1 ᠰᠠᠷ᠎ᠠ᠎ᠶ᠋ᠢᠨ 30 ᠎ᠤ ᠡᠳᠦᠷ
ᠡᠬᠢᠯᠡᠬᠦ᠌ ᠴᠠᠭ᠄
2018-01-30 09:31:46
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

     ᠡᠷᠬᠢᠮ ᠬᠦᠨᠳᠦᠳᠦ ᠰᠦᠯᠵᠢᠶᠡᠨ ᠠᠨᠳᠠ ᠨᠠᠷ ᠮᠢᠨᠢ ᠰᠠᠢᠨ ᠪᠠᠢᠨᠠᠦ?
     ᠦᠨᠦᠳᠦᠷ ᠪᠤᠯ 1 ᠰᠠᠷ᠎ᠠ᠎ᠶ᠋ᠢᠨ 30 ᠎ᠤ ᠡᠳᠦᠷ᠂ ᠪᠢᠯᠢᠭ᠎ᠤᠨ ᠤᠯᠠᠷᠢᠯ᠎ᠤᠨ ᠤᠯᠠᠭᠠᠭ᠍ᠴᠢᠨ ᠲᠠᠬᠢᠶ᠎ᠠ ᠵᠢᠯ᠎ᠤᠨ 12 ᠰᠠᠷ᠎ᠠ᠎ᠶ᠋ᠢᠨ 14᠂ ᠭᠠᠷᠠᠭ᠎ᠤᠨ ᠬᠤᠶᠠᠷ᠃ ᠥᠪᠥᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠪᠡᠷᠲᠡᠭᠡᠨ ᠵᠠᠰᠠᠬᠤ ᠤᠷᠤᠨ᠎ᠤ ᠬᠤᠶᠠᠷ ᠬᠤᠷᠠᠯ》 ᠎ᠳᠤ ᠵᠤᠷᠢᠭᠤᠯᠤᠭ᠍ᠰᠠᠨ ᠤᠨᠴᠠ ᠨᠡᠪᠲᠡᠷᠡᠭᠦᠯᠭᠡ᠎ᠳᠤ᠎ᠪᠠᠨ ᠠᠩᠬᠠᠷᠤᠯ᠎ᠢᠶᠠᠨ ᠬᠠᠨᠳᠤᠭᠤᠯᠤᠨ᠎ᠠ ᠤᠤ!
     ᠶᠠᠭᠤᠨ᠎ᠤ ᠡᠮᠥᠨ᠎ᠡ ᠴᠠᠭ ᠲᠦᠷᠦ᠎ᠶ᠋ᠢᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠤᠶ᠎ᠠ
     2014 ᠤᠨ᠎ᠤ 9 ᠰᠠᠷ᠎ᠠ᠎ᠳᠤ ᠬᠡᠪᠯᠡᠬᠦᠯᠥᠭ᠌ᠰᠡᠡ 《ᠰᠢ᠎ᠶ᠋ᠢᠨ ᠫᠢᠩ ᠲᠦᠷᠦ᠎ᠶ᠋ᠢ ᠵᠠᠰᠠᠵᠥ᠍ ᠵᠠᠰᠠᠭ᠎ᠢ ᠡᠷᠬᠢᠯᠡᠬᠦ᠌ ᠲᠤᠬᠠᠢ ᠶᠠᠷᠢᠭ᠍ᠰᠠᠠ᠎ᠨᠢ》 ᠭᠡᠬᠦ᠌ ᠨᠤᠮ᠎ᠢ ᠤᠢ᠍ᠢᠷ᠎ᠠ᠎ᠶ᠋ᠢᠨ ᠡᠳᠤᠷ ᠲᠦᠪ᠎ᠤᠨ ᠤᠬᠠᠭᠤᠯᠬᠤ ᠬᠡᠯᠳᠡᠰ (ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠰᠤᠨᠢᠨ ᠮᠡᠳᠡᠭᠡᠨ᠎ᠤ ᠠᠯᠪᠠᠨ ᠬᠡᠷ) ᠪᠤᠯᠤᠨ ᠲᠦᠪ᠎ᠤᠨ ᠲᠤᠯᠭᠤᠷ ᠪᠢᠴᠢᠭ ᠰᠤᠳᠤᠯᠬᠤ ᠲᠠᠰᠤᠭ᠂ ᠲᠤᠮᠳᠠᠳᠤ ᠤᠯᠤᠰ᠎ᠤᠨ ᠭᠠᠳᠠᠭᠠᠳᠤ ᠬᠡᠯᠡᠨ᠎ᠤ ᠲᠤᠪᠴᠢᠶ᠎ᠠ ᠬᠠᠮᠳᠤᠷᠠᠨ ᠵᠠᠰᠠᠪᠤᠷᠢ ᠤᠷᠤᠭᠤᠯᠤᠭᠠᠳ 《ᠰᠢ᠎ᠶ᠋ᠢᠨ ᠫᠢᠩ ᠲᠦᠷᠦ᠎ᠶ᠋ᠢ ᠵᠠᠰᠠᠵᠥ᠍ ᠵᠠᠰᠠᠭ᠎ᠢ ᠡᠷᠬᠢᠯᠡᠬᠦ᠌ ᠲᠤᠬᠠᠢ ᠶᠠᠷᠢᠭ᠍ᠰᠠᠠ᠎ᠨᠢ》 ᠭᠡᠬᠦ᠌ ᠨᠤᠮ᠎ᠤᠨ ᠨᠢᠬᠡᠳᠤᠭᠡᠷ ᠪᠤᠳᠢ ᠭᠡᠮᠡᠨ ᠨᠡᠷᠡᠢᠳᠴᠤ᠌᠂ ᠭᠠᠳᠠᠭᠠᠳᠤ ᠬᠡᠯᠡᠨ᠎ᠤ ᠬᠡᠪᠯᠡᠯ᠎ᠤᠨ ᠬᠤᠷᠢᠶ᠎ᠠ᠎ᠠᠴᠠ ᠤᠯᠤᠰ᠎ᠤᠨ ᠲᠤᠳᠤᠭᠠᠳᠤ ᠭᠠᠳᠠᠭᠠᠳᠤ᠎ᠳᠤ ᠲᠠᠬᠢᠨᠳᠡ ᠬᠡᠪᠯᠡᠨ ᠲᠠᠷᠬᠠᠭᠠᠪᠠ᠃
     ᠤᠳᠤ ᠲᠠ ᠪᠦᠬᠦᠨ᠎ᠳᠤ 《ᠬᠤᠶᠠᠷ ᠬᠤᠷᠠᠯ》 ᠎ᠤᠨ ᠮᠡᠳᠡᠭᠡ᠎ᠶ᠋ᠢ ᠳᠠᠮᠵᠢᠭᠤᠯᠤᠶ᠎ᠠ
     1 ᠰᠠᠷ᠎ᠠ᠎ᠶ᠋ᠢᠨ 29 ᠎ᠤ ᠡᠳᠦᠷ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠥᠷᠥ᠎ᠶ᠋ᠢᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠠᠩᠬᠠᠳᠤᠭᠠᠷ ᠬᠤᠷᠠᠯ ᠢᠯᠡᠯᠳᠡ᠎ᠲᠠᠢ᠎ᠪᠠᠷ ᠲᠡᠭᠦᠰᠪᠡ᠃
