵᠢᠩ ᠳ᠋ᠦᠩ᠂ ᠰᠥ ᠨᠢᠩ ᠵᠡᠷᠭᠡ 10 ᠲᠦᠷᠭᠡᠨ ᠬᠦᠷᠭᠡᠯᠲᠡ᠎ᠶ᠋ᠢᠨ ᠺᠤᠮᠫᠠᠨᠢ ᠡᠨᠡ ᠵᠢᠯ᠎ᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠠᠮᠠᠷᠠᠬᠤ ᠦᠭᠡᠢ ᠬᠡᠪ᠎ᠤᠨ ᠶᠤᠰᠤ᠎ᠪᠠᠷ ᠠᠵᠢᠯᠯᠠᠬᠤ ᠪᠤᠯᠪᠠᠴᠤ᠌ ᠪᠤᠭᠤᠳᠠᠯ ᠪᠠᠭ᠍ᠯᠠᠭ᠎ᠠ ᠪᠦᠷᠢ᠎ᠠᠴᠠ 10 ᠲᠦᠭᠦᠷᠢᠭ ᠨᠡᠮᠡᠵᠤ ᠬᠤᠷᠢᠶᠠᠬᠤ᠎ᠪᠠᠷ ᠪᠤᠯᠤᠯ᠎ᠠ᠃
     ᠪᠦᠬᠦ᠌ ᠤᠯᠤᠰ᠎ᠤᠨ ᠳᠤᠲᠤᠭᠠᠳᠤ᠎ᠶ᠋ᠢ ᠬᠠᠮᠠᠭᠠᠯᠠᠬᠤ ᠲᠢᠩᠬᠢᠮ ᠲᠤᠪᠴᠢᠶᠠᠨ᠎ᠤ ᠳᠠᠷᠤᠭ᠎ᠠ ᠨᠠᠷ᠎ᠤᠨ ᠬᠤᠷᠠᠯ᠎ᠠᠴᠠ ᠤᠢ᠍ᠢᠯᠠᠭᠠᠭ᠍ᠰᠠᠨ᠎ᠢᠶᠠᠷ᠂ 2020 ᠤᠨ ᠪᠤᠯᠬᠤ᠎ᠳᠤ 1 ᠳ᠋ᠦᠡᠭ᠌ᠰᠢᠭᠤᠷ ᠬᠦᠮᠦᠨ᠎ᠢ ᠬᠤᠲᠠ ᠪᠠᠯᠭᠠᠰᠤᠨ᠎ᠳᠤ ᠡᠷᠦᠬᠡ ᠠᠮᠠ ᠤᠷᠤᠭᠤᠯᠬᠤ ᠪᠤᠯᠤᠨ᠎ᠠ᠃
     1 ᠰᠠᠷ᠎ᠠ᠎ᠶ᠋ᠢᠨ 26 — 27 ᠎ᠤ ᠡᠳᠦᠷ ᠪᠤᠯᠳᠠᠯ᠎ᠠ᠂ 《ᠲᠤᠮᠳᠠᠳᠤ᠎ᠶ᠋ᠢᠨ ᠵᠡᠬᠦᠳᠤ — ᠰᠤᠶᠤᠯ᠎ᠢ ᠲᠦᠮᠡᠡ ᠡᠷᠦᠬᠡ᠎ᠳᠤ ᠬᠦᠷᠬᠡᠬᠦ᠌》 ᠰᠤᠶᠤᠯ ᠤᠷᠠᠨ ᠰᠠᠢᠬᠠᠨ᠎ᠤ ᠬᠤᠪᠢᠶᠠᠷᠢ ᠠᠩᠬᠢ᠎ᠶ᠋ᠢᠨ ᠲᠤᠬᠤᠨᠢᠭᠤᠯᠬᠤ ᠲᠤᠬ᠍ᠯᠠᠯᠳᠠ ᠬᠤᠷᠴᠢᠨ ᠪᠠᠷᠠᠭᠤᠨ ᠭᠠᠷᠤᠨ ᠲᠤᠮᠳᠠᠳᠤ ᠬᠤᠱᠢᠭᠤᠨ᠎ᠳᠤ ᠢᠳᠠ ᠬᠦᠭ᠎ᠲᠠᠢ ᠶᠠᠪᠤᠬ᠍ᠳᠠᠵᠦ᠍᠂ ᠦᠷᠬᠡᠨ ᠤᠯᠠᠨ ᠮᠠᠯᠴᠢᠨ ᠲᠠᠷᠢᠶᠠᠴᠢᠨ᠎ᠳᠤ ᠪᠠᠶᠠᠷ ᠴᠡᠩᠬᠡᠯ ᠬᠦᠷᠬᠡᠭ᠌ᠰᠡᠨ ᠪᠠᠢᠨ᠎ᠠ᠃
