|
|
|
|
|
3 ᠰᠠᠷ᠎ᠠ᠎ᠶ᠋ᠢᠨ 20 ᠤ ᠡᠳᠦᠷ
|
|
|
|
|
ᠡᠬᠢᠯᠡᠬᠦ᠌ ᠴᠠᠭ᠄
2018-03-20 11:25:36
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠬᠢᠮ ᠬᠦᠨᠳᠦᠳᠦ ᠰᠦᠯᠵᠢᠶᠡᠨ ᠠᠨᠳᠠ ᠨᠠᠷ ᠮᠢᠨᠢ ᠰᠠᠢᠨ ᠪᠠᠢᠨᠠᠤ? ᠦᠨᠦᠳᠦᠷ ᠪᠤᠯ 2018 ᠤᠨ᠎ᠤ 3 ᠰᠠᠷ᠎ᠠ᠎ᠶ᠋ᠢᠨ 20 ᠤ ᠡᠳᠦᠷ᠂ ᠪᠢᠯᠢᠭ᠎ᠤᠨ ᠤᠯᠠᠷᠢᠯ᠎ᠤᠨ ᠱᠢᠷ᠎ᠠ ᠨᠤᠬᠠᠢ ᠵᠢᠯ᠎ᠤᠨ 2 ᠰᠠᠷ᠎ᠠ᠎ᠶ᠋ᠢᠨ 4᠂ ᠭᠠᠷᠠᠭ᠎ᠤᠨ ᠬᠤᠶᠠᠷ᠃ ᠥᠪᠥᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠪᠦᠬᠦ᠌ ᠤᠯᠤᠰ᠎ᠤᠨ ᠬᠤᠶᠠᠷ ᠬᠤᠷᠠᠯ》 ᠳᠤ ᠵᠤᠷᠢᠭᠤᠯᠤᠭ᠍ᠰᠠᠨ ᠤᠨᠴᠠ ᠨᠡᠪᠲᠡᠷᠡᠭᠦᠯᠭᠡ᠎ᠳᠡᠭᠡᠨ ᠠᠩᠬᠠᠷᠤᠯ᠎ᠢᠶᠠᠨ ᠬᠠᠨᠳᠤᠭᠤᠯᠤᠨ᠎ᠠ ᠤᠤ! ᠤᠷᠢᠳᠠᠪᠡᠷ ᠬᠤᠶᠠᠷ ᠬᠤᠷᠠᠯ᠎ᠤᠨ ᠮᠡᠳᠡᠭᠡ᠎ᠶ᠋ᠢ ᠳᠠᠮᠵᠢᠭᠤᠯᠤᠶ᠎ᠠ ● ᠥᠨᠦᠳᠦᠷ᠎ᠤᠨ ᠦᠳᠡ᠎ᠶ᠋ᠢᠨ ᠡᠮᠤᠨᠡᠬᠢ 9᠄ 00 ᠴᠠᠭ᠎ᠲᠤ᠌᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ ᠨᠠᠢ᠍ᠮᠠᠳᠤᠭᠠᠷ ᠤᠳᠠᠭᠠᠨ᠎ᠤ ᠪᠦᠬᠦᠳᠡ ᠬᠤᠷᠠᠯ (ᠲᠡᠬᠦᠰᠭᠦ ᠬᠤᠷᠠᠯ) ᠬᠤᠷᠠᠯᠳᠤᠭᠤᠯᠤᠨ᠎ᠠ; ᠬᠤᠷᠠᠯ᠎ᠳᠤ᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠱᠢᠢᠳᠪᠦᠷᠢ᠎ᠶ᠋ᠢᠨ ᠲᠦᠰᠦᠯ᠎ᠢ ᠪᠠᠲᠤᠯᠠᠨ᠎ᠠ; ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠬᠢᠨᠠᠨ ᠪᠠᠢᠴᠠᠭᠠᠬᠤ ᠬᠠᠦᠯᠢ᠎ᠶ᠋ᠢᠨ ᠲᠦᠰᠦᠯ᠎ᠢ ᠪᠠᠲᠤᠯᠠᠨ᠎ᠠ᠃ ● 2017 ᠤᠨ᠎ᠤ ᠤᠯᠤᠰ ᠠᠷᠠᠳ᠎ᠤᠨ ᠠᠵᠤ ᠠᠬᠤᠢ ᠪᠤᠯᠤᠨ ᠨᠡᠢᠬᠡᠮ᠎ᠤᠨ ᠬᠦᠭ᠌ᠵᠢᠯᠳᠠ᠎ᠶ᠋ᠢᠨ ᠲᠦᠯᠦᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠪᠤᠯᠤᠨ 2018 ᠤᠨ᠎ᠤ ᠤᠯᠤᠰ ᠠᠷᠠᠳ᠎ᠤᠨ ᠠᠵᠤ ᠠᠬᠤᠢ ᠪᠤᠯᠤᠨ ᠨᠡᠢᠬᠡᠮ᠎ᠤᠨ ᠬᠦᠭ᠌ᠵᠢᠯᠳᠠ᠎ᠶ᠋ᠢᠨ ᠲᠦᠯᠦᠪᠯᠡᠭᠡ᠎ᠶ᠋ᠢᠨ ᠱᠢᠢᠳᠪᠦᠷᠢ᠎ᠶ᠋ᠢᠨ ᠲᠦᠰᠦᠯ᠎ᠢ ᠪᠠᠲᠤᠯᠠᠨ᠎ᠠ; 2017 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠢ ᠬᠡᠷᠡᠭ᠌ᠵᠢᠭᠦᠯᠦᠭ᠌ᠰᠡᠨ ᠪᠠᠢᠳᠠᠯ ᠪᠤᠯᠤᠨ 2018 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠤᠨ ᠱᠢᠢᠳᠪᠦᠷᠢ᠎ᠶ᠋ᠢᠨ ᠲᠦᠰᠦᠯ᠎ᠢ ᠪᠠᠲᠤᠯᠠᠨ᠎ᠠ᠃ ● ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠠ᠎ᠶ᠋ᠢᠨ ᠱᠢᠢᠳᠪᠦᠷᠢ᠎ᠶ᠋ᠢᠨ ᠲᠦᠰᠦᠯ᠎ᠢ ᠪᠠᠲᠤᠯᠠᠨ᠎ᠠ; ᠠᠷᠠᠳ᠎ᠤᠨ ᠲᠡᠭᠡᠳᠦ ᠱᠢᠬᠦᠬᠦ᠌ ᠬᠤᠷᠢᠶ᠎ᠠ᠎ᠶ᠋ᠢᠨ ᠠᠵᠢᠯ᠎ᠤᠨ ᠮᠡᠳᠡᠬᠦᠯᠤᠯᠳᠠ᠎ᠶ᠋ᠢᠨ ᠱᠢᠢᠳᠪᠦᠷᠢ᠎ᠶ᠋ᠢᠨ ᠲᠦᠰᠦᠯ᠎ᠢ ᠪᠠᠲᠤᠯᠠᠨ᠎ᠠ; ᠠᠷᠠᠳ᠎ᠤᠨ ᠲᠡᠭᠡᠳᠦ ᠪᠠᠢᠴᠠᠭᠠᠬᠤ ᠬᠤᠷᠢᠶ᠎ᠠ᠎ᠶ᠋ᠢᠨ ᠠᠵᠢᠯ᠎ᠤᠨ ᠮᠡᠳᠡᠬᠦᠯᠤᠯᠳᠠ᠎ᠶ᠋ᠢᠨ ᠱᠢᠢᠳᠪᠦᠷᠢ᠎ᠶ᠋ᠢᠨ ᠲᠦᠰᠦᠯ᠎ᠢ ᠪᠠᠲᠤᠯᠠᠨ᠎ᠠ; ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠲᠡᠷᠢᠬᠦᠯᠡᠭ᠌ᠴᠢ᠎ᠠᠴᠠ ᠶᠠᠷᠢᠶ᠎ᠠ ᠲᠠᠯᠪᠢᠨ᠎ᠠ; ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ ᠬᠤᠷᠢᠶᠠᠨ ᠲᠠᠷᠤᠭ᠎ᠠ᠎ᠠᠴᠠ ᠶᠠᠷᠢᠶ᠎ᠠ ᠲᠠᠯᠪᠢᠨ᠎ᠠ᠃ ● ᠶᠡᠭᠡ ᠬᠤᠷᠠᠯ ᠲᠡᠬᠦᠰᠤᠨᠠ (ᠶᠡᠭᠡ ᠬᠤᠷᠠᠯ ᠲᠡᠬᠦᠰᠦᠭ᠌ᠰᠡᠨ᠎ᠤ ᠲᠠᠷᠠᠭ᠎ᠠ᠂ ᠤᠯᠤᠰ᠎ᠤᠨ ᠲᠡᠷᠢᠬᠦᠯᠡᠭ᠌ᠴᠢ᠎ᠠᠴᠠ ᠲᠡᠷᠢᠬᠦᠯᠡᠭ᠌ᠴᠢ᠎ᠶ᠋ᠢᠨ ᠵᠠᠷᠯᠢᠭ᠎ᠲᠤ ᠭᠠᠷᠤᠨ ᠦᠰᠦᠭ ᠵᠢᠷᠤᠵᠤ ᠬᠢᠨᠠᠨ ᠪᠠᠢᠴᠠᠭᠠᠬᠤ ᠬᠠᠦᠯᠢ᠎ᠶ᠋ᠢ ᠨᠡᠢᠲᠡᠯᠡᠨ᠎ᠡ) (ᠶᠡᠭᠡ ᠬᠤᠷᠠᠯ ᠲᠡᠬᠦᠰᠦᠭ᠌ᠰᠡᠨ᠎ᠤ ᠲᠠᠷᠠᠭ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠢᠳ ᠯᠢ ᠺᠧ ᠴᠢᠶᠠᠩ᠎ᠠᠴᠠ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢᠳ᠎ᠲᠠᠢ ᠠᠭᠤᠯᠵᠠᠨ᠎ᠠ) ᠳᠠᠷᠠᠭ᠎ᠠ᠎ᠨᠢ ᠴᠠᠭ ᠲᠦᠷᠦ᠎ᠶ᠋ᠢᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠤᠶ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠠᠴᠠ ᠪᠢᠯᠧᠲ ᠦᠭ᠌ᠴᠤ ᠪᠠᠳᠤᠯᠠᠬᠤ᠎ᠪᠠᠷ ᠳᠠᠮᠵᠢᠨ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠬᠡᠢ ᠰᠠᠢᠳ᠂ ᠲᠦᠷᠦ᠎ᠶ᠋ᠢᠨ ᠶᠠᠪᠤᠳᠠᠯ᠎ᠤᠨ ᠭᠡᠱᠢᠭᠦᠨ᠂ ᠡᠯ᠎ᠡ ᠶᠠᠮᠤᠨ᠎ᠤ ᠰᠠᠢᠳ᠂ ᠡᠯ᠎ᠡ ᠵᠦᠪᠯᠡᠯ᠎ᠤᠨ ᠡᠷᠬᠢᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠪᠠᠩᠬᠢ᠎ᠶ᠋ᠢᠨ ᠲᠠᠷᠤᠭ᠎ᠠ᠂ ᠬᠢᠨᠠᠨ ᠪᠤᠳᠤᠬᠤ ᠲᠠᠷᠤᠭ᠎ᠠ᠂ ᠨᠠᠷᠢᠨ ᠪᠢᠴᠢᠭ᠎ᠤᠨ ᠲᠠᠷᠤᠭ᠎ᠠ᠎ᠶ᠋ᠢ ᠳᠤᠭ᠍ᠳᠠᠭᠠᠪᠠ᠃ ᠤᠯᠤᠰ᠎ᠤᠨ ᠲᠡᠷᠢᠭᠦᠯᠡᠭ᠌ᠴᠢ ᠰᠢ᠎ᠶ᠋ᠢᠨ ᠫᠢᠩ ᠲᠡᠷᠢᠭᠦᠯᠡᠭ᠌ᠴᠢ᠎ᠶ᠋ᠢᠨ ᠵᠠᠷᠯᠢᠭ᠎ᠲᠤ ᠭᠠᠷᠤᠨ ᠦᠰᠦᠭ ᠵᠢᠷᠤᠵᠤ᠂ ᠲᠤᠱᠢᠶᠠᠯ᠎ᠳᠤ ᠲᠤᠮᠢᠯᠠᠪᠠ᠃ ᠬᠠᠨ ᠵᠧᠩ᠂ ᠰᠦᠨ ᠴᠦᠨ ᠯᠠᠨ (ᠡᠮᠡᠭ᠌ᠳᠡᠢ)᠂ ᠬᠤ᠌ ᠴᠦᠨ ᠬᠤᠸᠠ᠂ ᠯᠢᠦ ᠾᠧ᠎ᠶ᠋ᠢ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠲᠡᠳ᠋ ᠶᠡᠷᠦᠩᠭᠡᠢ ᠰᠠᠢᠳ᠎ᠤᠨ ᠲᠤᠱᠢᠶᠠᠯ᠎ᠳᠤ ᠲᠤᠮᠢᠯᠠᠪᠠ᠃ ᠸᠧᠢ ᠹᠧᠩ ᠾᠧ᠂ ᠸᠠᠩ ᠶᠦᠩ᠂ ᠸᠠᠩ ᠢ᠂ ᠱᠢᠶᠤᠤ ᠵᠢᠶᠧ᠂ ᠵᠤᠤ ᠺᠧ ᡁᠢ᠎ᠶ᠋ᠢ ᠲᠦᠷᠦ᠎ᠶ᠋ᠢᠨ ᠶᠠᠪᠤᠳᠠᠯ᠎ᠤᠨ ᠬᠡᠱᠢᠭᠦᠨ᠎ᠤ ᠲᠤᠱᠢᠶᠠᠯ᠎ᠳᠤ ᠲᠤᠮᠢᠯᠠᠪᠠ᠃ ᠱᠢᠶᠤᠤ ᠵᠢᠶᠧ (ᠬᠠᠪᠰᠤᠷᠭᠠᠨ᠎ᠠ) ᠶ᠋ᠢ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠨᠠᠷᠢᠨ ᠪᠢᠴᠢᠭ᠎ᠤᠨ ᠲᠠᠷᠤᠭ᠎ᠠ᠎ᠶ᠋ᠢᠨ ᠲᠤᠱᠢᠶᠠᠯ᠎ᠳᠤ ᠲᠤᠮᠢᠯᠠᠪᠠ᠃ ᠸᠠᠩ ᠢ (ᠬᠠᠪᠰᠤᠷᠭᠠᠨ᠎ᠠ) ᠶ᠋ᠢ ᠭᠠᠳᠠᠭᠠᠳᠦ ᠶᠠᠪᠤᠳᠠᠯ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠸᠧᠢ ᠹᠧᠩ ᠾᠧ (ᠬᠠᠪᠰᠤᠷᠭᠠᠨ᠎ᠠ) ᠶ᠋ᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠾᠧ ᠯᠢ ᠹᠧᠩ᠎ᠢ ᠤᠯᠤᠰ᠎ᠤᠨ ᠬᠦᠭ᠌ᠵᠢᠬᠦᠯᠦᠯᠲᠡ ᠦᠭᠡᠷᠡᠴᠢᠯᠡᠯᠲᠡ᠎ᠶ᠋ᠢᠨ ᠵᠦᠪᠯᠡᠯ᠎ᠤᠨ ᠡᠷᠬᠢᠯᠡᠭ᠌ᠴᠢ᠎ᠶ᠋ᠢᠨ ᠲᠤᠱᠢᠶᠠᠯ᠎ᠳᠤ ᠲᠤᠮᠢᠯᠠᠪᠠ᠃ ᠴᠧᠨ ᠪᠤᠤ ᠱᠧᠩ᠎ᠢ ᠰᠤᠷᠭᠠᠨ ᠬᠦᠮᠦᠵᠢᠯ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠸᠠᠩ ᡁᠢ ᠭᠠᠩ᠎ᠢ ᠱᠢᠨᠵᠢᠯᠡᠬᠦ᠌ ᠤᠬᠠᠭᠠᠨ ᠮᠡᠷᠭᠡᠵᠢᠯ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠮᠢᠶᠤᠤ ᠸᠧᠢ᠎ᠶ᠋ᠢ ᠠᠵᠦ᠍ ᠦᠢᠯᠡᠳᠪᠦᠷᠢ ᠪᠤᠯᠤᠨ ᠰᠤᠷᠠᠭ ᠵᠠᠩᠬᠢᠵᠢᠯᠲᠠ᠎ᠶ᠋ᠢᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠪᠠᠭᠠᠳᠤᠷ (ᠮᠤᠩᠭᠤᠯ ᠦᠨᠳᠦᠰᠦᠳᠡᠨ) ᠢ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ᠌ ᠵᠦᠪᠯᠡᠯ᠎ᠤᠨ ᠡᠷᠬᠢᠯᠡᠭ᠌ᠴᠢ᠎ᠶ᠋ᠢᠨ ᠲᠤᠱᠢᠶᠠᠯ᠎ᠳᠤ ᠲᠤᠮᠢᠯᠠᠪᠠ᠃ ᠵᠤᠤ ᠺᠧ ᡁᠢ (ᠬᠠᠪᠰᠤᠷᠭᠠᠨ᠎ᠠ) ᠶ᠋ᠢ ᠳᠤᠲᠤᠭᠠᠳᠦ᠎ᠶ᠋ᠢ ᠬᠠᠮᠠᠭᠠᠯᠠᠬᠤ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠴᠧᠨ ᠸᠧᠨ ᠴᠢᠩ᠎ᠢ ᠤᠯᠤᠰ᠎ᠤᠨ ᠠᠮᠤᠷ ᠲᠦᠪᠱᠢᠨ᠎ᠤ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠬᠤᠸᠠᠩ ᠱᠦ᠍ ᠱᠢᠶᠠᠨ᠎ᠢ ᠠᠷᠠᠳ᠎ᠤᠨ ᠶᠠᠪᠤᠳᠠᠯ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠹᠦ᠋ ᠵᠧᠩ ᠬᠤᠸᠠ᠎ᠶ᠋ᠢ ᠬᠠᠥᠯᠢ ᠴᠠᠭᠠᠵᠠ᠎ᠶ᠋ᠢᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠯᠢᠦ ᠺᠦᠨᠢ ᠡᠳ᠋᠎ᠤᠨ ᠵᠠᠰᠠᠭ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠵᠠᠩ ᠵᠶ᠋ᠢ ᠨᠠᠨ᠎ᠢ ᠬᠦᠮᠦᠨ᠎ᠤ ᠬᠦᠴᠦᠨ᠎ᠤ ᠡᠬᠢ ᠪᠠᠶᠠᠯᠢᠭ ᠪᠤᠯᠤᠨ ᠨᠡᠢᠬᠡᠮ᠎ᠤᠨ ᠪᠠᠲᠤᠯᠠᠪᠤᠷᠢ᠎ᠶ᠋ᠢᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠯᠦ᠍ ᠬᠤᠤ᠎ᠶ᠋ᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠯᠢ ᠭᠠᠨ ᠵᠢᠶᠧ᠎ᠶ᠋ᠢ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠸᠠᠩ ᠮᠧᠩ ᠾᠦᠢ᠎ᠶ᠋ᠢ ᠤᠷᠤᠨ ᠰᠠᠭᠤᠴᠠ ᠪᠤᠯᠤᠨ ᠬᠤᠲᠠ ᠬᠦᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠯᠢ ᠱᠢᠶᠤᠤ ᠫᠧᠩ᠎ᠢ ᠵᠠᠮ ᠬᠠᠷᠢᠯᠴᠠᠭ᠎ᠠ ᠳᠡᠭᠡᠭᠡᠪᠦᠷᠢ᠎ᠶ᠋ᠢᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠡᠸ ᠵᠢᠩ ᠫᠢᠩ᠎ᠢ ᠤᠰᠤᠨ ᠠᠱᠢᠬ᠍ᠯᠠᠯᠲᠠ᠎ᠶ᠋ᠢᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠬᠠᠨ ᠴᠠᠩ ᠹᠦ᠋᠎ᠶ᠋ᠢ ᠬᠦᠳᠡᠭᠡ ᠠᠵᠦ᠍ ᠠᠬᠤᠢ ᠬᠦᠳᠡᠭᠡ ᠲᠤᠰᠭᠤᠨ᠎ᠤ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠵᠦᠩ ᠱᠠᠨ᠎ᠢ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠯᠦᠸᠧ ᠱᠦ᠍ ᠭᠠᠩ᠎ᠢ ᠰᠤᠶᠤᠯ ᠪᠠ ᠵᠤᠭᠠᠴᠠᠯ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠮᠠ ᠱᠢᠶᠤᠤ ᠸᠧᠢ᠎ᠶ᠋ᠢ ᠤᠯᠤᠰ᠎ᠤᠨ ᠡᠷᠡᠬᠦᠯ ᠬᠠᠮᠠᠭᠠᠯᠠᠯ ᠡᠷᠡᠬᠦᠯ ᠮᠡᠨᠳᠦ᠎ᠶ᠋ᠢᠨ ᠵᠦᠪᠯᠡᠯ᠎ᠤᠨ ᠡᠷᠬᠢᠯᠡᠭ᠌ᠴᠢ᠎ᠶ᠋ᠢᠨ ᠲᠤᠱᠢᠶᠠᠯ᠎ᠳᠤ ᠲᠤᠮᠢᠯᠠᠪᠠ᠃ ᠰᠦᠨ ᠱᠤᠤ ᠴᠧᠩ᠎ᠢ ᠴᠡᠷᠢᠭ᠎ᠠᠴᠠ ᠬᠠᠯᠠᠬ᠍ᠳᠠᠬ᠍ᠰᠠᠳᠤᠨ ᠶᠠᠪᠤᠳᠠᠯ᠎ᠤᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠸᠠᠩ ᠢᠦᠢ ᠫᠦ᠋ᠶ᠋ᠢ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶ᠋ᠢᠨ ᠶᠠᠮᠤᠨ᠎ᠤ ᠰᠠᠢᠳ᠎ᠤᠨ ᠲᠤᠱᠢᠶᠠᠯ᠎ᠳᠤ ᠲᠤᠮᠢᠯᠠᠪᠠ᠃ ᠢ ᠭᠠᠩ᠎ᠢ ᠳᠤᠮᠳᠠᠳᠦ ᠤᠯᠤᠰ᠎ᠤᠨ ᠠᠷᠠᠳ᠎ᠤᠨ ᠪᠠᠩᠬᠢ᠎ᠶ᠋ᠢᠨ ᠪᠠᠩᠬᠢ᠎ᠶ᠋ᠢᠨ ᠲᠠᠷᠤᠭ᠎ᠠ᠎ᠶ᠋ᠢᠨ ᠲᠤᠱᠢᠶᠠᠯ᠎ᠳᠤ ᠲᠤᠮᠢᠯᠠᠪᠠ᠃ ᠬᠤ᠌ ᠽᠧ ᠵᠢᠶᠦ᠋ᠨ (ᠡᠮᠡᠭ᠌ᠳᠡᠢ) ᠢ ᠬᠢᠨᠠᠨ ᠪᠤᠳᠤᠬᠤ ᠵᠠᠬᠢᠷᠭ᠎ᠠ᠎ᠶ᠋ᠢᠨ ᠬᠢᠨᠠᠨ ᠪᠤᠳᠤᠬᠤ ᠲᠠᠷᠤᠭ᠎ᠠ᠎ᠶ᠋ᠢᠨ ᠲᠤᠱᠢᠶᠠᠯ᠎ᠳᠤ ᠲᠤᠮᠢᠯᠠᠪᠠ᠃ ᠵᠠᠯᠭᠠᠭᠠᠳ ᠪᠢᠳᠡ ᠪᠤᠰᠤᠳ ᠰᠤᠨᠢᠨ ᠮᠡᠳᠡᠭᠡᠨ᠎ᠠᠴᠠ ᠤᠢ᠍ᠢᠯᠠᠭᠠᠶ᠎ᠠ ● 《ᠳᠤᠮᠳᠠᠳᠤ ᠤᠯᠤᠰ᠎ᠤᠨ ᠤᠳᠤᠨ ᠤᠷᠤᠨ᠎ᠤ ᠴᠠᠬ ᠤᠯᠠᠷᠢᠯ᠎ᠤᠨ ᠪᠢᠴᠢᠭ》 ᠢ ᠦᠨᠳᠦᠰᠦᠯᠡᠪᠡᠯ᠂ 3 ᠰᠠᠷ᠎ᠠ᠎ᠶ᠋ᠢᠨ 21 ᠤ ᠡᠳᠦᠷ᠎ᠤᠨ 00᠄ 15 ᠴᠠᠭ᠎ᠲᠤ ᠬᠤᠷᠢᠨ ᠳᠦᠷᠪᠡᠨ ᠤᠯᠠᠷᠢᠯ᠎ᠤᠨ 《ᠬᠠᠪᠤᠷ᠎ᠤᠨ ᠬᠤᠭᠤᠰ》 ᠪᠤᠯᠤᠨ᠎ᠠ᠃ ● 3 ᠰᠠᠷ᠎ᠠ᠎ᠶ᠋ᠢᠨ 19 ᠤ ᠡᠳᠦᠷ᠂ ᠴᠢᠩᠭᠢᠰ ᠬᠠᠭᠠᠨ᠎ᠤ ᠤᠩᠭᠤᠨ᠎ᠤ ᠠᠭᠤᠷᠠᠬ ᠤᠷᠳᠤᠨ᠎ᠳᠤ ᠤᠯᠠᠮᠵᠢᠯᠠᠯᠲᠤ ᠲᠠᠪᠤᠨ ᠵᠠᠭᠤᠨ ᠯᠠᠩ ᠳᠡᠭᠡᠭ᠌ᠰᠢᠯᠡᠭᠦᠯᠬᠦ᠌ ᠲᠠᠢᠯᠭ᠎ᠠ ᠶᠠᠪᠤᠭ᠍ᠳᠠᠯ᠎ᠠ᠃ ● 5 ᠰᠠᠷ᠎ᠠ᠎ᠶ᠋ᠢᠨ 1 ᠤ ᠡᠳᠤᠷ᠎ᠠᠴᠠ ᠡᠬᠢᠯᠡᠵᠤ ᠲᠦᠷᠭᠡᠨ᠎ᠤ ᠭᠠᠯᠳᠤ ᠲᠡᠷᠭᠡ ᠲᠡᠭᠡᠷ᠎ᠡ ᠲᠠᠮᠠᠬᠢ ᠲᠠᠳᠠᠪᠠᠯ 180 ᠡᠳᠤᠷ᠎ᠤᠨ ᠲᠤᠲᠤᠷ᠎ᠠ ᠲᠠᠬᠢᠵᠤ ᠰᠠᠭᠤᠬᠤ᠎ᠶ᠋ᠢ ᠬᠤᠷᠢᠭ᠍ᠯᠠᠨ᠎ᠠ; ᠦᠷᠳᠡᠭᠡ ᠦᠩᠬᠡᠷᠡᠨ ᠲᠡᠷᠭᠡᠨ᠎ᠳᠤ ᠰᠠᠭᠤᠭ᠍ᠰᠠᠳ ᠪᠢᠯᠧᠲ᠎ᠢᠶᠠᠨ ᠨᠦᠬᠦᠬᠦ᠌ ᠬᠡᠷᠡᠭ᠌ᠲᠡᠢ᠂ ᠡᠰᠡ ᠨᠥᠬᠦᠪᠡᠯ ᠲᠠᠷᠠᠭ᠎ᠠ ᠤᠳᠠᠭ᠎ᠠ ᠭᠠᠯᠳᠤ ᠲᠡᠷᠭᠡᠨ᠎ᠳᠤ ᠰᠠᠭᠤᠵᠤ ᠪᠤᠯᠬᠤ ᠦᠭᠡᠢ᠃ ● ᠡᠨᠡ ᠵᠢᠯ ᠮᠠᠨ᠎ᠤ ᠤᠯᠤᠰ᠎ᠤᠨ ᠶᠡᠭᠡ ᠲᠡᠭᠡᠳᠤ ᠰᠤᠷᠭᠠᠭᠤᠯᠢ ᠲᠡᠬᠦᠰᠦᠭ᠌ᠰᠡᠳᠤᠨ ᠲᠤᠭ᠎ᠠ 820 ᠲᠦᠮᠡ᠎ᠳᠤ ᠬᠦᠷᠴᠦ᠍᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠲᠠᠬᠢᠨ ᠡᠬᠦᠳᠪᠡ᠃ ● ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠤᠷᠳᠤᠨ ᠨᠡᠢᠭᠡᠮ ᠨᠡᠢᠲᠡ᠎ᠠᠴᠠ 50 ᠰᠠᠢᠨ ᠳᠤᠷᠠᠴᠤᠤᠯ᠎ᠢ ᠡᠯᠰᠡᠬᠦ᠌ ᠠᠵᠢᠯ 3 ᠰᠠᠷ᠎ᠠ᠎ᠶ᠋ᠢᠨ 17 ᠠᠴᠠ 4 ᠰᠠᠷ᠎ᠠ᠎ᠶ᠋ᠢᠨ 1 ᠤ ᠡᠳᠦᠷ ᠪᠤᠯᠲᠠᠯ᠎ᠠ ᠶᠠᠪᠤᠭ᠍ᠳᠠᠬᠤ ᠪᠤᠯᠤᠨ᠎ᠠ᠃ ● ᠤᠢ᠍ᠢᠷ᠎ᠠ᠎ᠳᠤ᠂ ᠰᠦᠨᠢᠳ ᠵᠡᠭᠦᠨ ᠬᠤᠱᠢᠭᠤᠨ᠎ᠤ ᠠᠷᠠᠳ᠎ᠤᠨ ᠱᠢᠭᠦᠭᠦ᠌ ᠬᠤᠷᠢᠶ᠎ᠠ 《ᠢᠨᠲ᠋ᠧᠷ ᠰᠦᠯᠵᠢᠶ᠎ᠡ + ᠨᠠᠮ᠎ᠤᠨ ᠭᠡᠱᠢᠭᠦᠨ ᠭᠤᠤᠯᠯᠠᠬᠤ ᠡᠷᠦᠬᠡ + ᠳᠤᠭᠤᠷᠢᠨ ᠱᠢᠭᠦᠯᠳᠡ ᠬᠢᠬᠦ᠌》 ᠱᠢᠭᠦᠨ ᠲᠠᠰᠤᠯᠤᠯᠳᠠ᠎ᠶ᠋ᠢᠨ ᠱᠢᠨ᠎ᠡ ᠬᠡᠪ ᠵᠠᠭ᠍ᠪᠤᠷ᠎ᠢ ᠡᠭᠦᠳᠴᠤ᠌᠂ ᠬᠠᠤᠯᠢ ᠴᠠᠭᠠᠵᠠ᠎ᠶ᠋ᠢᠨ ᠦᠢᠯᠡᠴᠢᠯᠡᠭᠡ᠎ᠶ᠋ᠢ ᠮᠠᠯᠴᠢᠨ ᠲᠦᠮᠡᠨ᠎ᠤ ᠲᠡᠷᠭᠡᠳᠡ ᠬᠦᠷᠭᠡᠵᠦ᠍᠂ ᠮᠠᠯᠴᠢᠳ᠎ᠲᠤ ᠨᠡᠩ ᠰᠠᠢᠨ ᠦᠢᠯᠡᠴᠢᠯᠡᠵᠦ᠍ ᠪᠠᠢᠨ᠎ᠠ᠃ ● ᠰᠤᠷᠭᠠᠨ ᠬᠦᠮᠦᠵᠢᠯ᠎ᠤᠨ ᠶᠠᠮᠤᠨ᠎ᠤ ᠲᠠᠷᠤᠭ᠎ᠠ ᠴᠧᠨ ᠪᠤᠤ ᠱᠧᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠳᠤ ᠤᠷᠤᠯᠴᠠᠬᠤ᠎ᠳᠠᠭᠠᠨ ᠰᠤᠷᠤᠭ᠍ᠴᠢ᠎ᠶ᠋ᠢᠨ ᠲᠠᠷᠤᠭᠠᠰᠤ᠎ᠶ᠋ᠢ ᠬᠦᠩᠭᠡᠷᠡᠭᠦᠯᠬᠦ᠌ ᠲᠠᠯ᠎ᠠ᠎ᠪᠠᠷ ᠰᠤᠷᠭᠠᠭᠤᠯᠢ᠎ᠠᠴᠠ ᠬᠦᠩᠭᠡᠷᠡᠭᠦᠯᠬᠦ᠂ ᠰᠤᠷᠭᠠᠭᠤᠯᠢ᠎ᠶ᠋ᠢᠨ ᠭᠠᠳᠠᠨ᠎ᠠ᠎ᠠᠴᠠ ᠲᠠᠷᠤᠭᠠᠰᠤ᠎ᠶ᠋ᠢ ᠬᠦᠩᠭᠡᠷᠡᠭᠦᠯᠬᠦ᠂ ᠱᠢᠯᠭᠠᠯᠳᠠ ᠦᠨᠡᠯᠡᠯᠳᠡ᠎ᠠᠴᠠ ᠲᠠᠷᠤᠭᠠᠰᠤ᠎ᠶ᠋ᠢ ᠬᠦᠩᠭᠡᠷᠡᠭᠦᠯᠬᠦ᠂ ᠪᠠᠭ᠍ᠰᠢ᠎ᠶ᠋ᠢᠨ ᠵᠢᠭᠠᠨ ᠰᠤᠷᠭᠠᠯᠳᠠ᠎ᠠᠴᠠ ᠲᠠᠷᠤᠭᠠᠰᠤ᠎ᠶ᠋ᠢ ᠬᠦᠩᠭᠡᠷᠡᠭᠦᠯᠬᠦ᠂ ᠭᠡᠷ᠎ᠤᠨ ᠠᠬᠠᠮᠠᠳ ᠪᠤᠯᠤᠨ ᠨᠡᠢᠭᠡᠮ᠎ᠠᠴᠠ ᠲᠠᠷᠤᠭᠠᠰᠤ᠎ᠶ᠋ᠢ ᠬᠦᠩᠭᠡᠷᠡᠭᠦᠯᠬᠦ᠌ ᠵᠡᠷᠭᠡ ᠲᠠᠪᠤᠨ ᠲᠠᠯ᠎ᠡ᠎ᠪᠠᠷ ᠬᠦᠩᠭᠡᠷᠡᠭᠦᠯᠦᠨ᠎ᠡ ᠭᠡᠪᠡ᠃ ● ᠦᠪᠦᠷ ᠮᠤᠩᠭᠤᠯ᠎ᠤᠨ ᠠᠯᠪᠠᠳᠠᠨ᠎ᠤ ᠱᠢᠯᠭᠠᠯᠳᠠ᠎ᠶ᠋ᠢᠨ ᠨᠡᠷ᠎ᠡ ᠮᠡᠳᠡᠭᠦᠯᠬᠦ᠌ ᠴᠠᠭ ᠨᠢᠭᠡᠨᠲᠡ ᠲᠤᠭ᠍ᠲᠠᠯᠠ᠃ ᠨᠡᠷ᠎ᠡ ᠮᠡᠳᠡᠭᠦᠯᠬᠦ᠌ ᠴᠠᠭ᠄ 3 ᠰᠠᠷ᠎ᠡ᠎ᠶ᠋ᠢᠨ 26 ᠤ ᠡᠳᠦᠷ᠎ᠤᠨ 9᠄ 00 - 3 ᠰᠠᠷ᠎ᠠ᠎ᠶ᠋ᠢᠨ 31 ᠤ ᠡᠳᠦᠷ᠎ᠤᠨ 17᠄ 00 ᠪᠤᠯᠲᠠᠯ᠎ᠠ᠃ ᠪᠢᠷ᠎ᠤᠨ ᠱᠢᠯᠭᠠᠯᠳᠠ᠎ᠶ᠋ᠢᠨ ᠴᠠᠭ᠄ 4 ᠰᠠᠷ᠎ᠠ᠎ᠶ᠋ᠢᠨ 21᠂ 22 ᠤᠨ ᠡᠳᠦᠷ ᠪᠤᠯᠤᠨ᠎ᠡ᠃ ᠱᠢᠯᠭᠠᠭᠤᠯᠤᠭ᠍ᠰᠠᠳ ᠨᠠᠷᠢᠨ ᠪᠠᠢᠳᠠᠯ᠎ᠢ ᠦᠪᠦᠷ ᠮᠤᠩᠭᠤᠯ᠎ᠤᠨ ᠠᠵᠢᠯᠳᠠᠨ᠎ᠤ ᠶᠠᠪᠤᠳᠠᠯ᠎ᠤᠨ ᠮᠡᠳᠡᠭᠡ ᠵᠠᠩᠭᠢ᠎ᠶ᠋ᠢᠨ ᠰᠦᠯᠵᠢᠶᠡᠨ᠎ᠠᠴᠠ ᠤᠢ᠍ᠢᠯᠠᠭᠠᠭᠠᠷᠠᠢ! (http://www.impta.com) ● ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ ᠡᠨᠡ ᠵᠢᠯ ᠨᠡᠢᠭᠡᠮ ᠨᠡᠢᠲᠡ᠎ᠠᠴᠠ ᠢᠯᠡ᠎ᠪᠠᠷ 20 ᠨᠡᠷ᠎ᠡ (ᠬᠢᠳᠠᠳ ᠮᠤᠩᠭᠤᠯ ᠬᠡᠯᠡᠨ᠎ᠳᠤ ᠨᠡᠪᠳᠡᠷᠡᠭ᠌ᠰᠡᠨ 5 ᠬᠦᠮᠦᠨ᠎ᠢ ᠪᠠᠭ᠍ᠳᠠᠭᠠᠨ᠎ᠠ) 《ᠰᠤᠷᠭᠠᠭᠤᠯᠢ᠎ᠠᠴᠠ ᠤᠷᠢᠨ ᠬᠡᠷᠡᠭ᠌ᠯᠡᠬᠦ᠌ ᠠᠵᠢᠯ᠎ᠤᠨ ᠪᠠᠢᠷᠢ》 ᠶ᠋ᠢᠨ ᠵᠢᠭᠠᠨ ᠵᠢᠯᠤᠭᠤᠳᠤᠭ᠍ᠴᠢ ᠡᠯᠰᠡᠨ᠎ᠡ᠂ ᠡᠯᠰᠡᠭ᠌ᠳᠡᠭ᠌ᠰᠡᠳ ᠴᠦᠮ ᠠᠵᠢᠯ ᠦᠢᠯᠡᠰ᠎ᠤᠨ ᠤᠷᠤᠨ ᠳᠤᠭ᠎ᠠ᠎ᠶ᠋ᠢᠨ ᠪᠤᠰᠤ ᠠᠵᠢᠯᠳᠠᠨ᠃ ᠨᠠᠷᠢᠨ ᠠᠭᠤᠯᠭ᠎ᠠ᠎ᠶ᠋ᠢ 《ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠤᠷᠤᠨ ᠳᠤᠭ᠎ᠠ᠎ᠶ᠋ᠢᠨ ᠭᠠᠳᠠᠨᠠᠬᠢ ᠠᠵᠢᠯᠳᠠᠨ ᠡᠯᠰᠡᠬᠦ᠌ ᠬᠠᠮᠢᠶᠠᠷᠤᠯᠳᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠠᠴᠠ ᠯᠠᠪᠯᠠᠭᠠᠷᠡᠢ᠃ ᠡᠷᠬᠢᠮ ᠬᠦᠨᠳᠦ᠎ᠲᠤ ᠰᠦᠯᠵᠢᠶᠡᠨ ᠠᠨᠳᠠ ᠨᠠᠷ᠂ ᠥᠪᠥᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠪᠦᠬᠦ᠌ ᠤᠯᠤᠰ᠎ᠤᠨ ᠬᠤᠶᠠᠷ ᠬᠤᠷᠠᠯ》 ᠳᠤ ᠵᠤᠷᠢᠭᠤᠯᠤᠭ᠍ᠰᠠᠨ ᠤᠨᠴᠠ ᠨᠡᠪᠲᠡᠷᠡᠭᠦᠯᠭᠡ ᠮᠠᠨᠢ ᠡᠭᠦᠪᠡᠷ ᠦᠨᠳᠦᠷᠯᠡᠵᠤ ᠪᠠᠢᠨ᠎ᠠ᠃ ᠲᠠ ᠪᠦᠬᠦᠨ᠎ᠤ᠎ᠪᠠᠨ ᠬᠦᠯᠢᠶᠡᠨ ᠠᠪᠴᠤ᠌ ᠰᠤᠨᠤᠰᠤᠭ᠍ᠰᠠᠨ᠎ᠳᠤ ᠪᠠᠶᠠᠷᠯᠠᠯ᠎ᠠ᠃ ᠲᠠᠷᠠᠭᠠᠴᠢ᠎ᠶ᠋ᠢᠨ ᠳ᠋ᠤᠭᠠᠷ᠎ᠲᠠᠭᠠᠨ ᠲᠠᠭᠢᠨ ᠵᠤᠯᠭᠠᠶ᠎ᠠ᠂ ᠪᠠᠶᠠᠷᠳᠠᠢ! ᠨᠠᠢᠷᠠᠭᠤᠯᠤᠨ ᠨᠡᠪᠲᠡᠷᠡᠭᠦᠯᠦᠭ᠌ᠴᠢ᠄ ᠨᠠᠮᠤᠭ ᠮᠡᠷᠭᠡᠵᠢᠯ᠄ ᠰᠦᠮᠪᠦᠷ ᠬᠢᠨᠠᠭ᠍ᠴᠢ᠄ ᠬᠤᠤᠰ |
|
|
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|