|
|
|
|
|
3 ᠰᠠᠷ᠎ᠠ᠎ᠶ᠋ᠢᠨ 21 ᠤ ᠡᠳᠦᠷ
|
|
|
|
|
ᠡᠬᠢᠯᠡᠬᠦ᠌ ᠴᠠᠭ᠄
2018-03-21 09:53:34
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠭᠢᠮ ᠭᠦᠨᠳᠦᠳᠦ ᠰᠦᠯᠵᠢᠶᠠᠨ ᠠᠨᠳᠠ ᠨᠠᠷ ᠮᠢᠨᠢ ᠰᠠᠢᠨ ᠪᠠᠢᠨᠠᠦ? ᠦᠨᠦᠳᠦᠷ ᠪᠤᠯ 2018 ᠤᠨ᠎ᠤ 3 ᠰᠠᠷ᠎ᠠ᠎ᠶ᠋ᠢᠨ 21᠂ ᠪᠢᠯᠢᠭ᠎ᠤᠨ ᠤᠯᠠᠷᠢᠯ᠎ᠤᠨ ᠱᠢᠷ᠎ᠠ ᠨᠤᠬᠠᠢ ᠵᠢᠯ᠎ᠤᠨ 2 ᠰᠠᠷ᠎ᠠ᠎ᠶ᠋ᠢᠨ 5᠂ ᠭᠠᠷᠠᠭ᠎ᠤᠨ ᠭᠤᠷᠪᠠᠨ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠷᠯᠥᠭᠡ᠎ᠶ᠋ᠢᠨ ᠮᠡᠳᠡᠭᠡ》 ᠲᠠ ᠪᠦᠬᠦᠨ᠎ᠲᠠᠢ᠎ᠪᠠᠨ ᠮᠡᠠᠳᠦᠴᠢᠯᠡᠨ ᠵᠣᠯᠭᠠᠵᠤ ᠪᠠᠢᠨ᠎ᠠ᠃ ᠤᠷᠢᠳᠠᠪᠡᠷ ᠪᠢᠳᠡ ᠴᠠᠭ ᠲᠦᠷᠥ᠎ᠶ᠋ᠢᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠤᠶ᠎ᠠ ● ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠤᠨ ᠲᠤᠬ᠍ᠳᠠᠭᠠᠬ᠍ᠰᠠᠨ ᠰᠠᠨᠠᠭᠤᠯᠭ᠎ᠠ ᠳᠡᠪᠱᠢᠭᠦᠯᠬᠦ᠌ ᠬᠠᠮᠤᠭ ᠰᠡᠭᠦᠯᠴᠢ᠎ᠶ᠋ᠢᠨ ᠴᠠᠭ ᠪᠣᠯᠳᠠᠯ᠎ᠠ᠂ ᠮᠠᠨ᠎ᠤ ᠤᠷᠣᠨ᠎ᠤ ᠲᠦᠯᠦᠭᠡᠯᠡᠭ᠌ᠴᠢᠳ᠎ᠤᠨ ᠪᠦᠯᠭᠦᠮ ᠶᠡᠭᠡ ᠬᠤᠷᠠᠯ᠎ᠳᠤ ᠨᠡᠢᠳᠡ 125 ᠬᠤᠪᠢ ᠰᠠᠨᠠᠭᠤᠯᠭ᠎ᠠ ᠲᠡᠪᠱᠢᠭᠦᠯᠪᠠ᠃ ● 3 ᠰᠠᠷ᠎ᠠ᠎ᠶ᠋ᠢᠨ 19 ᠤ ᠦᠳᠡ᠎ᠶ᠋ᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ᠎ᠤ ᠭᠠᠯ ᠰᠡᠷᠭᠡᠢᠯᠡᠬᠦ᠌ ᠵᠢᠯᠤᠭᠤᠳᠭᠤ ᠭᠠᠵᠠᠷ ᠪᠦᠬᠦ᠌ ᠤᠷᠤᠨ᠎ᠤ ᠤᠢ ᠱᠢᠭᠤᠢ ᠨᠤᠳᠤᠭ ᠪᠡᠯᠴᠢᠬᠡᠷ᠎ᠤᠨ ᠳᠦᠢᠮᠠᠷᠢ ᠰᠡᠷᠭᠡᠢᠯᠡᠬᠦ᠌ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠡᠨᠡ ᠵᠢᠯ᠎ᠤᠨ ᠤᠢ ᠱᠢᠭᠤᠢ ᠨᠤᠲᠤᠬ ᠪᠡᠯᠴᠢᠬᠡᠷ᠎ᠤᠨ ᠳᠦᠢᠮᠠᠷᠢ ᠰᠡᠷᠭᠡᠢᠯᠡᠬᠦ᠌ ᠠᠵᠢᠯ᠎ᠢ ᠰᠠᠢᠳᠤᠷ ᠬᠢᠬᠦ᠌ ᠲᠤᠬᠠᠢ ᠳᠤᠬᠢᠷᠠᠭᠤᠯᠤᠨ ᠪᠠᠢᠷᠢᠯᠠᠭᠤᠯᠪᠠ᠃ ● 3 ᠰᠠᠷ᠎ᠡ᠎ᠶ᠋ᠢᠨ 19 ᠤ ᠡᠳᠤᠷ᠂ ᠦᠪᠡᠷᠳᠡᠭᠡᠨ ᠵᠠᠰᠠᠬᠤ ᠤᠷᠤᠨ᠎ᠤ ᠱᠢᠭᠤᠳ ᠬᠠᠷᠢᠶ᠎ᠠ ᠪᠠᠢᠭᠤᠯᠤᠯᠭ᠎ᠠ᠎ᠶ᠋ᠢᠨ 2018 ᠤᠨ᠎ᠤ ᠨᠠᠮ᠎ᠤᠨ ᠠᠵᠢᠯ᠎ᠤᠨ ᠬᠤᠷᠠᠯ ᠭᠦᠭᠡᠬᠤᠳᠡ᠎ᠳᠤ ᠬᠤᠷᠠᠯᠳᠤᠪᠠ᠃ ᠬᠤᠷᠠᠯ᠎ᠠᠴᠠ 2017 ᠤᠨ᠎ᠤ ᠦᠪᠡᠷᠳᠡᠭᠡᠨ ᠵᠠᠰᠠᠬᠤ ᠤᠷᠤᠨ᠎ᠤ ᠱᠢᠭᠤᠳ ᠬᠠᠷᠢᠶ᠎ᠠ ᠪᠠᠢᠭᠤᠯᠤᠯᠭ᠎ᠠ᠎ᠶ᠋ᠢᠨ ᠨᠠᠮ᠎ᠤᠨ ᠠᠵᠢᠯ᠎ᠢ ᠪᠦᠬᠦ᠌ ᠲᠠᠯ᠎ᠠ᠎ᠪᠠᠷ ᠳ᠋ᠦᠩᠨᠡᠵᠦ᠍᠂ 2018 ᠤᠨ᠎ᠤ ᠠᠵᠢᠯ᠎ᠢ ᠲᠤᠬᠢᠷᠠᠭᠤᠯᠤᠨ ᠪᠠᠢᠷᠢᠯᠠᠭᠤᠯᠵᠠᠢ᠃ ᠵᠠᠯᠭᠠᠭᠠᠳ ᠪᠢᠳᠡ ᠨᠡᠢᠭᠡᠮ᠎ᠤᠨ ᠰᠤᠨᠢᠨ ᠮᠡᠳᠡᠭᠡ᠎ᠠᠴᠠ ᠤᠢᠯᠠᠭᠠᠶᠠ ● ᠮᠠᠨ᠎ᠤ ᠤᠯᠤᠰ᠎ᠤᠨ 2017 ᠤᠨ᠎ᠳᠤ ᠲᠦᠷᠦᠭ᠌ᠰᠡᠨ ᠬᠦᠮᠦᠨ ᠠᠮᠠ 2016 ᠤᠨ᠎ᠤ᠎ᠬᠢ᠎ᠠᠴᠠ 63 ᠲᠦᠮᠡ ᠪᠠᠭᠠᠰᠤᠭ᠍ᠰᠠᠨ ᠮᠦᠷᠲᠡᠭᠡᠨ 2017 ᠤᠨ᠎ᠳᠤ ᠲᠦᠷᠦᠭ᠌ᠰᠡᠨ ᠲᠦᠷᠦᠬᠦᠦ ᠬᠡᠦᠭᠡᠳ᠎ᠤᠨ ᠲᠤᠭ᠎ᠠ 724 ᠲᠦᠮᠡ ᠪᠠᠢᠵᠥ᠍᠂ 2016 