     ᠤᠢ᠍ᠢᠷ᠎ᠠ᠎ᠳᠤ᠂ ᠬᠤᠶᠠᠳᠤᠭᠠᠷ ᠬᠤᠭᠤᠴᠠᠭᠠᠨ᠎ᠤ ᠭᠡᠭᠡᠷᠠᠯᠡᠨ ᠳᠠᠪᠬᠢᠬᠤ ᠮᠠᠱᠢᠨ ᠲᠡᠷᠭᠡᠨ᠎ᠤ ᠲᠠᠯᠠᠪᠠᠢ ᠲᠤᠭᠤᠷᠢᠬᠤ ᠤᠷᠤᠯᠳᠤᠭᠠᠨ ᠵᠡᠭᠦᠨ ᠦᠵᠦᠮᠦᠴᠢᠨ ᠬᠤᠱᠢᠭᠤᠨ᠎ᠳᠤ ᠶᠠᠪᠤᠭ᠍ᠳᠠᠵᠤ᠂ ᠱᠢᠯᠢ᠎ᠶ᠋ᠢᠨ ᠭᠤᠤᠯ᠂ ᠤᠯᠠᠭᠠᠨᠬᠠᠳᠠ᠂ ᠲᠦᠩᠯᠢᠶᠤᠤ ᠵᠡᠷᠭᠡ ᠠᠢᠮᠠᠭ ᠬᠤᠲᠠ᠎ᠶ᠋ᠢᠨ 60 ᠭᠠᠷᠤᠢ ᠲᠠᠮᠢᠷᠴᠢᠨ ᠤᠷᠤᠯᠴᠠᠪᠠ᠃
     1 ᠰᠠᠷ᠎ᠠ᠎ᠶ᠋ᠢᠨ 27 ᠎ᠤ ᠤᠷᠤᠢ᠂ ᠵᠡᠭᠦᠨ ᠦᠵᠦᠮᠦᠴᠢᠨ ᠬᠤᠱᠢᠭᠤᠨ᠎ᠤ 2018 《ᠬᠦᠢ ᠨᠤᠲᠤᠭ》 ᠴᠠᠭᠠᠨ ᠰᠠᠷ᠎ᠠ᠎ᠶ᠋ᠢᠨ ᠦᠳᠡᠱᠢᠯᠡᠭᠡ᠎ᠶ᠋ᠢ ᠵᠡᠭᠦᠨ ᠦᠵᠦᠮᠦᠴᠢᠨ ᠬᠤᠱᠢᠭᠤᠨ᠎ᠤ ᠪᠦᠬᠦ᠌ ᠠᠷᠠᠳ᠎ᠤᠨ ᠪᠡᠶ᠎ᠡ ᠴᠢᠬᠢᠷᠠᠭ᠍ᠵᠢᠭᠤᠯᠬᠤ ᠤᠷᠳᠤᠨ᠎ᠳᠤ ᠱᠢᠩᠭᠡᠭᠡᠵᠤ ᠳᠠᠭᠤᠰᠤᠯ᠎ᠠ᠃
     ᠥᠨᠥᠳᠦᠷ᠎ᠤᠨ ᠨᠡᠪᠲᠡᠷᠡᠭᠦᠯᠭᠡ ᠮᠠᠨᠢ ᠡᠭᠦᠪᠡᠷ ᠥᠨᠳᠤᠷᠯᠡᠵᠤ ᠪᠠᠢᠨ᠎ᠠ᠃ ᠲᠠ ᠪᠦᠬᠦᠨ᠎ᠤ᠎ᠪᠠᠨ ᠬᠥᠯᠢᠶᠡᠨ ᠠᠪᠴᠤ᠌ ᠰᠤᠨᠤᠰᠤᠭ᠍ᠰᠠᠨ᠎ᠳᠤ ᠪᠠᠶᠠᠷᠯᠠᠯ᠎ᠠ᠃ ᠮᠠᠷᠭᠠᠰᠢ᠎ᠶ᠋ᠢᠨ ᠳ᠋ᠤᠭᠠᠷ᠎ᠲᠤ᠎ᠪᠠᠨ ᠲᠠᠭᠢᠨ ᠵᠤᠯᠭᠠᠶ᠎ᠠ! ᠪᠠᠶᠠᠷᠲᠠᠢ!
                       ᠨᠠᠢᠷᠠᠭᠤᠯᠤᠨ ᠨᠡᠪᠲᠡᠷᠡᠭᠦᠯᠦᠭ᠌ᠴᠢ᠄ ᠨᠠᠮᠤᠭ
                       ᠮᠡᠷᠭᠡᠵᠢᠯ᠄ ᠲᠤᠯᠭ᠎ᠠ
                       ᠬᠢᠨᠠᠭ᠍ᠴᠢ᠄ ᠬᠤᠤᠰ
                       ᠶᠡᠷᠦᠩᠬᠡᠢ ᠬᠢᠨᠠᠭ᠍ᠴᠢ᠄ ᠤᠷᠲᠤᠨᠠᠰᠤᠲᠤ

ᠬᠤᠪᠢᠶᠠᠯᠴᠠᠬᠤ᠄
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号