     1 ᠰᠠᠷ᠎ᠠ᠎ᠶ᠋ᠢᠨ 30 ᠎ᠤ ᠡᠳᠦᠷ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠤᠨ ᠲᠦᠯᠦᠭᠡᠯᠡᠭ᠌ᠴᠢᠳ᠎ᠤᠨ ᠪᠦᠯᠬᠦᠮ ᠪᠦᠭᠦᠳᠡ (ᠳᠤᠭᠤᠢᠯᠠᠩ᠎ᠤᠨ) ᠬᠤᠷᠠᠯ ᠬᠤᠷᠠᠯᠳᠤᠭᠤᠯᠵᠤ᠂ ᠰᠣᠩᠭᠤᠭ᠍ᠳᠠᠭ᠍ᠰᠠᠳ᠎ᠤᠨ ᠨᠡᠷᠡᠰ᠎ᠢ ᠶᠠᠷᠢᠯᠴᠠᠵᠤ᠂ ᠡᠯ᠎ᠡ ᠵᠦᠢᠯ᠎ᠤᠨ ᠱᠢᠢᠳᠪᠦᠷᠢ ᠲᠦᠰᠦᠯ᠎ᠢ ᠬᠢᠨᠠᠨ ᠵᠦᠪᠯᠡᠨ᠎ᠡ᠃
     ᠮᠥᠨ ᠡᠳᠦᠷ᠎ᠤᠨ ᠦᠳᠡ᠎ᠶ᠋ᠢᠨ ᠬᠤᠢᠨᠠᠬᠢ 3 ᠴᠠᠭ᠎ᠲᠤ ᠲᠦᠷᠪᠡᠳᠦᠭᠡᠷ ᠪᠦᠭᠦᠳᠡ ᠬᠤᠷᠠᠯ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠡᠷᠬᠢᠯᠡᠭ᠌ᠴᠢ᠂ ᠦᠪᠡᠷᠳᠡᠭᠡᠨ ᠵᠠᠰᠠᠬᠤ ᠤᠷᠤᠨ᠎ᠤ ᠲᠡᠷᠢᠭᠦᠯᠡᠭ᠌ᠴᠢ᠂ ᠦᠪᠡᠷᠳᠡᠭᠡᠨ ᠵᠠᠰᠠᠬᠤ ᠤᠷᠤᠨ᠎ᠤ ᠬᠢᠨᠠᠨ ᠪᠠᠢᠴᠠᠭᠠᠬᠤ ᠵᠦᠪᠯᠡᠯ᠎ᠤᠨ ᠡᠷᠬᠢᠯᠡᠭ᠌ᠴᠢ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ᠎ᠶ᠋ᠢᠨ ᠱᠢᠭᠦᠭᠦ᠌ ᠬᠤᠷᠢᠶ᠎ᠠ᠎ᠶ᠋ᠢᠨ ᠲᠠᠷᠤᠭ᠎ᠠ᠂ ᠦᠪᠡᠷᠳᠡᠭᠡᠨ ᠵᠠᠰᠠᠬᠤ ᠣᠷᠣᠨ᠎ᠤ ᠪᠠᠢᠴᠠᠭᠠᠬᠤ ᠬᠤᠷᠢᠶᠠᠨ᠎ᠤ ᠪᠠᠢᠴᠠᠭᠠᠬᠤ ᠲᠠᠷᠤᠭ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠳᠤ ᠤᠷᠤᠯᠴᠠᠬᠤ ᠮᠠᠨ᠎ᠤ ᠣᠷᠣᠨ᠎ᠤ ᠲᠦᠯᠦᠭᠡᠯᠡᠭ᠌ᠴᠢ᠎ᠶ᠋ᠢ ᠰᠣᠩᠭᠤᠨ ᠭᠠᠷᠭᠠᠨ᠎ᠠ᠃
     ᠵᠠᠯᠭᠠᠭᠠᠳ ᠪᠤᠰᠤᠳ ᠰᠤᠨᠢᠨ ᠮᠡᠳᠡᠭᠡᠨ᠎ᠠᠴᠠ ᠤᠢ᠍ᠢᠯᠠᠭᠠᠶ᠎ᠠ
     ᠤᠢ᠍ᠢᠷ᠎ᠠ᠎ᠳᠤ᠂ ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ 《ᠦᠪᠡᠷᠲᠡᠭᠡᠨ ᠵᠠᠰᠠᠬᠤ ᠤᠷᠤᠨ ᠮᠤᠩᠭᠤᠯ ᠡᠮ ᠡᠮᠨᠡᠯᠭᠡ᠎ᠶ᠋ᠢ ᠬᠦᠭ᠌ᠵᠢᠭᠦᠯᠦᠨ ᠮᠠᠨᠳᠤᠭᠤᠯᠬᠤ ᠠᠵᠢᠯᠯᠠᠭᠠᠨ᠎ᠤ ᠲᠦᠯᠦᠪᠯᠡᠭᠡ (2017 — 2025 ᠤᠨ)》 ᠎ᠶ᠋ᠢ ᠬᠡᠷᠡᠭ᠌ᠵᠢᠬᠦᠯᠵᠥ᠍᠂ ᠤᠷᠤᠨ᠎ᠤ ᠬᠡᠪᠴᠢᠶᠡᠨ᠎ᠳᠠᠬᠢ ᠮᠤᠩᠭᠤᠯ ᠡᠮᠨᠡᠯᠭᠡ᠎ᠶ᠋ᠢᠨ ᠬᠤᠷᠢᠶ᠎ᠠ ᠪᠤᠶᠤ ᠮᠤᠩᠭᠤᠯ ᠬᠢᠲᠠᠳ ᠡᠮᠨᠡᠯᠭᠡ᠎ᠶ᠋ᠢᠨ ᠬᠤᠷᠢᠶ᠎ᠠ᠎ᠳᠤ ᠡᠮᠴᠢᠯᠡᠭᠦᠯᠪᠡᠯ᠂ ᠡᠮᠨᠡᠯᠭᠡ᠎ᠶ᠋ᠢᠨ ᠳᠠᠭᠠᠳᠭᠠᠯ᠎ᠤᠨ ᠡᠬᠢᠯᠡᠵᠤ ᠲᠤᠱᠢᠶᠠᠬᠤ ᠪᠠᠷᠢᠮᠵᠢᠶ᠎ᠠ᠎ᠶ᠋ᠢ 20% ᠎ᠠᠴᠠ 50% ᠎ᠢᠶᠠᠷ ᠪᠠᠭᠤᠷᠠᠭᠤᠯᠵᠤ᠂ ᠳᠠᠩᠰᠠ ᠲᠠᠢᠯᠬᠤ ᠬᠠᠷᠢᠴᠠᠯ᠎ᠢ ᠤᠤᠯ᠎ᠤᠨ ᠰᠠᠭᠤᠷᠢ ᠳᠡᠭᠡᠷ᠎ᠡ 15% ᠎ᠠᠴᠠ 20% ᠎ᠢᠶᠠᠷ ᠳᠡᠭᠡᠭ᠌ᠰᠢᠯᠡᠬᠦᠯᠬᠦ᠌᠎ᠪᠠᠷ ᠪᠤᠯᠪᠠ᠃
     ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠠᠮᠢᠳᠤᠷᠠᠯ᠎ᠢ ᠪᠠᠳᠤᠯᠠᠨ ᠰᠠᠢᠵᠢᠷᠠᠭᠤᠯᠬᠤ ᠠᠵᠢᠯ᠎ᠤᠨ ᠰᠤᠨᠢᠨ ᠮᠡᠳᠡᠭᠡ ᠨᠡᠢᠳᠡᠯᠡᠭᠦ᠌ ᠬᠤᠷᠠᠯ᠎ᠠᠴᠠ ᠤᠢ᠍ᠢᠯᠠᠭᠠᠬ᠍ᠰᠠᠨ᠎ᠢᠶᠠᠷ᠂ ᠮᠠᠨ᠎ᠤ ᠤᠷᠤᠨ᠎ᠤ 103 ᠬᠤᠱᠢᠭᠤ ᠱᠢᠶᠠᠨ (ᠬᠤᠳᠠ᠂ ᠲᠤᠭᠤᠷᠢᠭ) ᠎ᠠᠴᠠ 93 ᠬᠤᠱᠢᠭᠤ ᠱᠢᠶᠠᠨ (ᠬᠤᠳᠠ᠂ ᠲᠤᠭᠤᠷᠢᠭ) ᠎ᠨᠢ ᠨᠢᠭᠡᠨᠳᠡ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠲᠡᠩᠴᠡᠭᠦᠷᠢᠳᠠᠢ ᠬᠦᠭ᠌ᠵᠢᠯᠳᠠ᠎ᠶ᠋ᠢ ᠱᠠᠯᠠᠪᠳᠠᠭᠤᠯᠤᠨ ᠵᠢᠯᠤᠭᠤᠳᠭᠤ ᠦᠨᠡᠯᠡᠯᠳᠡ᠎ᠳᠤ ᠬᠢᠷᠢ ᠲᠡᠩᠴᠡᠪᠡ᠃
     ᠭᠤᠴᠢᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠵᠠᠯᠠᠭᠤᠴᠤᠳ ᠪᠠᠭᠠᠴᠤᠳ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠤᠷᠤᠯᠳᠤᠭᠠᠨ 1 ᠰᠠᠷ᠎ᠠ᠎ᠶ᠋ᠢᠨ 26 ᠎ᠠᠴᠠ 28 ᠎ᠤ ᠡᠳᠦᠷ ᠪᠤᠯᠲᠠᠯ᠎ᠠ ᠬᠦᠬᠡᠬᠤᠲᠠ᠎ᠳᠤ ᠶᠠᠪᠤᠭ᠍ᠳᠠᠵᠤ᠂ ᠪᠦᠬᠦ᠌ ᠤᠷᠤᠨ᠎ᠤ ᠡᠯ᠎ᠡ ᠠᠢᠮᠠᠭ ᠬᠤᠳᠠ᠎ᠶ᠋ᠢᠨ ᠤᠷᠤᠯᠴᠠᠬ᠍ᠴᠢ᠎ᠶ᠋ᠢᠨ 1371 ᠱᠢᠨ᠎ᠡ ᠡᠭᠦᠳᠦᠯᠲᠡ᠎ᠶ᠋ᠢᠨ ᠪᠦᠲᠦᠭᠡᠯ ᠤᠷᠤᠯᠴᠠᠭ᠍ᠰᠠᠨ ᠪᠠᠢᠨ᠎ᠠ᠃
     ᠡᠨᠡ ᠵᠢᠯ᠎ᠤᠨ ᠴᠠᠭᠠᠨ ᠰᠠᠷ᠎ᠠ᠎ᠶ᠋ᠢᠨ ᠵᠦᠭᠡᠭᠡᠪᠦᠷᠢ᠎ᠶ᠋ᠢᠨ ᠬᠤᠭᠤᠴᠠᠭ᠎ᠠ 2 ᠰᠠᠷ᠎ᠠ᠎ᠶ᠋ᠢᠨ 1 ᠎ᠠᠴᠠ ᠡᠬᠢᠯᠡᠵᠤ᠂ ᠵᠤᠭᠠᠴᠠᠭ᠍ᠰᠠᠳ ᠠᠳᠠᠯᠢ ᠬᠤᠭᠤᠴᠠᠭᠠᠨ᠎ᠤ᠎ᠬᠢ᠎ᠠᠴᠠ 10% ᠎ᠢᠶᠠᠷ ᠨᠡᠮᠡᠭ᠌ᠳᠡᠭᠦ᠌ ᠪᠤᠯᠬᠤᠷ ᠬᠦᠬᠡᠬᠤᠳᠠ᠎ᠶ᠋ᠢᠨ ᠨᠢᠰᠭᠡᠯ᠎ᠤᠨ ᠪᠠᠭᠤᠳᠠᠯ ᠠᠶᠠᠯᠠᠯ ᠨᠡᠮᠡᠵᠤ᠂ ᠵᠤᠭᠠᠴᠠᠭ᠍ᠰᠠᠳ᠎ᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠠᠶᠠᠯᠠᠯ ᠵᠤᠭᠠᠴᠠᠯ᠎ᠢ ᠬᠦᠢᠴᠡᠳ ᠪᠠᠳᠤᠯᠠᠬᠤ ᠪᠤᠯᠤᠨ᠎ᠠ᠃
