|
|
|
|
|
3 ᠰᠠᠷ᠎ᠠ᠎ᠶ᠋ᠢᠨ 18 ᠤ ᠡᠳᠦᠷ
|
|
|
|
|
ᠡᠬᠢᠯᠡᠬᠦ᠌ ᠴᠠᠭ᠄
2018-03-18 09:58:04
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠬᠢᠮ ᠬᠦᠨᠳᠦᠳᠦ ᠰᠦᠯᠵᠢᠶᠡᠨ ᠠᠨᠳᠠ ᠨᠠᠷ ᠮᠢᠨᠢ ᠰᠠᠢᠨ ᠪᠠᠢᠨᠠᠤ? ᠦᠨᠦᠳᠦᠷ ᠪᠤᠯ 2018 ᠤᠨ᠎ᠤ 3 ᠰᠠᠷ᠎ᠠ᠎ᠶ᠋ᠢᠨ 18 ᠤ ᠡᠳᠦᠷ᠂ ᠪᠢᠯᠢᠭ᠎ᠤᠨ ᠤᠯᠠᠷᠢᠯ᠎ᠤᠨ ᠱᠢᠷ᠎ᠠ ᠨᠤᠬᠠᠢ ᠵᠢᠯ᠎ᠤᠨ 2 ᠰᠠᠷ᠎ᠠ᠎ᠶ᠋ᠢᠨ 2᠂ ᠭᠠᠷᠠᠭ᠎ᠤᠨ ᠡᠳᠦᠷ᠃ ᠥᠪᠥᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠪᠦᠬᠦ᠌ ᠤᠯᠤᠰ᠎ᠤᠨ ᠬᠤᠶᠠᠷ ᠬᠤᠷᠠᠯ》 ᠳᠤ ᠵᠤᠷᠢᠭᠤᠯᠤᠭ᠍ᠰᠠᠨ ᠤᠨᠴᠠ ᠨᠡᠪᠲᠡᠷᠡᠭᠦᠯᠭᠡ᠎ᠳᠡᠭᠡᠨ ᠠᠩᠬᠠᠷᠤᠯ᠎ᠢᠶᠠᠨ ᠬᠠᠨᠳᠤᠭᠤᠯᠤᠨ᠎ᠠ ᠤᠤ! ᠤᠷᠢᠳᠠᠪᠡᠷ ᠬᠤᠶᠠᠷ ᠬᠤᠷᠠᠯ᠎ᠤᠨ ᠮᠡᠳᠡᠭᠡ᠎ᠶ᠋ᠢ ᠳᠠᠮᠵᠢᠭᠤᠯᠤᠶ᠎ᠠ • ᠥᠨᠦᠳᠦᠷ᠎ᠤᠨ ᠦᠳᠡ᠎ᠶ᠋ᠢᠨ ᠡᠮᠦᠨᠡᠬᠢ 9 ᠴᠠᠭ᠎ᠲᠤ᠌᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ ᠵᠢᠷᠭᠤᠳᠤᠭᠠᠷ ᠪᠦᠭᠦᠳᠡ ᠬᠤᠷᠠᠯ ᠬᠤᠷᠠᠯᠳᠤᠭᠤᠯᠤᠨ᠎ᠠ᠃ ᠬᠤᠷᠠᠯ᠎ᠳᠤ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢᠳ᠎ᠤᠨ ᠵᠢᠱ᠌ᠢᠭ᠌ᠳᠡᠭ᠌ᠴᠢ᠎ᠶ᠋ᠢ ᠲᠤᠭ᠍ᠳᠠᠭᠠᠨ᠎ᠠ; ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠳ᠋ ᠲᠡᠷᠢᠭᠦᠯᠡᠭ᠌ᠴᠢ᠂ ᠭᠡᠱᠢᠭᠦᠨ᠎ᠤ ᠵᠢᠱ᠌ᠢᠭ᠌ᠳᠡᠭ᠌ᠴᠢ᠎ᠶ᠋ᠢ ᠲᠤᠭ᠍ᠳᠠᠭᠠᠨ᠎ᠠ; ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠡᠷᠬᠢᠯᠡᠭ᠌ᠴᠢ᠎ᠶ᠋ᠢ ᠰᠤᠩᠭᠤᠨ ᠭᠠᠷᠭᠠᠨ᠎ᠠ; ᠠᠷᠠᠳ᠎ᠤᠨ ᠳᠡᠭᠡᠳᠤ ᠱᠢᠬᠦᠬᠦ᠌ ᠬᠤᠷᠢᠶᠠᠨ᠎ᠤ ᠬᠤᠷᠢᠶᠠᠨ ᠳᠠᠷᠤᠭ᠎ᠠ᠎ᠶ᠋ᠢ ᠰᠤᠩᠭᠤᠨ ᠭᠠᠷᠭᠠᠨ᠎ᠡ; ᠠᠷᠠᠳ᠎ᠤᠨ ᠳᠡᠭᠡᠳᠤ ᠪᠠᠢᠴᠠᠭᠠᠬᠤ ᠬᠤᠷᠢᠶᠠᠨ᠎ᠤ ᠪᠠᠢᠴᠠᠭᠠᠬᠤ ᠲᠠᠷᠤᠭ᠎ᠠ᠎ᠶ᠋ᠢ ᠰᠤᠩᠭᠤᠨ ᠭᠠᠷᠭᠠᠨ᠎ᠠ᠃ ᠰᠤᠩᠭᠤᠭᠤᠯᠢ᠎ᠶ᠋ᠢᠨ ᠦᠷ᠎ᠡ ᠳ᠋ᠦᠡᠭ᠎ᠢ ᠨᠡᠢᠲᠡᠯᠡᠭ᠌ᠰᠡᠨ᠎ᠤ ᠲᠠᠷᠠᠭ᠎ᠠ᠂ ᠤᠯᠤᠰ᠎ᠤᠨ ᠲᠡᠷᠢᠭᠦᠯᠡᠭ᠌ᠴᠢ᠎ᠠᠴᠠ ᠲᠡᠷᠢᠭᠦᠯᠡᠭ᠌ᠴᠢ᠎ᠶ᠋ᠢᠨ ᠵᠠᠷᠯᠢᠭ᠎ᠲᠤ ᠭᠠᠷᠤᠨ ᠦᠰᠦᠭ ᠵᠢᠷᠤᠵᠤ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢᠳ᠎ᠢ ᠲᠤᠱᠢᠶᠠᠯ᠎ᠳᠤ ᠲᠤᠮᠢᠯᠠᠨ᠎ᠠ᠃ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠶᠤᠰᠤᠯᠠᠯ ᠶᠠᠪᠤᠭ᠍ᠳᠠᠭᠤᠯᠤᠨ᠎ᠠ᠃ ᠲᠠᠷᠢᠭᠦᠯᠡᠭ᠌ᠴᠢᠳᠤᠨ ᠪᠦᠯᠬᠦᠮ᠎ᠤᠨ ᠶᠢᠰᠦᠳᠦᠭᠡᠷ ᠤᠳᠠᠭ᠎ᠠ᠎ᠶ᠋ᠢᠨ ᠬᠤᠷᠠᠯ ᠬᠤᠷᠠᠯᠳᠤᠨ᠎ᠠ᠃ • ᠥᠨᠦᠳᠦᠷ᠎ᠤᠨ ᠦᠳᠡ᠎ᠶ᠋ᠢᠨ ᠬᠤᠢᠨᠠᠬᠢ 3 ᠴᠠᠭ᠎ᠲᠤ ᠪᠦᠬᠦ᠌ ᠪᠦᠯᠬᠦᠮ᠎ᠤᠨ ᠬᠤᠷᠠᠯ ᠬᠢᠵᠦ᠍᠂ ᠳᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢᠳ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠭᠡᠱᠢᠭᠦᠨ᠂ ᠡᠯ᠎ᠡ ᠶᠠᠮᠤᠨ᠎ᠤ ᠰᠠᠢᠳ᠂ ᠡᠯ᠎ᠠ ᠵᠦᠪᠯᠡᠯ᠎ᠤᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠪᠠᠩᠭᠢ᠎ᠶ᠋ᠢᠨ ᠳᠠᠷᠤᠭ᠎ᠠ᠂ ᠬᠢᠨᠠᠨ ᠪᠤᠳᠤᠬᠤ ᠵᠠᠬᠢᠷᠭ᠎ᠠ᠎ᠶ᠋ᠢᠨ ᠳᠠᠷᠤᠭ᠎ᠠ᠂ ᠨᠠᠷᠢᠨ ᠪᠢᠴᠢᠭ᠎ᠤᠨ ᠳᠠᠷᠤᠭ᠎ᠠ᠎ᠶ᠋ᠢᠨ ᠵᠢᠱ᠌ᠢᠭ᠌ᠳᠡᠭ᠌ᠴᠢ᠎ᠶ᠋ᠢ ᠶᠠᠷᠢᠯᠴᠠᠨ ᠵᠦᠪᠳᠡᠵᠤ᠂ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠦᠪᠯᠡᠯ᠂ ᠳᠤᠲᠤᠭᠠᠳᠤ ᠶᠠᠪᠤᠳᠠᠯ᠎ᠤᠨ ᠬᠠᠤᠯᠢ ᠴᠠᠭᠠᠵᠠ᠎ᠶ᠋ᠢᠨ ᠵᠦᠪᠯᠡᠯ᠂ ᠰᠤᠷᠭᠠᠨ ᠬᠦᠮᠦᠵᠢᠯ ᠱᠢᠨᠵᠢᠯᠡᠬᠦ᠌ ᠤᠬᠠᠭᠠᠨ ᠰᠤᠶᠤᠯ ᠡᠷᠡᠭᠦᠯ ᠬᠠᠮᠠᠭᠠᠯᠠᠯ᠎ᠤᠨ ᠵᠦᠪᠯᠡᠯ᠂ (ᠭᠠᠳᠠᠭᠠᠳᠤ ᠶᠠᠪᠤᠳᠠᠯ᠎ᠤᠨ ᠵᠦᠪᠯᠡᠯ᠂ ᠳᠤᠮᠳᠠᠳᠤ᠎ᠶ᠋ᠢᠨ ᠬᠠᠷᠢᠶᠠᠲᠤ᠎ᠶ᠋ᠢᠨ ᠵᠦᠪᠯᠡᠯ) ᠤᠷᠴᠢᠨ ᠲᠤᠭᠤᠷᠢᠨ ᠬᠢᠭᠡᠳ ᠡᠬᠢ ᠪᠠᠶᠠᠯᠢᠭ᠎ᠤᠨ ᠬᠠᠮᠠᠭᠠᠯᠠᠯᠲᠠ᠎ᠶ᠋ᠢᠨ ᠵᠦᠪᠯᠡᠯ᠂ ᠬᠦᠳᠡᠭᠡ ᠠᠵᠤ ᠠᠬᠤᠢ ᠬᠦᠳᠡᠭᠡ ᠲᠤᠰᠭᠤᠨ᠎ᠤ ᠵᠦᠪᠯᠡᠯ᠎ᠤᠨ ᠡᠷᠬᠢᠯᠡᠭ᠌ᠴᠢ ᠭᠡᠱᠢᠭᠦᠨ᠂ ᠳᠡᠳ᠋ ᠡᠷᠬᠢᠯᠡᠭ᠌ᠴᠢ ᠭᠡᠱᠢᠭᠦᠨ᠂ ᠭᠡᠱᠢᠭᠦᠨ᠎ᠤ ᠵᠢᠱ᠌ᠢᠭ᠌ᠳᠡᠭ᠌ᠴᠢ᠎ᠶ᠋ᠢ ᠶᠠᠷᠢᠯᠴᠠᠨ ᠵᠦᠪᠳᠡᠬᠦ᠌ ᠪᠤᠯᠤᠨ᠎ᠠ᠃ 6 ᠴᠠᠭ᠎ᠲᠤ ᠲᠡᠷᠢᠭᠦᠯᠡᠭ᠌ᠴᠢᠳ᠎ᠤᠨ ᠪᠦᠯᠬᠦᠮ᠎ᠤᠨ ᠠᠷᠪᠠᠳᠤᠭᠠᠷ ᠤᠳᠠᠭ᠎ᠠ᠎ᠶ᠋ᠢᠨ ᠬᠤᠷᠠᠯ ᠬᠢᠨ᠎ᠡ᠃ ᠳᠠᠷᠠᠭ᠎ᠠ᠎ᠨᠢ ᠴᠠᠭ ᠲᠦᠷᠦ᠎ᠶ᠋ᠢᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠤᠶ᠎ᠠ • 3 ᠰᠠᠷ᠎ᠠ᠎ᠶ᠋ᠢᠨ 17 ᠤ ᠦᠳᠡ᠎ᠶ᠋ᠢᠨ ᠡᠮᠤᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ ᠲᠠᠪᠤᠳᠤᠭᠠᠷ ᠪᠦᠭᠦᠳᠡ ᠬᠤᠷᠠᠯ ᠬᠤᠷᠠᠯᠳᠤᠭᠤᠯᠵᠤ᠂ ᠰᠢ᠎ᠶ᠋ᠢᠨ ᠫᠢᠩ ᠪᠦᠷᠢᠨ ᠪᠢᠯᠧᠲ᠎ᠢᠶᠠᠷ ᠤᠯᠤᠰ᠎ᠤᠨ ᠲᠡᠷᠢᠭᠦᠯᠡᠭ᠌ᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ᠎ᠪᠠᠷ ᠰᠤᠩᠭᠤᠭ᠍ᠳᠠᠵᠤ᠂ ᠯᠢ ᠵᠠᠨ ᠱᠦ᠍ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠤᠷᠢᠶᠠᠨ ᠳᠠᠷᠤᠭ᠎ᠠ᠂ ᠸᠠᠩ ᠴᠢ ᠱᠠᠨ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠡᠳ᠋ ᠲᠡᠷᠢᠭᠦᠯᠡᠭ᠌ᠴᠢ᠎ᠪᠠᠷ ᠰᠤᠩᠭᠤᠭ᠍ᠳᠠᠪᠠ᠃ • 3 ᠰᠠᠷ᠎ᠠ᠎ᠶ᠋ᠢᠨ 17 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠠᠴᠠ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠪᠠᠢᠭᠤᠯᠤᠮᠵᠢ᠎ᠶ᠋ᠢᠨ ᠦᠭᠡᠷᠡᠴᠢᠯᠡᠯᠲᠡ᠎ᠶ᠋ᠢᠨ ᠲᠦᠰᠦᠯ᠎ᠤᠨ ᠲᠤᠬᠠᠢ ᠱᠢᠢᠳᠪᠦᠷᠢ᠎ᠶ᠋ᠢ ᠪᠠᠲᠤᠯᠠᠵᠤ ᠵᠦᠪᠱᠢᠶᠡᠷᠡᠪᠡ᠃ ᠵᠠᠯᠭᠠᠭᠠᠳ ᠪᠢᠳᠡ ᠪᠤᠰᠤᠳ ᠰᠤᠨᠢᠨ ᠮᠡᠳᠡᠭᠡᠨ᠎ᠠᠴᠠ ᠤᠢ᠍ᠢᠯᠠᠭᠠᠶ᠎ᠠ • ᠳᠤᠮᠳᠠᠳᠤ ᠤᠯᠤᠰ᠎ᠤᠨ ᠬᠦᠷᠳᠤᠲᠤ ᠰᠠᠨᠳᠠᠯᠢ᠎ᠶ᠋ᠢᠨ ᠮᠦᠰᠦᠨ ᠳᠡᠪᠦᠷᠠᠶ᠋ᠢᠨ ᠳᠤᠭᠤᠢ᠍ᠢᠯᠠᠩ ᠫᠢᠶᠧᠩᠼᠠᠩ᠎ᠤᠨ ᠵᠡᠮᠳᠡᠭ᠌ᠴᠦᠳ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠠᠯᠲᠠᠨ ᠮᠧᠲᠠᠯ ᠬᠦᠷᠲᠡᠪᠡ᠃ • 2018 ᠤᠨ᠎ᠤ ᠤᠯᠠᠭᠠᠨᠪᠠᠭᠠᠲᠤᠷ • ᠳᠤᠮᠳᠠᠳᠤ ᠤᠯᠤᠰ᠎ᠤᠨ ᠦᠪᠦᠷ ᠮᠤᠩᠭᠤᠯ᠎ᠤᠨ ᠭᠤᠷᠪᠠᠳᠤᠭᠠᠷ ᠤᠳᠠᠭᠠᠨ᠎ᠤ ᠦᠵᠡᠰᠭᠦᠯᠡᠩ 2018 ᠤᠨ᠎ᠤ 7 ᠰᠠᠷ᠎ᠠ᠎ᠶ᠋ᠢᠨ 6 ᠠᠴᠠ 9 ᠤ ᠡᠳᠦᠷ ᠪᠤᠯᠲᠠᠯ᠎ᠠ ᠮᠤᠩᠭᠤᠯ ᠤᠯᠤᠰ᠎ᠤᠨ ᠨᠡᠢᠰᠯᠡᠯ ᠤᠯᠠᠭᠠᠨᠪᠠᠭᠠᠲᠤᠷ ᠬᠤᠲᠠ᠎ᠳᠤ ᠶᠠᠪᠤᠭ᠍ᠳᠠᠬᠤ ᠪᠤᠯᠤᠨ᠎ᠠ᠃ • ᠤᠢ᠍ᠢᠷ᠎ᠠ᠎ᠳᠤ ᠪᠦᠬᠦ᠌ ᠤᠷᠤᠨ᠎ᠤ ᠠᠩᠬᠠᠳᠤᠭᠠᠷ ᠤᠳᠠᠭᠠᠨ᠎ᠤ 《 ᠲᠤᠷᠭᠠᠨ ᠨᠤᠲᠤᠭ • ᠬᠦᠪᠡᠭᠡᠲᠤ ᠱᠢᠷ᠎ᠠ》 ᠮᠤᠩᠭᠤᠯ ᠢᠷᠠᠭᠤ ᠨᠠᠢᠷᠠᠭ᠎ᠤᠨ ᠨᠠᠭᠠᠳᠤᠮ᠎ᠤᠨ ᠠᠩᠬᠠᠨ᠎ᠤ ᠱᠢᠯᠭᠠᠷᠠᠭᠤᠯᠤᠯᠲᠠ ᠱᠢᠯᠢᠩᠬᠤᠲᠠ᠎ᠳᠤ ᠠᠮᠵᠢᠯᠲᠠ᠎ᠲᠠᠢ ᠶᠠᠪᠤᠭ᠍ᠳᠠᠵᠤ᠂ 12 ᠢᠷᠠᠭᠤ ᠨᠠᠢᠷᠠᠭ᠍ᠴᠢ᠎ᠶ᠋ᠢᠨ ᠱᠢᠯᠦᠭ ᠲᠤᠳᠤᠷᠠᠭ᠍ᠰᠠᠨ ᠪᠠᠢᠨ᠎ᠠ᠃ • ᠦᠪᠡᠷᠳᠡᠭᠡᠨ ᠵᠠᠰᠠᠬᠤ ᠤᠷᠤᠨ᠎ᠤ 《ᠠᠷᠪᠠᠨ ᠲᠦᠷᠪᠡᠳᠦᠭᠡᠷ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ》 ᠡᠨᠡ ᠵᠢᠯ᠎ᠤᠨ 8 ᠰᠠᠷ᠎ᠡ᠎ᠳᠤ ᠤᠯᠠᠭᠠᠨᠴᠠᠪ ᠬᠤᠳᠠ᠎ᠳᠤ ᠶᠠᠪᠤᠭ᠍ᠳᠠᠬᠤ᠎ᠪᠠᠷ ᠪᠤᠢ᠂ ᠤᠷᠤᠯᠳᠤᠭᠠᠨ᠎ᠤ ᠳᠤᠭ᠂ ᠰᠦᠯᠳᠡ᠂ ᠦᠯᠵᠡᠢᠳᠤ ᠠᠮᠢᠳᠠᠨ᠎ᠢ ᠨᠢᠭᠡᠨᠳᠡ ᠳᠤᠭ᠍ᠳᠠᠭᠠᠪᠠ᠃ • 3 ᠰᠠᠷ᠎ᠠ᠎ᠶ᠋ᠢᠨ 17 ᠤ ᠡᠳᠦᠷ᠂ ᠬᠤᠷᠢᠨ ᠬᠤᠶᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠤᠯᠠᠨ ᠤᠯᠤᠰ᠎ᠤᠨ ᠲᠠᠷᠢᠶᠠᠯᠠᠩ᠎ᠤᠨ ᠦᠵᠡᠰᠭᠦᠯᠡᠩ ᠵᠢᠴᠢ ᠬᠤᠶᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠤᠢ ᠱᠢᠭᠤᠢ᠎ᠶ᠋ᠢᠨ ᠪᠦᠳᠦᠭᠡᠭ᠌ᠳᠡᠭᠦᠨ᠎ᠤ ᠦᠵᠡᠰᠭᠦᠯᠡᠩ ᠦᠪᠦᠷ ᠮᠤᠩᠭᠤᠯ᠎ᠤᠨ ᠤᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠦᠪ᠎ᠲᠤ ᠡᠬᠢᠯᠡᠵᠤ᠂ 3 ᠡᠳᠦᠷ ᠶᠠᠪᠤᠭ᠍ᠳᠠᠬᠤ ᠪᠤᠯᠤᠨ᠎ᠠ᠃ • ᠠᠯᠠᠱᠠ ᠠᠢᠮᠠᠭ᠎ᠤᠨ 《ᠤᠩᠭᠤᠨ ᠪᠤᠤᠷ᠎ᠠ》 ᠢᠩᠭᠡᠨ ᠭᠠᠯ ᠲᠠᠬᠢᠯᠭ᠎ᠠ᠎ᠶ᠋ᠢᠨ ᠨᠠᠢᠷ 4 ᠰᠠᠷ᠎ᠠ᠎ᠶ᠋ᠢᠨ 4 ᠤ ᠡᠳᠦᠷ ᠵᠢᠷᠠᠳᠠᠢ ᠪᠠᠯᠭᠠᠰᠤᠨ᠎ᠤ ᠡᠷᠢᠶᠡᠨᠳᠤᠯᠤᠭᠠᠢ ᠭᠠᠴᠠᠭᠠᠨ᠎ᠤ ᠰᠦᠮᠪᠦᠷ ᠭᠤᠤᠯ᠎ᠳᠤ ᠶᠠᠪᠤᠭ᠍ᠳᠠᠬᠤ᠎ᠪᠠᠷ ᠪᠤᠢ᠃ • 2018 ᠤᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠲᠦᠮᠦᠰᠦ᠎ᠶ᠋ᠢᠨ ᠦᠢᠯᠡᠰ᠎ᠤᠨ ᠦᠵᠡᠰᠭᠦᠯᠡᠩ 3 ᠰᠠᠷ᠎ᠡ᠎ᠶ᠋ᠢᠨ 21 ᠠᠴᠠ 23 ᠤ ᠡᠳᠦᠷ ᠪᠤᠯᠳᠠᠯ᠎ᠠ ᠤᠯᠠᠭᠠᠨᠬᠠᠳᠠ ᠬᠤᠳᠠ᠎ᠶ᠋ᠢᠨ ᠤᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠦᠪ᠎ᠲᠤ ᠶᠠᠪᠤᠭ᠍ᠳᠠᠨ᠎ᠠ᠃ • 3 ᠰᠠᠷ᠎ᠠ᠎ᠶ᠋ᠢᠨ 25 ᠤ ᠡᠳᠦᠷ᠎ᠠᠴᠠ ᠡᠬᠢᠯᠡᠨ 《ᠡᠷᠢᠶᠡᠨ ᠬᠤᠳᠠ — ᠬᠦᠬᠡᠬᠤᠳᠠ — ᠠᠯᠠᠱᠠ ᠵᠡᠭᠦᠨ ᠬᠤᠱᠢᠭᠤ》 ᠬᠦᠷᠬᠦ᠌ ᠠᠭᠠᠷ᠎ᠤᠨ ᠠᠶᠠᠯᠠᠯ᠎ᠤᠨ ᠱᠤᠭᠤᠮ ᠨᠡᠪᠳᠡᠷᠡᠬᠦ᠌᠎ᠪᠠᠷ ᠪᠠᠢᠨ᠎ᠠ᠃ • 2018 ᠤᠨ᠎ᠤ ᠠᠰᠫᠢᠷᠠᠨᠲ ᠡᠯᠰᠡᠬᠦ᠌ ᠱᠢᠯᠭᠠᠯᠳᠠ᠎ᠤᠨ ᠬᠠᠮᠤᠭ᠎ᠤᠨ ᠳᠤᠤᠷ᠎ᠠ ᠬᠢᠵᠠᠭᠠᠷᠯᠠᠬᠤ ᠬᠤᠪᠢ ᠨᠡᠢᠳᠡᠯᠡᠭ᠌ᠳᠡᠵᠦ᠍᠂ 3 ᠰᠠᠷ᠎ᠠ᠎ᠶ᠋ᠢᠨ 23 ᠤ ᠡᠳᠦᠷ᠎ᠠᠴᠠ ᠳᠤᠬᠢᠷᠠᠭᠤᠯᠭ᠎ᠠ᠎ᠶ᠋ᠢᠨ ᠱᠢᠰᠲ᠋ᠧᠮ᠎ᠢ ᠨᠡᠭᠡᠭᠡᠬᠦ᠌᠎ᠪᠠᠷ ᠪᠤᠢ᠃ • ᠤᠢ᠍ᠢᠷ᠎ᠠ᠎ᠳᠤ᠂ ᠤᠯᠤᠰ᠎ᠤᠨ ᠪᠡᠶ᠎ᠡ ᠲᠠᠮᠢᠷ᠎ᠤᠨ ᠶᠡᠷᠦᠩᠬᠡᠢ ᠲᠤᠪᠴᠢᠶ᠎ᠠ᠂ ᠬᠦᠭ᠌ᠵᠢᠭᠦᠯᠦᠯᠲᠡ ᠦᠭᠡᠷᠡᠴᠢᠯᠡᠯᠲᠡ᠎ᠶ᠋ᠢᠨ ᠵᠦᠪᠯᠡᠯ ᠵᠡᠷᠭᠡ 12 ᠰᠠᠯᠠᠭ᠎ᠠ ᠮᠦᠴᠢᠷ ᠬᠠᠮᠳᠤᠷᠠᠨ 2020 ᠤᠨ ᠪᠤᠯᠳᠠᠯ᠎ᠠ ᠪᠦᠬᠦ᠌ ᠤᠯᠤᠰ᠎ᠤᠨ ᠬᠡᠪᠴᠢᠶᠡᠨ᠎ᠳᠠᠬᠢ ᠱᠢᠶᠠᠨ (ᠬᠤᠲᠠ᠂ ᠲᠤᠭᠤᠷᠢᠭ) ᠪᠤᠯᠭᠠᠨ᠎ᠳᠤ 300 ᠺᠢᠯᠤᠮᠧᠲᠷ ᠤᠷᠴᠢᠮ᠎ᠤᠨ ᠪᠡᠶ᠎ᠡ ᠴᠢᠬᠢᠷᠠᠭ᠍ᠵᠢᠭᠤᠯᠬᠤ ᠶᠠᠪᠠᠭᠠᠨ ᠵᠠᠮ᠎ᠢ ᠭᠠᠷᠭᠠᠬᠤ᠎ᠪᠠᠷ ᠪᠤᠢ᠃ ᠦᠨᠦᠳᠦᠷ᠎ᠤᠨ ᠨᠡᠪᠲᠡᠷᠡᠭᠦᠯᠭᠡ ᠮᠠᠨᠢ ᠡᠭᠦᠪᠡᠷ ᠦᠨᠳᠦᠷᠯᠡᠵᠤ ᠪᠠᠢᠨ᠎ᠠ᠃ ᠬᠦᠯᠢᠶᠡᠨ ᠠᠪᠴᠤ᠌ ᠰᠤᠨᠤᠰᠤᠭ᠍ᠰᠠᠨ᠎ᠳᠤ ᠪᠠᠶᠠᠷᠯᠠᠯ᠎ᠠ᠃ ᠲᠠᠷᠠᠭᠠᠴᠢ᠎ᠶ᠋ᠢᠨ ᠳ᠋ᠤᠭᠠᠷ᠎ᠲᠠᠭᠠᠨ ᠲᠠᠭᠢᠨ ᠵᠤᠯᠭᠠᠶ᠎ᠠ᠂ ᠪᠠᠶᠠᠷᠳᠠᠢ! ᠨᠠᠢᠷᠠᠭᠤᠯᠤᠨ ᠨᠡᠪᠲᠡᠷᠡᠭᠦᠯᠦᠭ᠌ᠴᠢ᠄ ᠨᠠᠮᠤᠭ ᠮᠡᠷᠭᠡᠵᠢᠯ᠄ ᠤᠶᠤᠨᠳᠠᠯᠠᠢ ᠬᠢᠨᠠᠭ᠍ᠴᠢ᠄ ᠴᠡᠴᠡᠭ |
|
|
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|