ᠤᠨ᠎ᠤ᠎ᠬᠢ᠎ᠠᠴᠠ 249 ᠲᠦᠮᠡ ᠪᠠᠭᠠᠰᠴᠠᠢ᠃ ● ᠰᠤᠷᠭᠠᠨ ᠬᠦᠮᠦᠵᠢᠯ᠎ᠤᠨ ᠶᠠᠮᠤᠨ ᠲᠦᠷᠦᠬᠦᠬᠡᠨ 《2018 ᠤᠨ᠎ᠤ ᠡᠩ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ ᠡᠯᠰᠡᠵᠦ᠍ ᠰᠤᠷᠭᠠᠭᠤᠯᠢ᠎ᠳᠤ ᠤᠷᠤᠬᠤ ᠠᠵᠢᠯ᠎ᠢ ᠰᠠᠢᠲᠤᠷ ᠬᠢᠬᠦ᠌ ᠲᠤᠬᠠᠢ ᠮᠡᠳᠡᠭ᠌ᠳᠡᠯ》 ᠨᠡᠢᠳᠡᠯᠡᠵᠦ᠍᠂ ᠨᠢᠭᠡ ᠰᠠᠭᠤᠭᠠᠯᠢ ᠠᠷᠠᠳ᠎ᠤᠨ ᠲᠤᠭᠤᠷᠢᠭ᠎ᠢ ᠤᠯᠠᠨ ᠰᠤᠷᠭᠠᠭᠤᠯᠢ᠎ᠳᠤ ᠬᠠᠨᠳᠤᠭᠤᠯᠵᠤ ᠬᠡᠰᠡᠭ ᠬᠤᠪᠢᠶᠠᠬᠤ᠎ᠶ᠋ᠢ ᠠᠬᠢᠭᠤᠯᠬᠤ᠂ ᠤᠨᠴᠠ ᠠᠪᠢᠶᠠᠰ᠎ᠲᠠᠢ ᠰᠤᠷᠤᠭ᠍ᠴᠢ ᠡᠯᠰᠡᠬᠦ᠌ ᠬᠡᠪᠴᠢᠶ᠎ᠡ᠎ᠶ᠋ᠢ ᠪᠠᠭᠠᠰᠭᠠᠵᠤ᠂ ᠡᠩ᠎ᠤᠨ ᠦᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠱᠢᠯᠭᠠᠯᠲᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠪᠤᠳᠠᠲᠠᠢ ᠲᠤᠭ᠍ᠲᠠᠭᠠᠯ ᠭᠠᠷᠭᠠᠪᠠ᠃ ● ᠺᠤᠳ᠋ ᠱᠢᠷᠪᠢᠵᠤ ᠮᠦᠩᠬᠦ᠌ ᠲᠦᠯᠤᠬᠦ᠌ ᠲᠤᠬᠠᠢ ᠲᠦᠪ ᠪᠠᠩᠬᠢ᠎ᠶ᠋ᠢᠨ ᠱᠢᠨ᠎ᠠ ᠲᠤᠬ᠍ᠳᠠᠭᠠᠯ᠎ᠢ 4 ᠰᠠᠷ᠎ᠠ᠎ᠶ᠋ᠢᠨ 1 ᠤ ᠡᠳᠤᠷ᠎ᠠᠴᠠ ᠡᠬᠢᠯᠡᠵᠤ ᠬᠡᠷᠡᠭ᠌ᠵᠢᠬᠦᠯᠤᠨᠠ᠃ ● ᠤᠢᠯᠠᠭᠠᠭ᠍ᠰᠠᠨ᠎ᠢᠶᠠᠷ᠂ ᠮᠠᠨ᠎ᠤ ᠤᠯᠤᠰ 2019 ᠤᠨ᠎ᠤ 6 ᠰᠠᠷ᠎ᠠ᠎ᠶ᠋ᠢᠨ ᠤᠷᠴᠢᠮ᠎ᠢᠶᠠᠷ ᠴᠠᠩ ᠵᠧᠩ ᠲᠠᠪᠤ ᠨᠤᠮᠧᠷᠲᠤ B ᠠᠴᠢᠶᠠᠨ᠎ᠤ ᠲᠡᠢᠷᠦᠯᠲᠤ ᠰᠤᠮᠤ᠎ᠶ᠋ᠢᠨ ᠠᠩᠬᠠᠨ᠎ᠤ ᠨᠢᠰᠦᠯᠲᠠ᠎ᠶ᠋ᠢ ᠪᠡᠶᠡᠯᠡᠬᠦᠯᠬᠦ᠌᠎ᠪᠠᠷ ᠪᠠᠢᠨ᠎ᠠ᠃ ● 2018 ᠣᠨ᠎ᠤ 22 ᠳ᠋ᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠣᠯᠠᠨ ᠤᠯᠣᠰ᠎ᠤᠨ ᠲᠠᠷᠢᠶᠠᠯᠠᠩ᠎ᠤᠨ ᠪᠦᠳᠦᠭᠡᠭ᠌ᠳᠡᠭᠦᠨ᠎ᠤ ᠦᠵᠡᠰᠭᠦᠯᠡᠩ ᠵᠢᠴᠢ ᠬᠤᠶᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠤᠢ ᠱᠢᠭᠤᠢ᠎ᠶ᠋ᠢᠨ ᠪᠦᠳᠦᠭᠡᠭ᠌ᠳᠡᠭᠦᠨ᠎ᠤ ᠦᠵᠡᠰᠭᠦᠯᠡᠩᠳᠤ ᠨᠡᠢᠲᠡ 1253 ᠲᠦᠷᠥᠯ᠎ᠤᠨ ᠭᠡᠷ᠎ᠡ ᠲᠤᠬ᠍ᠲᠠᠵᠥ᠍᠂ 3 ᠳ᠋ᠦᠩᠱᠢᠭᠤᠷ ᠭᠠᠷᠤᠢ ᠲᠦᠭᠦᠷᠢᠭ᠎ᠤᠨ ᠰᠤᠯᠢᠯᠴᠠᠭ᠎ᠠ ᠬᠢᠭ᠌ᠰᠡᠨ ᠪᠠᠢᠨ᠎ᠠ᠃ ● ᠤᠢᠯᠠᠭᠠᠭ᠍ᠰᠠᠨ᠎ᠢᠶᠠᠷ᠂ ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠤᠯᠤᠬᠢᠶ᠋ᠢᠨ ᠤᠷᠲᠤᠨ ᠨᠡᠢᠭᠡᠮ ᠨᠡᠢᠲᠡ᠎ᠠᠴᠠ 50 ᠰᠠᠢᠨ ᠲᠤᠷᠠᠴᠤᠳ ᠡᠯᠰᠡᠵᠦ᠍ ᠪᠠᠢᠨ᠎ᠠ᠃ ᠰᠠᠢᠨ ᠲᠤᠷᠠᠴᠤᠳ ᠡᠯᠰᠡᠬᠦ᠌ ᠠᠵᠢᠯ 3 ᠰᠠᠷ᠎ᠠ᠎ᠶ᠋ᠢᠨ 17 ᠤ ᠡᠲᠦᠷ᠎ᠠᠴᠠ ᠡᠬᠢᠯᠡᠵᠦ᠍ 4 ᠰᠠᠷ᠎ᠠ᠎ᠶ᠋ᠢᠨ 1 ᠤ ᠡᠲᠦᠷ ᠪᠤᠯᠲᠠᠯ᠎ᠠ ᠶᠠᠪᠤᠭ᠍ᠲᠠᠨᠠ᠃ ● ᠬᠦᠬᠡᠬᠤᠲᠠ ᠡᠨᠡ ᠵᠢᠯ ᠰᠤᠷᠤᠬ᠍ᠴᠢᠳ᠎ᠢ ᠦᠳᠡᠯᠡᠭᠦᠯᠬᠦ᠌ ᠬᠤᠭᠤᠯᠠᠨ᠎ᠤ ᠭᠠᠵᠠᠷ ᠵᠡᠷᠭᠡ᠎ᠶ᠋ᠢ ᠬᠢᠨᠠᠨ ᠬᠠᠮᠢᠶᠠᠷᠬᠤ ᠬᠡᠪᠴᠢᠶᠠᠨ᠎ᠳᠤ ᠤᠷᠤᠭᠤᠯᠤᠨ᠎ᠠ᠃ ᠳᠠᠷᠠᠭ᠎ᠠ᠎ᠨᠢ ᠰᠤᠶᠣᠯ ᠲᠠᠮᠢᠷ᠎ᠤᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠣᠶᠠ ● ᠤᠢᠷ᠎ᠠ᠎ᠳᠤ᠂ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ (ᠬᠤᠸᠠᠢ ᠶᠠᠩ) ᠪᠤᠳᠠᠰ᠎ᠤᠨ ᠪᠤᠰᠤ ᠰᠤᠶᠤᠯ᠎ᠤᠨ ᠦᠪ᠎ᠤᠨ ᠦᠵᠡᠭᠦᠯᠦᠯᠬᠡ᠎ᠶ᠋ᠢᠨ ᠲᠤᠬ᠍ᠯᠠᠯᠲᠠ ᠾᠧᠨᠠᠨ ᠮᠣᠵᠢ᠎ᠶ᠋ᠢᠨ ᠬᠤᠸᠠᠢ ᠶᠠᠩ ᠱᠢᠶᠠᠨ᠎ᠳᠤ ᠶᠠᠪᠤᠭ᠍ᠳᠠᠪᠠ᠃ ● 3 ᠰᠠᠷ᠎ᠠ᠎ᠶ᠋ᠢᠨ 19 ᠤ ᠡᠳᠦᠷ᠂ ᠮᠤᠩᠭᠤᠯ ᠤᠯᠣᠰ᠎ᠤᠨ ᠡᠮᠦᠨ᠎ᠡ ᠭᠤᠪᠢ ᠠᠢᠮᠠᠭ᠎ᠲᠤ ᠪᠤᠯᠣᠬ᠍ᠰᠠᠨ ᠣᠯᠤᠰ ᠪᠠ ᠠᠢᠮᠠᠭ᠎ᠤᠨ ᠴᠣᠯᠠ᠎ᠲᠠᠢ 128 ᠪᠦᠬᠡ᠎ᠶ᠋ᠢᠨ ᠪᠠᠷᠢᠯᠳᠤᠭᠠᠨ᠎ᠳᠤ ᠮᠤᠩᠭᠤᠯ ᠤᠯᠤᠰ᠎ᠤᠨ ᠤᠯᠣᠰ᠎ᠤᠨ ᠠᠷᠰᠯᠠᠨ ᠪᠦᠷᠢᠠᠲᠡᠭᠦᠰ ᠲᠡᠷᠢᠭᠦᠯᠡᠪᠡ᠃ ᠡᠷᠭᠢᠮ ᠭᠦᠨᠳᠦᠳᠦ ᠰᠤᠨᠤᠰᠤᠭ᠍ᠴᠢᠳ ᠡ᠂ ᠦᠨᠦᠳᠦᠷ᠎ᠤᠨ ᠨᠡᠪᠳᠡᠷᠡᠭᠦᠯᠭᠡ ᠮᠠᠨᠢ ᠡᠢᠨᠭᠦ᠌ ᠦᠨᠳᠦᠷᠯᠡᠵᠤ ᠪᠠᠢᠨ᠎ᠠ᠃ ᠲᠤᠰ ᠳ᠋ᠤᠭᠠᠷ᠎ᠢᠶᠠᠨ ᠪᠢᠳᠡ ᠡᠩᠬᠡᠪᠠᠲᠦᠶ᠋ᠢᠨ ᠳᠠᠭᠤᠯᠠᠬ᠍ᠰᠠᠨ 《ᠢᠲᠡᠭᠡᠯ ᠰᠡᠳᠭᠢᠯ》 ᠭᠡᠬᠦ᠌ ᠳᠠᠭᠤᠣ᠎ᠪᠠᠷ ᠵᠢᠷᠭᠠᠭᠠᠵᠥ᠍ ᠪᠠᠢᠨ᠎ᠠ! ᠲᠠ ᠪᠦᠭᠦᠨ᠎ᠤ ᠭᠦᠯᠢᠶᠠᠨ ᠠᠪᠴᠦ᠍ ᠰᠤᠨᠤᠰᠤᠭ᠍ᠰᠠᠨ᠎ᠳᠤ ᠪᠠᠶᠠᠷᠯᠡᠯᠡ᠃ ᠲᠠᠷᠠᠭᠠᠴᠢ᠎ᠶ᠋ᠢᠨ ᠳ᠋ᠤᠭᠠᠷ᠎ᠲᠠᠭᠠᠨ ᠲᠠᠭᠢᠨ ᠵᠤᠯᠭᠠᠶ᠎ᠠ᠂ ᠪᠠᠶᠠᠷᠳᠠᠢ! ᠨᠠᠢᠷᠠᠭᠤᠯᠤᠨ ᠨᠡᠪᠳᠡᠷᠡᠭᠦᠯᠦᠭ᠌ᠴᠢ᠄ ᠦᠯᠵᠡᠢᠪᠠᠳᠤ ᠮᠡᠷᠭᠡᠵᠢᠯ᠄ ᠰᠦᠮᠪᠦᠷ ᠭᠢᠨᠠᠭ᠍ᠴᠢ᠄ ᠪᠤᠶᠠᠨᠲᠦ
|
|
|
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|