     1 ᠰᠠᠷ᠎ᠠ᠎ᠶ᠋ᠢᠨ 28 ᠎ᠤ ᠡᠳᠦᠷ᠂ ᠳᠤᠮᠳᠠᠳᠤ ᠤᠯᠤᠰ᠎ᠤᠨ ᠮᠤᠷᠢᠨ ᠦᠢᠯᠡᠰ᠎ᠤᠨ ᠨᠡᠢᠭᠡᠮᠯᠢᠭ᠎ᠤᠨ ᠴᠢᠭᠤᠯᠭ᠎ᠠ ᠠᠭᠤᠯᠵᠠᠯᠲᠠ ᠪᠡᠭᠡᠵᠢᠩ ᠬᠤᠲᠠ᠎ᠳᠤ ᠶᠠᠪᠤᠭ᠍ᠳᠠᠵᠤ᠂ ᠱᠢᠯᠢ᠎ᠶ᠋ᠢᠨ ᠭᠤᠤᠯ ᠠᠢᠮᠠᠭ᠎ᠤᠨ ᠠᠪᠠᠭ᠎ᠠ ᠬᠤᠱᠢᠭᠤᠨ᠎ᠤ ᠨᠠᠷᠠᠨᠪᠤᠯᠠᠭ ᠰᠤᠮᠤ᠎ᠶ᠋ᠢᠨ ᠪᠠᠶᠠᠨᠱᠢᠯᠢ ᠭᠠᠴᠠᠭᠠᠨ᠎ᠤ ᠤᠶᠠᠭᠠᠴᠢ ᠬᠦᠷᠡᠯᠪᠠᠭᠠᠲᠤᠷ᠎ᠤᠨ ᠰᠠᠷᠠᠲᠠᠢ ᠬᠡᠭᠡᠷ᠎ᠲᠤ 《ᠶᠧ ᠯᠠᠩ》 ᠬᠡᠮᠡᠨ ᠨᠡᠷ᠎ᠡ ᠬᠠᠢᠷᠠᠯᠠᠵᠤ᠂ 《ᠮᠠ ᠸᠠᠩ》 (《ᠤᠯᠤᠰ᠎ᠤᠨ ᠮᠠᠩᠯᠠᠢ ᠬᠦᠯᠦᠭ》) ᠴᠤᠯᠠ ᠤᠯᠭᠤᠵᠠᠢ᠃
     1 ᠰᠠᠷ᠎ᠠ᠎ᠶ᠋ᠢᠨ 28 ᠎ᠤ ᠡᠳᠦᠷ᠂ ᠦᠪᠦᠷ ᠮᠤᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠶ᠋ᠢᠨ ᠮᠤᠩᠭᠤᠯ ᠷᠠᠳᠢᠣ᠋᠎ᠶ᠋ᠢᠨ 《ᠤᠶᠠᠩᠭ᠎ᠠ᠎ᠶ᠋ᠢᠨ ᠺᠯᠦ᠋ᠪ》 ᠱᠢᠭᠤᠳ ᠨᠡᠪᠲᠡᠷᠡᠭᠦᠯᠭᠡ᠎ᠶ᠋ᠢᠨ ᠵᠤᠬᠢᠶᠠᠯ᠎ᠤᠨ ᠳᠠᠭᠤᠤ᠎ᠶ᠋ᠢᠨ 2017 ᠤᠨ᠎ᠤ ᠰᠠᠷ᠎ᠠ᠎ᠶ᠋ᠢᠨ ᠮᠠᠩᠯᠠᠢ᠂ ᠤᠨ᠎ᠤ ᠮᠠᠩᠯᠠᠢ᠎ᠳᠤ ᠱᠠᠩᠨᠠᠯ ᠤᠯᠭᠤᠬᠤ ᠦᠳᠡᠱᠢᠯᠡᠭᠡ ᠬᠦᠬᠡᠬᠤᠲᠠ᠎ᠳᠤ ᠶᠠᠪᠤᠭ᠍ᠳᠠᠭ᠍ᠰᠠᠨ ᠶᠤᠮ᠃
     ᠤᠢ᠍ᠢᠷ᠎ᠠ᠎ᠳᠤ᠂ 2018 ᠳᠤᠮᠳᠠᠳᠤ ᠤᠯᠤᠰ᠎ᠤᠨ ᠵᠤᠭᠠᠴᠠᠯ᠎ᠤᠨ ᠦᠵᠡᠮᠵᠢ᠎ᠶ᠋ᠢᠨ ᠬᠤᠷᠠᠯ ᠵᠢᠴᠢ 《ᠳᠤᠮᠳᠠᠳᠤ ᠤᠯᠤᠰ᠎ᠤᠨ ᠵᠤᠭᠠᠴᠠᠯ᠎ᠤᠨ ᠵᠤᠷᠢᠯᠲᠠᠲᠤ ᠤᠷᠤᠨ᠎ᠤ ᠱᠢᠨ᠎ᠡ᠎ᠶ᠋ᠢ ᠡᠭᠦᠳᠬᠦ᠌ ᠪᠠ ᠬᠠᠮᠲᠤᠷᠠᠨ ᠠᠵᠢᠯᠯᠠᠬᠤ ᠳᠡᠭᠡᠳᠤ ᠳᠡᠰ᠎ᠤᠨ ᠶᠠᠷᠢᠶᠠᠨ᠎ᠤ ᠳᠠᠪᠴᠠᠩ》 ᠪᠡᠭᠡᠵᠢᠩ ᠬᠤᠲᠠ᠎ᠳᠤ ᠶᠠᠪᠤᠭ᠍ᠳᠠᠵᠤ᠂ ᠬᠦᠯᠦᠨ ᠪᠤᠢᠷ ᠬᠤᠲᠠ 《ᠳᠤᠮᠳᠠᠳᠤ ᠤᠯᠤᠰ᠎ᠤᠨ ᠬᠠᠮᠤᠭ᠎ᠤᠨ ᠶᠡᠭᠡ ᠪᠡᠯᠡ ᠤᠷᠤᠭᠤᠯᠤᠯᠲᠠ᠎ᠶ᠋ᠢᠨ ᠨᠢᠭᠤᠭ᠍ᠳᠠᠮᠠᠯ ᠬᠦᠴᠦᠨ ᠪᠦᠬᠦᠢ ᠵᠤᠭᠠᠴᠠᠯ᠎ᠤᠨ ᠵᠤᠷᠢᠯᠲᠠᠲᠤ ᠤᠷᠤᠨ》 ᠎ᠢᠶᠠᠷ ᠲᠤᠳᠤᠷᠠᠵᠠᠢ᠃
     2017 ᠤᠨ᠎ᠳᠤ ᠮᠤᠩᠭᠤᠯ ᠤᠯᠤᠰ᠎ᠤᠨ ᠬᠦᠮᠦᠨ ᠠᠮᠠ 5.98 ᠲᠦᠮᠡ ᠨᠡᠮᠡᠭ᠌ᠳᠡᠵᠤ᠂ ᠪᠦᠬᠦ᠌ ᠤᠯᠤᠰ᠎ᠤᠨ ᠬᠦᠮᠦᠨ ᠠᠮᠠ᠎ᠶ᠋ᠢᠨ ᠲᠤᠭ᠎ᠠ 320 ᠲᠦᠮᠡ᠎ᠳᠤ ᠬᠦᠷᠪᠡ᠃
     ᠥᠨᠥᠳᠦᠷ᠎ᠤᠨ ᠨᠡᠪᠲᠡᠷᠡᠭᠦᠯᠭᠡ ᠮᠠᠨᠢ ᠡᠭᠦᠪᠡᠷ ᠥᠨᠳᠤᠷᠯᠡᠵᠤ ᠪᠠᠢᠨ᠎ᠠ᠃ ᠲᠠ ᠪᠦᠬᠦᠨ᠎ᠤ᠎ᠪᠠᠨ ᠬᠥᠯᠢᠶᠡᠨ ᠠᠪᠴᠤ᠌ ᠰᠤᠨᠤᠰᠤᠭ᠍ᠰᠠᠨ᠎ᠳᠤ ᠪᠠᠶᠠᠷᠯᠠᠯ᠎ᠠ᠃ ᠮᠠᠷᠭᠠᠰᠢ᠎ᠶ᠋ᠢᠨ ᠳ᠋ᠤᠭᠠᠷ᠎ᠲᠤ᠎ᠪᠠᠨ ᠲᠠᠭᠢᠨ ᠵᠤᠯᠭᠠᠶ᠎ᠠ! ᠪᠠᠶᠠᠷᠲᠠᠢ!
                       ᠨᠠᠢᠷᠠᠭᠤᠯᠤᠨ ᠨᠡᠪᠲᠡᠷᠡᠭᠦᠯᠦᠭ᠌ᠴᠢ᠄ ᠨᠠᠮᠤᠭ
                       ᠮᠡᠷᠭᠡᠵᠢᠯ᠄ ᠬᠦᠬᠡᠪᠠᠷᠰ
                       ᠬᠢᠨᠠᠭ᠍ᠴᠢ᠄ ᠴᠡᠴᠡᠭ
                       ᠶᠡᠷᠦᠩᠬᠡᠢ ᠬᠢᠨᠠᠭ᠍ᠴᠢ᠄ ᠤᠷᠲᠤᠨᠠᠰᠤᠲᠤ

ᠬᠤᠪᠢᠶᠠᠯᠴᠠᠬᠤ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号