3 ᠰᠠᠷ᠎ᠠ᠎ᠶ᠋ᠢᠨ 21 ᠎ᠤ ᠡᠳᠦᠷ
ᠡᠬᠢᠯᠡᠬᠦ᠌ ᠴᠠᠭ᠄
2018-03-21 09:53:34
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

     ᠡᠷᠭᠢᠮ ᠭᠦᠨᠳᠦᠳᠦ ᠰᠦᠯᠵᠢᠶᠠᠨ ᠠᠨᠳᠠ ᠨᠠᠷ ᠮᠢᠨᠢ ᠰᠠᠢᠨ ᠪᠠᠢᠨᠠᠦ?
     ᠦᠨᠦᠳᠦᠷ ᠪᠤᠯ 2018 ᠤᠨ᠎ᠤ 3 ᠰᠠᠷ᠎ᠠ᠎ᠶ᠋ᠢᠨ 21᠂ ᠪᠢᠯᠢᠭ᠎ᠤᠨ ᠤᠯᠠᠷᠢᠯ᠎ᠤᠨ ᠱᠢᠷ᠎ᠠ ᠨᠤᠬᠠᠢ ᠵᠢᠯ᠎ᠤᠨ 2 ᠰᠠᠷ᠎ᠠ᠎ᠶ᠋ᠢᠨ 5᠂ ᠭᠠᠷᠠᠭ᠎ᠤᠨ ᠭᠤᠷᠪᠠᠨ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠷᠯᠥᠭᠡ᠎ᠶ᠋ᠢᠨ ᠮᠡᠳᠡᠭᠡ》 ᠲᠠ ᠪᠦᠬᠦᠨ᠎ᠲᠠᠢ᠎ᠪᠠᠨ ᠮᠡᠠᠳᠦᠴᠢᠯᠡᠨ ᠵᠣᠯᠭᠠᠵᠤ ᠪᠠᠢᠨ᠎ᠠ᠃
     ᠤᠷᠢᠳᠠᠪᠡᠷ ᠪᠢᠳᠡ ᠴᠠᠭ ᠲᠦᠷᠥ᠎ᠶ᠋ᠢᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠤᠶ᠎ᠠ
     ● ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠤᠨ ᠲᠤᠬ᠍ᠳᠠᠭᠠᠬ᠍ᠰᠠᠨ ᠰᠠᠨᠠᠭᠤᠯᠭ᠎ᠠ ᠳᠡᠪᠱᠢᠭᠦᠯᠬᠦ᠌ ᠬᠠᠮᠤᠭ ᠰᠡᠭᠦᠯᠴᠢ᠎ᠶ᠋ᠢᠨ ᠴᠠᠭ ᠪᠣᠯᠳᠠᠯ᠎ᠠ᠂ ᠮᠠᠨ᠎ᠤ ᠤᠷᠣᠨ᠎ᠤ ᠲᠦᠯᠦᠭᠡᠯᠡᠭ᠌ᠴᠢᠳ᠎ᠤᠨ ᠪᠦᠯᠭᠦᠮ ᠶᠡᠭᠡ ᠬᠤᠷᠠᠯ᠎ᠳᠤ ᠨᠡᠢᠳᠡ 125 ᠬᠤᠪᠢ ᠰᠠᠨᠠᠭᠤᠯᠭ᠎ᠠ ᠲᠡᠪᠱᠢᠭᠦᠯᠪᠠ᠃
     ● 3 ᠰᠠᠷ᠎ᠠ᠎ᠶ᠋ᠢᠨ 19 ᠎ᠤ ᠦᠳᠡ᠎ᠶ᠋ᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ᠎ᠤ ᠭᠠᠯ ᠰᠡᠷᠭᠡᠢᠯᠡᠬᠦ᠌ ᠵᠢᠯᠤᠭᠤᠳᠭᠤ ᠭᠠᠵᠠᠷ ᠪᠦᠬᠦ᠌ ᠤᠷᠤᠨ᠎ᠤ ᠤᠢ ᠱᠢᠭᠤᠢ ᠨᠤᠳᠤᠭ ᠪᠡᠯᠴᠢᠬᠡᠷ᠎ᠤᠨ ᠳᠦᠢᠮᠠᠷ᠎ᠢ ᠰᠡᠷᠭᠡᠢᠯᠡᠬᠦ᠌ ᠠᠵᠢᠯ᠎ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠡᠨᠡ ᠵᠢᠯ᠎ᠤᠨ ᠤᠢ ᠱᠢᠭᠤᠢ ᠨᠤᠲᠤᠬ ᠪᠡᠯᠴᠢᠬᠡᠷ᠎ᠤᠨ ᠳᠦᠢᠮᠠᠷ᠎ᠢ ᠰᠡᠷᠭᠡᠢᠯᠡᠬᠦ᠌ ᠠᠵᠢᠯ᠎ᠢ ᠰᠠᠢᠳᠤᠷ ᠬᠢᠬᠦ᠌ ᠲᠤᠬᠠᠢ ᠳᠤᠬᠢᠷᠠᠭᠤᠯᠤᠨ ᠪᠠᠢᠷᠢᠯᠠᠭᠤᠯᠪᠠ᠃
     ● 3 ᠰᠠᠷ᠎ᠡ᠎ᠶ᠋ᠢᠨ 19 ᠎ᠤ ᠡᠳᠤᠷ᠂ ᠦᠪᠡᠷᠳᠡᠭᠡᠨ ᠵᠠᠰᠠᠬᠤ ᠤᠷᠤᠨ᠎ᠤ ᠱᠢᠭᠤᠳ ᠬᠠᠷᠢᠶ᠎ᠠ ᠪᠠᠢᠭᠤᠯᠤᠯᠭ᠎ᠠ᠎ᠶ᠋ᠢᠨ 2018 ᠤᠨ᠎ᠤ ᠨᠠᠮ᠎ᠤᠨ ᠠᠵᠢᠯ᠎ᠤᠨ ᠬᠤᠷᠠᠯ ᠭᠦᠭᠡᠬᠤᠳᠡ᠎ᠳᠤ ᠬᠤᠷᠠᠯᠳᠤᠪᠠ᠃ ᠬᠤᠷᠠᠯ᠎ᠠᠴᠠ 2017 ᠤᠨ᠎ᠤ ᠦᠪᠡᠷᠳᠡᠭᠡᠨ ᠵᠠᠰᠠᠬᠤ ᠤᠷᠤᠨ᠎ᠤ ᠱᠢᠭᠤᠳ ᠬᠠᠷᠢᠶ᠎ᠠ ᠪᠠᠢᠭᠤᠯᠤᠯᠭ᠎ᠠ᠎ᠶ᠋ᠢᠨ ᠨᠠᠮ᠎ᠤᠨ ᠠᠵᠢᠯ᠎ᠢ ᠪᠦᠬᠦ᠌ ᠲᠠᠯ᠎ᠠ᠎ᠪᠠᠷ ᠳ᠋ᠦᠩᠨᠡᠵᠦ᠍᠂ 2018 ᠤᠨ᠎ᠤ ᠠᠵᠢᠯ᠎ᠢ ᠲᠤᠬᠢᠷᠠᠭᠤᠯᠤᠨ ᠪᠠᠢᠷᠢᠯᠠᠭᠤᠯᠵᠠᠢ᠃
     ᠵᠠᠯᠭᠠᠭᠠᠳ ᠪᠢᠳᠡ ᠨᠡᠢᠭᠡᠮ᠎ᠤᠨ ᠰᠤᠨᠢᠨ ᠮᠡᠳᠡᠭᠡ᠎ᠠᠴᠠ ᠤᠢᠯᠠᠭᠠᠶ᠎ᠠ
     ● ᠮᠠᠨ᠎ᠤ ᠤᠯᠤᠰ᠎ᠤᠨ 2017 ᠤᠨ᠎ᠳᠤ ᠲᠦᠷᠦᠭ᠌ᠰᠡᠨ ᠬᠦᠮᠦᠨ ᠠᠮᠠ 2016 ᠤᠨ᠎ᠤ᠎ᠬᠢ᠎ᠠᠴᠠ 63 ᠲᠦᠮᠡ ᠪᠠᠭᠠᠰᠤᠭ᠍ᠰᠠᠨ ᠮᠦᠷᠲᠡᠭᠡᠨ 2017 ᠤᠨ᠎ᠳᠤ ᠲᠦᠷᠦᠭ᠌ᠰᠡᠨ ᠲᠦᠷᠦᠬᠦᠦ ᠬᠡᠦᠭᠡᠳ᠎ᠤᠨ ᠲᠤᠭ᠎ᠠ 724 ᠲᠦᠮᠡ ᠪᠠᠢᠵᠥ᠍᠂ 2016 ᠤᠨ᠎ᠤ᠎ᠬᠢ᠎ᠠᠴᠠ 249 ᠲᠦᠮᠡ ᠪᠠᠭᠠᠰᠴᠠᠢ᠃
     ● ᠰᠤᠷᠭᠠᠨ ᠬᠦᠮᠦᠵᠢᠯ᠎ᠤᠨ ᠶᠠᠮᠤᠨ ᠲᠦᠷᠦᠬᠦᠬᠡᠨ 《2018 ᠤᠨ᠎ᠤ ᠡᠩ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ ᠡᠯᠰᠡᠵᠦ᠍ ᠰᠤᠷᠭᠠᠭᠤᠯᠢ᠎ᠳᠤ ᠤᠷᠤᠬᠤ ᠠᠵᠢᠯ᠎ᠢ ᠰᠠᠢᠲᠤᠷ ᠬᠢᠬᠦ᠌ ᠲᠤᠬᠠᠢ ᠮᠡᠳᠡᠭ᠌ᠳᠡᠯ》 ᠨᠡᠢᠳᠡᠯᠡᠵᠦ᠍᠂ ᠨᠢᠭᠡ ᠰᠠᠭᠤᠭᠠᠯᠢ ᠠᠷᠠᠳ᠎ᠤᠨ ᠲᠤᠭᠤᠷᠢᠭ᠎ᠢ ᠤᠯᠠᠨ ᠰᠤᠷᠭᠠᠭᠤᠯᠢ᠎ᠳᠤ ᠬᠠᠨᠳᠤᠭᠤᠯᠵᠤ ᠬᠡᠰᠡᠭ ᠬᠤᠪᠢᠶᠠᠬᠤ᠎ᠶ᠋ᠢ ᠠᠬᠢᠭᠤᠯᠬᠤ᠂ ᠤᠨᠴᠠ ᠠᠪᠢᠶᠠᠰ᠎ᠲᠠᠢ ᠰᠤᠷᠤᠭ᠍ᠴᠢ ᠡᠯᠰᠡᠬᠦ᠌ ᠬᠡᠪᠴᠢᠶ᠎ᠡ᠎ᠶ᠋ᠢ ᠪᠠᠭᠠᠰᠭᠠᠵᠤ᠂ ᠡᠩ᠎ᠤᠨ ᠦᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠱᠢᠯᠭᠠᠯᠲᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠪᠤᠳᠠᠲᠠᠢ ᠲᠤᠭ᠍ᠲᠠᠭᠠᠯ ᠭᠠᠷᠭᠠᠪᠠ᠃
     ● ᠺᠤᠳ᠋ ᠱᠢᠷᠪᠢᠵᠤ ᠮᠦᠩᠬᠦ᠌ ᠲᠦᠯᠤᠬᠦ᠌ ᠲᠤᠬᠠᠢ ᠲᠦᠪ ᠪᠠᠩᠬᠢ᠎ᠶ᠋ᠢᠨ ᠱᠢᠨ᠎ᠠ ᠲᠤᠬ᠍ᠳᠠᠭᠠᠯ᠎ᠢ 4 ᠰᠠᠷ᠎ᠠ᠎ᠶ᠋ᠢᠨ 1 ᠎ᠤ ᠡᠳᠤᠷ᠎ᠠᠴᠠ ᠡᠬᠢᠯᠡᠵᠤ ᠬᠡᠷᠡᠭ᠌ᠵᠢᠬᠦᠯᠤᠨ᠎ᠠ᠃
     ● ᠤᠢᠯᠠᠭᠠᠭ᠍ᠰᠠᠨ᠎ᠢᠶᠠᠷ᠂ ᠮᠠᠨ᠎ᠤ ᠤᠯᠤᠰ 2019 ᠤᠨ᠎ᠤ 6 ᠰᠠᠷ᠎ᠠ᠎ᠶ᠋ᠢᠨ ᠤᠷᠴᠢᠮ᠎ᠢᠶᠠᠷ ᠴᠠᠩ ᠵᠧᠩ ᠲᠠᠪᠤ ᠨᠤᠮᠧᠷᠲᠤ B ᠠᠴᠢᠶᠠᠨ᠎ᠤ ᠲᠡᠢᠷᠦᠯᠲᠤ ᠰᠤᠮᠤ᠎ᠶ᠋ᠢᠨ ᠠᠩᠬᠠᠨ᠎ᠤ ᠨᠢᠰᠦᠯᠲᠠ᠎ᠶ᠋ᠢ ᠪᠡᠶᠡᠯᠡᠬᠦᠯᠬᠦ᠌᠎ᠪᠠᠷ ᠪᠠᠢᠨ᠎ᠠ᠃
     ● 2018 ᠣᠨ᠎ᠤ 22 ᠳ᠋ᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠣᠯᠠᠨ ᠤᠯᠣᠰ᠎ᠤᠨ ᠲᠠᠷᠢᠶᠠᠯᠠᠩ᠎ᠤᠨ ᠪᠦᠳᠦᠭᠡᠭ᠌ᠳᠡᠭᠦᠨ᠎ᠤ ᠦᠵᠡᠰᠭᠦᠯᠡᠩ ᠵᠢᠴᠢ ᠬᠤᠶᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠤᠢ ᠱᠢᠭᠤᠢ᠎ᠶ᠋ᠢᠨ ᠪᠦᠳᠦᠭᠡᠭ᠌ᠳᠡᠭᠦᠨ᠎ᠤ ᠦᠵᠡᠰᠭᠦᠯᠡᠩ᠎ᠳᠤ ᠨᠡᠢᠲᠡ 1253 ᠲᠦᠷᠥᠯ᠎ᠤᠨ ᠭᠡᠷ᠎ᠡ ᠲᠤᠬ᠍ᠲᠠᠵᠥ᠍᠂ 3 ᠳ᠋ᠦᠩᠱᠢᠭᠤᠷ ᠭᠠᠷᠤᠢ ᠲᠦᠭᠦᠷᠢᠭ᠎ᠤᠨ ᠰᠤᠯᠢᠯᠴᠠᠭ᠎ᠠ ᠬᠢᠭ᠌ᠰᠡᠨ ᠪᠠᠢᠨ᠎ᠠ᠃
     ● ᠤᠢᠯᠠᠭᠠᠭ᠍ᠰᠠᠨ᠎ᠢᠶᠠᠷ᠂ ᠦᠪᠦᠷ ᠮᠤᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠤᠯᠤᠬᠢ᠎ᠶ᠋ᠢᠨ ᠤᠷᠲᠤᠨ ᠨᠡᠢᠭᠡᠮ ᠨᠡᠢᠲᠡ᠎ᠠᠴᠠ 50 ᠰᠠᠢᠨ ᠲᠤᠷᠠᠴᠤᠳ ᠡᠯᠰᠡᠵᠦ᠍ ᠪᠠᠢᠨ᠎ᠠ᠃ ᠰᠠᠢᠨ ᠲᠤᠷᠠᠴᠤᠳ ᠡᠯᠰᠡᠬᠦ᠌ ᠠᠵᠢᠯ 3 ᠰᠠᠷ᠎ᠠ᠎ᠶ᠋ᠢᠨ 17 ᠎ᠤ ᠡᠲᠦᠷ᠎ᠠᠴᠠ ᠡᠬᠢᠯᠡᠵᠦ᠍ 4 ᠰᠠᠷ᠎ᠠ᠎ᠶ᠋ᠢᠨ 1 ᠎ᠤ ᠡᠲᠦᠷ ᠪᠤᠯᠲᠠᠯ᠎ᠠ ᠶᠠᠪᠤᠭ᠍ᠲᠠᠨ᠎ᠠ᠃
     ● ᠬᠦᠬᠡᠬᠤᠲᠠ ᠡᠨᠡ ᠵᠢᠯ ᠰᠤᠷᠤᠬ᠍ᠴᠢᠳ᠎ᠢ ᠦᠳᠡᠯᠡᠭᠦᠯᠬᠦ᠌ ᠬᠤᠭᠤᠯᠠᠨ᠎ᠤ ᠭᠠᠵᠠᠷ ᠵᠡᠷᠭᠡ᠎ᠶ᠋ᠢ ᠬᠢᠨᠠᠨ ᠬᠠᠮᠢᠶᠠᠷᠬᠤ ᠬᠡᠪᠴᠢᠶᠠᠨ᠎ᠳᠤ ᠤᠷᠤᠭᠤᠯᠤᠨ᠎ᠠ᠃
     ᠳᠠᠷᠠᠭ᠎ᠠ᠎ᠨᠢ ᠰᠤᠶᠣᠯ ᠲᠠᠮᠢᠷ᠎ᠤᠨ ᠮᠡᠳᠡᠭᠡ᠎ᠳᠤ ᠠᠩᠬᠠᠷᠤᠯ᠎ᠢᠶᠠᠨ ᠬᠠᠨᠳᠤᠭᠤᠯᠣᠶ᠎ᠠ
     ● ᠤᠢᠷ᠎ᠠ᠎ᠳᠤ᠂ ᠶᠢᠰᠦᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ (ᠬᠤᠸᠠᠢ ᠶᠠᠩ) ᠪᠤᠳᠠᠰ᠎ᠤᠨ ᠪᠤᠰᠤ ᠰᠤᠶᠤᠯ᠎ᠤᠨ ᠦᠪ᠎ᠤᠨ ᠦᠵᠡᠭᠦᠯᠦᠯᠬᠡ᠎ᠶ᠋ᠢᠨ ᠲᠤᠬ᠍ᠯᠠᠯᠲᠠ ᠾᠧᠨᠠᠨ ᠮᠣᠵᠢ᠎ᠶ᠋ᠢᠨ ᠬᠤᠸᠠᠢ ᠶᠠᠩ ᠱᠢᠶᠠᠨ᠎ᠳᠤ ᠶᠠᠪᠤᠭ᠍ᠳᠠᠪᠠ᠃
     ● 3 ᠰᠠᠷ᠎ᠠ᠎ᠶ᠋ᠢᠨ 19 ᠎ᠤ ᠡᠳᠦᠷ᠂ ᠮᠤᠩᠭᠤᠯ ᠤᠯᠣᠰ᠎ᠤᠨ ᠡᠮᠦᠨ᠎ᠡ ᠭᠤᠪᠢ ᠠᠢᠮᠠᠭ᠎ᠲᠤ ᠪᠤᠯᠣᠬ᠍ᠰᠠᠨ ᠣᠯᠤᠰ ᠪᠠ ᠠᠢᠮᠠᠭ᠎ᠤᠨ ᠴᠣᠯᠠ᠎ᠲᠠᠢ 128 ᠪᠦᠬᠡ᠎ᠶ᠋ᠢᠨ ᠪᠠᠷᠢᠯᠳᠤᠭᠠᠨ᠎ᠳᠤ ᠮᠤᠩᠭᠤᠯ ᠤᠯᠤᠰ᠎ᠤᠨ ᠤᠯᠣᠰ᠎ᠤᠨ ᠠᠷᠰᠯᠠᠨ ᠪᠦᠷᠢᠠᠲᠡᠭᠦᠰ ᠲᠡᠷᠢᠭᠦᠯᠡᠪᠡ᠃
     ᠡᠷᠭᠢᠮ ᠭᠦᠨᠳᠦᠳᠦ ᠰᠤᠨᠤᠰᠤᠭ᠍ᠴᠢᠳ ᠡ᠂ ᠦᠨᠦᠳᠦᠷ᠎ᠤᠨ ᠨᠡᠪᠳᠡᠷᠡᠭᠦᠯᠭᠡ ᠮᠠᠨᠢ ᠡᠢᠨᠭᠦ᠌ ᠦᠨᠳᠦᠷᠯᠡᠵᠤ ᠪᠠᠢᠨ᠎ᠠ᠃ ᠲᠤᠰ ᠳ᠋ᠤᠭᠠᠷ᠎ᠢᠶᠠᠨ ᠪᠢᠳᠡ ᠡᠩᠬᠡᠪᠠᠲᠦ᠎ᠶ᠋ᠢᠨ ᠳᠠᠭᠤᠯᠠᠬ᠍ᠰᠠᠨ 《ᠢᠲᠡᠭᠡᠯ ᠰᠡᠳᠭᠢᠯ》 ᠭᠡᠬᠦ᠌ ᠳᠠᠭᠤᠣ᠎ᠪᠠᠷ ᠵᠢᠷᠭᠠᠭᠠᠵᠥ᠍ ᠪᠠᠢᠨ᠎ᠠ! ᠲᠠ ᠪᠦᠭᠦᠨ᠎ᠤ ᠭᠦᠯᠢᠶᠠᠨ ᠠᠪᠴᠦ᠍ ᠰᠤᠨᠤᠰᠤᠭ᠍ᠰᠠᠨ᠎ᠳᠤ ᠪᠠᠶᠠᠷᠯᠡᠯ᠎ᠡ᠃ ᠲᠠᠷᠠᠭᠠᠴᠢ᠎ᠶ᠋ᠢᠨ ᠳ᠋ᠤᠭᠠᠷ᠎ᠲᠠᠭᠠᠨ ᠲᠠᠭᠢᠨ ᠵᠤᠯᠭᠠᠶ᠎ᠠ᠂ ᠪᠠᠶᠠᠷᠳᠠᠢ!

     
     ᠨᠠᠢᠷᠠᠭᠤᠯᠤᠨ ᠨᠡᠪᠳᠡᠷᠡᠭᠦᠯᠦᠭ᠌ᠴᠢ᠄ ᠦᠯᠵᠡᠢᠪᠠᠳᠤ
     ᠮᠡᠷᠭᠡᠵᠢᠯ᠄ ᠰᠦᠮᠪᠦᠷ
     ᠭᠢᠨᠠᠭ᠍ᠴᠢ᠄ ᠪᠤᠶᠠᠨᠲᠦ


ᠬᠤᠪᠢᠶᠠᠯᠴᠠᠬᠤ᠄
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号