|
|
|
|
|
1 ᠰᠠᠷ᠎ᠠ᠎ᠶ᠋ᠢᠨ 28 ᠤ ᠡᠳᠦᠷ
|
|
|
|
|
ᠡᠬᠢᠯᠡᠬᠦ᠌ ᠴᠠᠭ᠄
2019-01-30 17:15:38
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠬᠢᠮ ᠬᠦᠨᠳᠦᠳᠦ ᠰᠤᠨᠤᠰᠤᠭ᠍ᠴᠢᠳ ᠮᠢᠨᠢ᠂ ᠰᠠᠢᠨ ᠪᠠᠢᠨ᠎ᠠ ᠤᠤ? ᠦᠨᠦᠳᠦᠷ ᠪᠤᠯ 2019 ᠤᠨ᠎ᠤ 1 ᠰᠠᠷ᠎ᠠ᠎ᠶ᠋ᠢᠨ 28᠂ ᠪᠢᠯᠢᠭ᠎ᠤᠨ ᠤᠯᠠᠷᠢᠯ᠎ᠤᠨ ᠱᠢᠷ᠎ᠠ ᠨᠤᠬᠠᠢ ᠵᠢᠯ᠎ᠤᠨ 12 ᠰᠠᠷ᠎ᠠ᠎ᠶ᠋ᠢᠨ 23᠂ ᠭᠠᠷᠠᠭ᠎ᠤᠨ ᠨᠢᠭᠡᠨ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶᠠᠨ᠎ᠤ ᠬᠠᠮ ᠵᠠᠭᠤᠴᠢᠯᠠᠭᠤᠷ᠎ᠤᠨ ᠦᠷᠯᠦᠭᠡ᠎ᠶ᠋ᠢᠨ ᠮᠡᠳᠡᠭᠡ ᠲᠠ ᠪᠦᠭᠦᠨᠲᠠᠢᠪᠠᠨ ᠮᠡᠨᠳᠦᠴᠢᠯᠡᠨ ᠵᠤᠯᠭᠠᠵᠦ᠍ ᠪᠠᠢᠨ᠎ᠠ᠃ ᠴᠠᠭ ᠲᠦᠷᠦ᠎ᠶ᠋ᠢᠨ ᠮᠡᠳᠡᠭᠡ • ᠤᠯᠤᠰ᠎ᠤᠨ ᠲᠡᠷᠢᠬᠦᠯᠡᠭ᠌ᠴᠢ ᠰᠢ᠎ᠶ᠋ᠢᠨ ᠫᠢᠩ 1 ᠰᠠᠷ᠎ᠠ᠎ᠶ᠋ᠢᠨ 27 ᠤ ᠡᠳᠤᠷ ᠹᠷᠠᠨᠼᠢ᠎ᠶ᠋ᠢᠨ ᠶᠡᠷᠤᠩᠬᠡᠢᠯᠡᠭ᠌ᠴᠢ ᠮᠠᠢᠺᠷᠤᠨ᠎ᠲᠠᠢ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠥ᠍᠂ ᠲᠤᠮᠳᠠᠳᠤ ᠹᠷᠠᠨᠼᠢ᠎ᠶ᠋ᠢᠨ ᠬᠠᠷᠢᠯᠴᠠᠭ᠎ᠠ ᠪᠠᠢᠭᠤᠯᠤᠭ᠍ᠰᠠᠠ 55 ᠵᠢᠯ᠎ᠤᠨ ᠤᠢ᠎ᠶ᠋ᠢ ᠪᠡᠯᠬᠡᠯᠡᠪᠡ᠃ • ᠤᠢ᠍ᠢᠷ᠎ᠠ᠎ᠶ᠋ᠢᠨ ᠡᠳᠤᠷ᠂ ᠨᠠᠮ᠎ᠤᠨ ᠲᠦᠪ ᠬᠤᠷᠢᠶ᠎ᠡ 《ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠦᠳᠡᠭᠡ ᠲᠤᠰᠭᠤᠨ᠎ᠤ ᠦᠨᠳᠦᠰᠦᠨ ᠱᠠᠳᠤᠨ᠎ᠤ ᠵᠤᠬᠢᠶᠠᠨ ᠪᠠᠢᠭᠤᠯᠤᠯᠳᠠ᠎ᠶ᠋ᠢᠨ ᠠᠵᠢᠯ᠎ᠤᠨ ᠲᠦᠷᠢᠮ》 ᠢ ᠲᠠᠷᠤᠮᠠᠯᠯᠠᠨ ᠲᠠᠷᠬᠠᠭᠠᠭ᠍ᠰᠠᠨ ᠪᠦᠬᠡᠳ ᠮᠡᠳᠡᠭ᠌ᠳᠡᠯ ᠪᠠᠭᠤᠯᠭᠠᠵᠥ᠍᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷᠤᠨᠬᠢᠨᠢ ᠨᠠᠷᠢᠨ ᠬᠢᠨᠠᠮᠠᠭᠠᠢ ᠵᠢᠷᠤᠮᠯᠠᠨ ᠬᠡᠷᠡᠭ᠌ᠵᠢᠬᠦᠯᠬᠦ᠌ ᠬᠡᠷᠡᠭ᠌ᠳᠡᠢ ᠬᠡᠵᠥ᠍ ᠱᠠᠭᠠᠷᠳᠠᠪᠠ᠃ • ᠤᠢ᠍ᠢᠷ᠎ᠠ᠎ᠶ᠋ᠢᠨ ᠡᠳᠤᠷ᠂ ᠲᠦᠷᠦ᠎ᠶ᠋ᠢᠨ ᠶᠠᠪᠤᠳᠠᠯ᠎ᠤᠨ ᠬᠤᠷᠢᠶ᠎ᠡ 《ᠶᠡᠷᠤᠩᠬᠡᠢᠯᠡᠭ᠌ᠰᠡᠡ ᠭᠠᠢᠯᠢ᠎ᠶ᠋ᠢ ᠪᠠᠳᠤᠯᠠᠬᠤ ᠤᠷᠤᠨ᠎ᠤ ᠦᠨᠳᠤᠷ ᠲᠦᠪᠱᠢᠨ ᠪᠦᠬᠦᠢ ᠨᠡᠬᠡᠬᠡᠯᠳᠡ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ ᠲᠤᠬᠠᠢ ᠰᠠᠨᠠᠯ᠎ᠤᠳ》 ᠢ ᠲᠠᠷᠤᠮᠠᠯᠯᠠᠨ ᠲᠠᠷᠬᠠᠭᠠᠪᠠ᠃ ᠬᠤᠶᠠᠷ ᠬᠤᠷᠠᠯ᠎ᠤᠨ ᠮᠡᠳᠡᠭᠡ • 1 ᠰᠠᠷ᠎ᠠ᠎ᠶ᠋ᠢᠨ 27 ᠤ ᠦᠳᠡ᠎ᠶ᠋ᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢ ᠯᠢ ᠵᠶ᠋ᠢ ᠾᠧᠩ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠭᠠᠠᠨᠤ ᠬᠤᠷᠢᠶᠠᠨ᠎ᠤ ᠬᠤᠶᠠᠳᠤᠭᠠᠷ ᠬᠤᠷᠠᠯ᠎ᠤᠨ ᠰᠤᠷᠭᠠᠨ ᠬᠦᠮᠦᠵᠢᠯ᠂ ᠡᠮ ᠡᠮᠨᠡᠯᠭᠡ᠂ ᠨᠡᠢᠭᠡᠮ᠎ᠤᠨ ᠠᠰᠠᠷᠠᠮᠵᠢ᠂ ᠨᠡᠢᠭᠡᠮ᠎ᠤᠨ ᠪᠠᠳᠤᠯᠠᠭ᠎ᠠ᠂ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠡᠳᠡᠭᠡᠳ᠎ᠤᠨ ᠬᠤᠯᠪᠤᠭᠠᠯᠠᠭ᠍ᠰᠠᠨ ᠶᠠᠷᠢᠯᠴᠠᠭᠠᠨ᠎ᠳᠤ ᠤᠷᠤᠯᠴᠠᠭ᠍ᠰᠠᠨ ᠪᠠᠢᠨ᠎ᠠ᠃ • 1 ᠰᠠᠷ᠎ᠠ᠎ᠶ᠋ᠢᠨ 27 ᠤ ᠦᠳᠡ᠎ᠶ᠋ᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢ ᠯᠢ ᠵᠶ᠋ᠢ ᠾᠧᠩ ᠲᠦᠩᠯᠢᠶᠤᠤ ᠬᠤᠳᠠ᠎ᠶ᠋ᠢᠨ ᠲᠦᠯᠦᠭᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠪᠠ᠃ • 1 ᠰᠠᠷ᠎ᠠ᠎ᠶ᠋ᠢᠨ 27 ᠤ ᠦᠳᠡ᠎ᠶ᠋ᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ᠎ᠤ ᠲᠡᠷᠢᠭᠦᠯᠡᠭ᠌ᠴᠢ ᠪᠦ᠋ ᠱᠢᠶᠤᠤ ᠯᠢᠨ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠭᠠᠠᠨᠤ ᠬᠤᠷᠢᠶᠠᠨ᠎ᠤ ᠬᠤᠶᠠᠳᠤᠭᠠᠷ ᠬᠤᠷᠠᠯ᠎ᠤᠨ ᠠᠵᠤ ᠠᠬᠤᠢ᠎ᠶ᠋ᠢᠨ ᠡᠳᠡᠭᠡᠳ ᠪᠤᠯᠤᠨ ᠦᠢᠯᠡᠳᠪᠦᠷᠢ ᠬᠤᠳᠠᠯᠳᠤᠭᠠᠨ᠎ᠤ ᠬᠤᠯᠪᠤᠭᠠᠨ᠎ᠤ ᠡᠳᠡᠭᠡᠳ᠎ᠤᠨ ᠬᠤᠯᠪᠤᠭᠠᠯᠠᠭ᠍ᠰᠠᠨ ᠲᠤᠭᠤᠢ᠍ᠢᠯᠠᠩ᠎ᠤᠨ ᠶᠠᠷᠢᠯᠴᠠᠭᠠᠨ᠎ᠳᠤ ᠤᠷᠤᠯᠴᠠᠵᠦ᠍ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠲᠤᠬᠠᠢ ᠬᠡᠱᠢᠭᠦᠳ᠎ᠤᠨ ᠰᠠᠨᠠᠯ ᠰᠠᠨᠠᠭᠤᠯᠭ᠎ᠠ᠎ᠶ᠋ᠢ ᠰᠤᠨᠤᠰᠤᠭ᠍ᠰᠠᠨ ᠪᠠᠢᠨ᠎ᠠ᠃ • 1 ᠰᠠᠷ᠎ᠠ᠎ᠶ᠋ᠢᠨ 27 ᠤ ᠦᠳᠡ᠎ᠶ᠋ᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ᠎ᠤ ᠲᠡᠷᠢᠭᠦᠯᠡᠭ᠌ᠴᠢ ᠪᠦ᠋ ᠱᠢᠶᠤᠤ ᠯᠢᠨ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠱᠢᠯᠢ᠎ᠶ᠋ᠢᠨ ᠭᠤᠤᠯ ᠠᠢᠮᠠᠭ᠎ᠤᠨ ᠲᠦᠯᠦᠭᠡᠯᠡᠭ᠌ᠴᠢᠳ᠎ᠤᠨ ᠪᠦᠯᠬᠦᠮ ᠪᠤᠯᠤᠨ ᠪᠠᠶᠠᠨᠨᠠᠭᠤᠷ ᠬᠤᠳᠠ᠎ᠶ᠋ᠢᠨ ᠲᠦᠯᠦᠭᠡᠯᠡᠭ᠌ᠴᠢᠳ᠎ᠤᠨ ᠪᠦᠯᠬᠦᠮ᠎ᠳᠤ ᠬᠦᠷᠴᠦ᠍ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠬᠦ᠌᠎ᠳᠤ ᠤᠷᠤᠯᠴᠠᠪᠠ᠃ • 1 ᠰᠠᠷ᠎ᠠ᠎ᠶ᠋ᠢᠨ 26 ᠤ ᠦᠳᠡ᠎ᠶ᠋ᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠨᠠᠮ᠎ᠤᠨ ᠤᠳᠤᠷᠢᠳᠭᠤ ᠲᠤᠭᠤᠢ᠍ᠢᠯᠠᠩ᠎ᠤᠨ ᠱᠦᠵᠢ ᠯᠢ ᠱᠢᠦ ᠯᠢᠩ ᠤᠯᠤᠰ ᠲᠦᠷᠦ᠎ᠶ᠋ᠢᠨ ᠵᠦᠪᠯᠡᠯᠭᠡᠨ᠎ᠤ ᠬᠡᠱᠢᠭᠦᠳ᠎ᠲᠠᠢ ᠬᠠᠮᠳᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠶᠠᠷᠢᠯᠴᠠᠪᠠ᠃ • 1 ᠰᠠᠷ᠎ᠠ᠎ᠶ᠋ᠢᠨ 28 ᠤ ᠡᠳᠦᠷ᠎ᠤᠨ ᠦᠳᠡ᠎ᠶ᠋ᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠬᠤᠶᠠᠳᠤᠭᠠᠷ ᠪᠦᠬᠦᠳᠡ ᠬᠤᠷᠠᠯ ᠬᠤᠷᠠᠯᠳᠤᠨ᠎ᠠ᠃ • 1 ᠰᠠᠷ᠎ᠠ᠎ᠶ᠋ᠢᠨ 28 ᠤ ᠦᠳᠡ᠎ᠶ᠋ᠢᠨ ᠡᠮᠦᠨ᠎ᠡ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ ᠬᠤᠶᠠᠳᠦᠭᠠᠷ ᠤᠳᠠᠭ᠎ᠠ᠎ᠶ᠋ᠢᠨ ᠬᠤᠷᠠᠯ ᠬᠤᠷᠠᠯᠳᠤᠨ᠎ᠠ᠃ • 1 ᠰᠠᠷ᠎ᠠ᠎ᠶ᠋ᠢᠨ 28 ᠤ ᠦᠳᠡ᠎ᠶ᠋ᠢᠨ ᠬᠤᠢᠨ᠎ᠠ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠬᠢᠨᠠᠨ ᠵᠦᠪᠯᠡᠭᠦ᠌ ᠪᠠ ᠵᠢᠱ᠌ᠢᠭ᠌ᠳᠡᠭ᠌ᠰᠡᠳ᠎ᠤᠨ ᠨᠡᠷᠡᠰ᠎ᠢ ᠵᠦᠪᠳᠡᠨ ᠶᠠᠷᠢᠯᠴᠠᠨ᠎ᠠ᠃ • 1 ᠰᠠᠷ᠎ᠠ᠎ᠶ᠋ᠢᠨ 28 ᠤ ᠦᠳᠡ᠎ᠶ᠋ᠢᠨ ᠬᠤᠢᠨ᠎ᠠ᠂ ᠡᠳ᠋᠎ᠤᠨ ᠵᠠᠰᠠᠭ ᠠᠵᠤ ᠠᠬᠤᠢ᠎ᠶ᠋ᠢᠨ ᠵᠦᠪᠯᠡᠯ᠎ᠤᠨ ᠬᠤᠷᠠᠯ ᠬᠤᠷᠠᠯᠳᠤᠨ᠎ᠠ᠃ ᠲᠦᠯᠦᠪᠯᠡᠭᠡ᠂ ᠲᠦᠰᠦᠪ᠎ᠤᠨ ᠲᠦᠰᠦᠯ᠎ᠢ ᠬᠢᠨᠠᠨ ᠪᠠᠢᠴᠠᠭᠠᠵᠤ᠂ ᠲᠦᠯᠦᠪᠯᠡᠭᠡ᠂ ᠲᠦᠰᠦᠪ᠎ᠤᠨ ᠲᠦᠰᠦᠯ᠎ᠤᠨ ᠬᠢᠨᠠᠨ ᠪᠠᠢᠴᠠᠭᠠᠬ᠍ᠰᠠᠨ ᠦᠷ᠎ᠠ ᠳ᠋ᠦᠩ᠎ᠤᠨ ᠲᠤᠬᠠᠢ ᠮᠡᠳᠡᠭᠦᠯᠦᠯᠳᠡ᠎ᠶ᠋ᠢᠨ ᠲᠦᠰᠦᠯ ᠂ ᠱᠢᠢᠳᠪᠦᠷᠢ᠎ᠶ᠋ᠢᠨ ᠲᠦᠰᠦᠯ᠎ᠢ ᠬᠢᠨᠠᠨ ᠲᠤᠬ᠍ᠳᠠᠭᠠᠵᠤ᠂ ᠲᠡᠷᠢᠭᠦᠯᠡᠭ᠌ᠴᠢᠳ᠎ᠤᠨ ᠪᠦᠯᠬᠦᠮ᠎ᠤᠨ ᠬᠤᠷᠠᠯ᠎ᠳᠤ ᠲᠡᠪᠱᠢᠭᠦᠯᠦᠨ ᠬᠢᠨᠡᠨ ᠵᠦᠪᠯᠡᠨ᠎ᠠ᠃ ᠨᠡᠢᠭᠡᠮ᠎ᠤᠨ ᠰᠤᠨᠢᠨ ᠮᠡᠳᠡᠭᠡ • ᠨᠢᠳᠤᠨᠤᠨ ᠪᠦᠬᠦ᠌ ᠤᠷᠤᠨ᠎ᠢᠶᠠᠷ᠎ᠢᠶᠠᠨ ᠡᠯ᠎ᠡ ᠱᠠᠳᠤᠨ᠎ᠤ ᠡᠯ᠎ᠡ ᠲᠦᠷᠦᠯ᠎ᠤᠨ ᠰᠤᠷᠤᠭ᠍ᠴᠢ᠎ᠶ᠋ᠢ 516.8 ᠲᠦᠮᠡᠨ ᠬᠦᠮᠦᠨ ᠤᠳᠠᠭ᠎ᠠ ᠲᠤᠰᠠᠯᠠᠵᠦ᠍᠂ ᠲᠤᠰᠠᠯᠠᠭ᠍ᠰᠠᠨ ᠵᠤᠭᠤᠰ ᠮᠦᠩᠭᠦ᠎ᠨᠢ 56.56 ᠳ᠋ᠦᠩᠱᠢᠭᠤᠷ ᠲᠦᠭᠦᠷᠢᠭ᠎ᠲᠤ ᠬᠦᠷᠪᠡ᠃ • ᠤᠢ᠍ᠢᠯᠠᠭᠠᠭ᠍ᠰᠠᠨ᠎ᠢᠶᠠᠷ᠂ ᠨᠢᠳᠦᠨᠤᠨ ᠵᠢᠯ ᠮᠠᠨ᠎ᠤ ᠤᠷᠤᠨ᠎ᠤ ᠵᠢᠭᠤᠯᠴᠢᠯᠠᠯ᠎ᠤᠨ ᠦᠢᠯᠡᠰ᠎ᠤᠨ ᠬᠦᠭ᠌ᠵᠢᠯᠲᠡ᠎ᠶ᠋ᠢᠨ ᠬᠠᠨᠳᠤᠰᠢ ᠮᠠᠰᠢ ᠰᠠᠢᠨ ᠪᠠᠢᠵᠤ᠂ ᠨᠡᠢᠲᠡ 13044 ᠲᠦᠮᠡᠨ ᠬᠦᠮᠦᠨ (ᠤᠳᠠᠭ᠎ᠠ) ᠶ᠋ᠢᠨ ᠵᠢᠭᠤᠯᠴᠢᠯᠠᠬ᠍ᠰᠠᠳ᠎ᠢ ᠬᠦᠯᠢᠶᠡᠨ ᠠᠪᠴᠤ᠌᠂ 4011.37 ᠳ᠋ᠦᠩᠱᠢᠭᠤᠷ ᠲᠦᠭᠦᠷᠢᠭ᠎ᠤᠨ ᠵᠢᠭᠤᠯᠴᠢᠯᠠᠯ᠎ᠤᠨ ᠤᠷᠤᠯᠭ᠎ᠠ᠎ᠶ᠋ᠢ ᠡᠭᠦᠳᠦᠭ᠌ᠰᠡᠨ ᠪᠠᠢᠨ᠎ᠠ᠃ • 2018 ᠤᠨ᠎ᠤ ᠡᠴᠤᠰ ᠪᠤᠯᠳᠠᠯ᠎ᠠ᠂ ᠪᠦᠬᠦ᠌ ᠤᠯᠤᠰ᠎ᠤᠨ 31 ᠮᠤᠵᠢ (ᠤᠷᠤᠨ᠂ ᠬᠤᠳᠠ) ᠴᠦᠮ ᠮᠤᠵᠢ᠎ᠶ᠋ᠢᠨ ᠱᠠᠳᠤᠨ᠎ᠤ ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠠᠵᠢᠯ᠎ᠤᠨ ᠶᠠᠪᠤᠳᠠᠯ᠎ᠤᠨ ᠲᠢᠩᠬᠢᠮ (ᠲᠤᠪᠴᠢᠶ᠎ᠠ) ᠪᠠᠢᠭᠤᠯᠵᠤ᠂ ᠬᠤᠳᠠ᠂ ᠱᠢᠶᠠᠨ᠎ᠠᠴᠠ ᠲᠤᠭᠤᠭ᠍ᠰᠢᠬᠢ ᠪᠠᠢᠭᠤᠯᠤᠮᠵᠢ᠎ᠶ᠋ᠢ ᠵᠤᠬᠢᠶᠠᠨ ᠪᠠᠢᠭᠤᠯᠬᠤ ᠠᠵᠢᠯ ᠴᠦ᠍ ᠲᠦᠯᠤᠪᠯᠡᠭᠡ ᠶᠤᠰᠤᠭᠠᠷ ᠶᠠᠪᠤᠭ᠍ᠳᠠᠵᠤ ᠪᠠᠢᠨ᠎ᠠ᠃ • 1 ᠰᠠᠷ᠎ᠠ᠎ᠶ᠋ᠢᠨ 3 ᠤ ᠡᠳᠦᠷ᠎ᠠᠴᠠ ᠰᠦᠯᠵᠢᠶᠡᠨ᠎ᠤ ᠤᠷᠴᠢᠨ᠎ᠢ ᠵᠠᠰᠠᠨ ᠴᠡᠭ᠌ᠴᠡᠯᠡᠬᠦ᠌ ᠲᠤᠰᠭᠠᠢ ᠲᠦᠷᠦᠯ᠎ᠤᠨ ᠠᠵᠢᠯᠯᠠᠭ᠎ᠠ᠎ᠶ᠋ᠢ ᠶᠠᠪᠤᠭ᠍ᠳᠠᠭᠤᠯᠤᠭ᠍ᠰᠠᠨ᠎ᠠᠴᠠ ᠨᠠᠰᠢ ᠤᠳᠤ ᠪᠤᠯᠳᠠᠯ᠎ᠠ 709.7 ᠲᠦᠮᠡᠨ ᠮᠡᠳᠡᠭᠡ ᠵᠠᠩᠬᠢ᠎ᠶ᠋ᠢ ᠴᠡᠪᠡᠷᠯᠡᠵᠦ᠍᠂ ᠬᠠᠤᠯᠢ ᠲᠦᠷᠢᠮ ᠵᠦᠷᠢᠴᠡᠭ᠌ᠰᠡᠨ 30.8 ᠲᠦᠮᠡᠨ ᠲᠠᠩᠰᠠᠯᠠᠭᠤᠯᠤᠭ᠍ᠰᠠᠨ ᠳ᠋ᠤᠭᠠᠷ᠎ᠢ ᠬᠦᠴᠦᠨ ᠦᠭᠡᠢ ᠪᠤᠯᠭᠠᠵᠦ᠍᠂ 733 ᠰᠦᠯᠵᠢᠶᠡᠨ ᠦᠷᠳᠡᠭᠡ᠎ᠶ᠋ᠢ ᠬᠠᠭᠠᠯᠭᠠᠵᠦ᠍᠂ 9382 ᠬᠡᠷᠡᠭ᠌ᠯᠡᠭᠡᠨ᠎ᠤ ᠲᠤᠨᠤᠭ᠎ᠢ ᠴᠡᠪᠡᠷᠯᠡᠵᠦ᠍᠂ ᠢᠯᠡᠴᠢᠯᠡᠨ ᠮᠡᠳᠡᠭᠦᠯᠦᠭ᠌ᠰᠡᠨ 5.3 ᠲᠦᠮᠡᠨ ᠵᠤᠷᠪᠤᠰ ᠬᠡᠷᠡᠭ᠎ᠢ ᠬᠦᠯᠢᠶᠡᠨ ᠠᠪᠴᠦ᠍ ᠱᠢᠢᠳᠪᠦᠷᠢᠯᠡᠪᠡ᠃ • 1 ᠰᠠᠷ᠎ᠠ᠎ᠶ᠋ᠢᠨ 22 ᠤᠨ ᠡᠳᠤᠷ᠎ᠤᠨ 10 ᠴᠠᠭ 10 ᠮᠢᠨᠦ᠋ᠲ᠎ᠤᠨ ᠦᠶ᠎ᠠ᠎ᠪᠠᠷ᠂ 《ᠬᠥᠬᠢᠬᠦᠯᠤᠯ᠎ᠤᠨ ᠪᠢᠴᠢᠭ 680》 ᠱᠢᠯᠭᠠᠬᠤ ᠨᠢᠰᠭᠡᠯ ᠪᠡᠭᠡᠵᠢᠩ᠎ᠤᠨ ᠳ᠋ᠠ ᠱᠢᠩ᠎ᠤᠨ ᠤᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠪᠠᠷᠠᠭᠤᠨ ᠲᠤᠭᠤᠷᠢᠭ᠎ᠤᠨ ᠪᠠᠷᠠᠭᠤᠨ ᠨᠢᠭᠡᠳᠤᠭᠡᠷ ᠬᠥᠶᠤᠯᠳᠠ᠎ᠶ᠋ᠢᠨ ᠵᠠᠮ᠎ᠳᠤ ᠯᠠᠪᠳᠠᠭᠤᠬᠠᠨ ᠭᠠᠵᠠᠷᠳᠠᠵᠤ᠂ ᠲᠤᠰ ᠨᠢᠰᠭᠡᠯ᠎ᠤᠨ ᠪᠠᠭᠤᠳᠠᠯ᠎ᠳᠤ ᠨᠢᠰᠭᠡᠯ ᠠᠩᠬ᠎ᠠ ᠤᠳᠠᠭ᠎ᠠ ᠭᠠᠵᠠᠷᠳᠠᠭ᠍ᠰᠠᠨ ᠤᠷᠤᠮ ᠮᠦᠷ᠎ᠢ ᠦᠯᠡᠳᠡᠭᠡᠪᠠ᠃ ᠲᠦᠷᠤᠬᠦᠤ ᠤᠳᠠᠭᠠᠨ᠎ᠤ ᠱᠢᠯᠭᠠᠬᠤ ᠡᠬᠦᠷᠭᠡ᠎ᠶ᠋ᠢ ᠲᠡᠬᠦᠰ ᠠᠮᠵᠢᠯᠳᠠᠳᠠᠢ ᠪᠡᠶᠡᠯᠡᠬᠦᠯᠦᠭ᠌ᠰᠡᠨ ᠶᠠᠪᠤᠳᠠᠯ᠎ᠨᠢ ᠳ᠋ᠠ ᠱᠢᠩ᠎ᠤᠨ ᠤᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠪᠠᠷᠢᠯᠭ᠎ᠠ᠎ᠶ᠋ᠢᠨ ᠪᠦᠳᠤᠭᠡᠨ ᠪᠠᠢᠭᠤᠯᠤᠯᠳᠡ᠎ᠶ᠋ᠢᠨ ᠱᠢᠯᠭᠠᠨ ᠠᠪᠴᠤ᠌ ᠱᠢᠯᠵᠢᠬᠦᠯᠤᠨ ᠲᠤᠱᠢᠶᠠᠬᠤ ᠱᠠᠳᠤᠨ᠎ᠳᠤ ᠤᠷᠤᠮᠠᠷ ᠪᠠᠢᠬᠤ᠎ᠶ᠋ᠢ ᠬᠠᠷᠠᠭᠤᠯᠵᠤ ᠪᠠᠢᠨ᠎ᠠ᠃ • ᠤᠢ᠍ᠢᠯᠠᠭᠠᠭ᠍ᠰᠠᠨ᠎ᠢᠶᠠᠷ᠂ 2018 ᠤᠨ᠎ᠳᠤ ᠱᠢᠯᠢ᠎ᠶ᠋ᠢᠨ ᠭᠤᠤᠯ ᠠᠢᠮᠠᠭ 148 ᠠᠢᠮᠠᠭ᠎ᠤᠨ ᠲᠡᠰ᠎ᠤᠨ ᠭᠤᠤᠯᠳᠠᠯᠭ᠎ᠠ᠎ᠳᠤ ᠲᠦᠷᠦᠯ ᠵᠦᠢᠯ᠎ᠤᠨ 138 ᠨᠢ ᠪᠠᠷᠢᠯᠭ᠎ᠠ ᠡᠬᠢᠯᠡᠭᠦᠯᠵᠦ᠍᠂ ᠪᠠᠷᠢᠯᠭ᠎ᠠ ᠡᠬᠢᠯᠡᠭᠦᠯᠦᠭ᠌ᠰᠡᠨ ᠨᠤᠷᠮ᠎ᠠ 93% ᠳᠤ ᠬᠦᠷᠴᠦ᠍᠂ ᠦᠪᠡᠷᠳᠡᠭᠡᠨ ᠵᠠᠰᠠᠬᠤ ᠤᠷᠤᠨ᠎ᠠᠴᠠ ᠪᠠᠭᠤᠯᠭᠠᠭ᠍ᠰᠠᠨ ᠬᠠᠷᠠᠯᠳᠠ ᠡᠭᠦᠷᠭᠡ᠎ᠪᠠᠨ ᠲᠠᠪᠠᠭᠤᠯᠤᠨ ᠪᠡᠶᠡᠯᠡᠭᠦᠯᠵᠡᠢ᠃ • ᠪᠠᠶᠠᠨᠨᠠᠭᠤᠷ ᠬᠤᠳᠠ᠎ᠶ᠋ᠢᠨ ᠤᠷᠠᠳ᠎ᠤᠨ ᠲᠤᠮᠳᠠᠳᠤ ᠬᠤᠱᠢᠭᠤ ᠦᠨᠳᠦᠰᠦᠳᠡᠨ᠎ᠤ ᠰᠤᠶᠤᠯ᠎ᠤᠨ ᠠᠵᠤ ᠦᠢᠯᠡᠰ᠎ᠤᠨ ᠦᠢᠯᠡᠰ ᠪᠤᠰᠭᠠᠨ ᠱᠢᠨ᠎ᠡ᠎ᠶ᠋ᠢ ᠡᠭᠦᠳᠴᠦ᠍ ᠵᠢᠱ᠌ᠢᠶ᠎ᠠ ᠦᠵᠡᠭᠦᠯᠬᠦ᠌ ᠰᠠᠭᠤᠷᠢᠨ᠎ᠢ ᠪᠠᠢᠭᠤᠯᠤᠨ ᠠᠱᠢᠭ᠍ᠯᠠᠯᠳᠠᠳᠤ ᠤᠷᠤᠭᠤᠯᠵᠦ᠍᠂ ᠨᠡᠢᠳᠡ 23 ᠠᠵᠤ ᠠᠬᠤᠢ᠍ᠢᠯᠠᠯ ᠪᠠ ᠬᠤᠳᠠᠯᠳᠤᠭᠠᠨ᠎ᠤ ᠡᠪᠯᠡᠯ ᠲᠤᠰ ᠰᠠᠭᠤᠷᠢᠨ᠎ᠳᠤ ᠨᠤᠳᠤᠭ᠍ᠰᠢᠵᠦ᠍᠂ ᠨᠡᠢᠳᠡ 317 ᠮᠠᠯᠴᠢᠨ ᠲᠡᠷᠢᠶᠡᠴᠢᠨ᠂ ᠶᠡᠭᠡ ᠰᠤᠷᠭᠠᠭᠤᠯᠢ᠎ᠶ᠋ᠢᠨ ᠤᠶᠤᠳᠠᠨ᠂ ᠨᠤᠳᠤᠭ᠎ᠲᠠᠭᠠᠨ ᠪᠤᠴᠠᠵᠦ᠍ ᠦᠢᠯᠡᠰ ᠪᠤᠰᠭᠠᠬᠤ ᠰᠠᠨᠠᠭ᠎ᠠ᠎ᠲᠠᠢ ᠬᠦᠮᠦᠰ᠎ᠢ ᠲᠠᠢᠴᠢᠯᠠᠨ ᠠᠵᠢᠯ ᠤᠯᠭᠤᠵᠦ᠍ ᠦᠢᠯᠡᠰ ᠪᠤᠰᠭᠠᠪᠠ᠃ • ᠤᠢ᠍ᠢᠷ᠎ᠠ᠎ᠳᠤ ᠲᠦᠩᠯᠢᠶᠤᠤ ᠬᠤᠳᠠ᠎ᠶ᠋ᠢᠨ ᠬᠤᠷᠴᠢᠨ ᠵᠡᠭᠦᠨ ᠭᠠᠷᠤᠨ ᠬᠤᠢᠳᠤ ᠬᠤᠱᠢᠭᠤ᠎ᠶ᠋ᠢᠨ 128 ᠶᠠᠳᠠᠭᠤ ᠬᠦᠴᠢᠷᠳᠡᠯᠳᠡᠢ ᠡᠷᠦᠬᠡ ᠬᠤᠷᠴᠢᠨ ᠦᠬᠡᠷ᠎ᠤᠨ ᠦᠢᠯᠡᠰ᠎ᠤᠨ ᠬᠢᠵᠠᠭᠠᠷᠳᠤ ᠺᠤᠮᠫᠠᠨᠢ᠎ᠠᠴᠠ ᠲᠦᠷᠦᠭᠦᠦ ᠪᠦᠯᠦᠭ᠎ᠤᠨ ᠠᠱᠢᠭ ᠤᠯᠵᠠᠪᠤᠷᠢ᠎ᠶ᠋ᠢᠨ ᠮᠦᠩᠭᠦ᠎ᠪᠠᠨ ᠬᠤᠪᠢᠶᠠᠷᠢᠯᠠᠵᠦ᠍ ᠠᠪᠤᠪᠠ᠃ • ᠡᠨᠡ ᠵᠢᠯ᠎ᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠬᠦᠳᠡᠭᠡ ᠠᠵᠤ ᠠᠬᠤᠢ ᠬᠥᠳᠡᠭᠡ ᠲᠤᠰᠭᠤᠨ᠎ᠤ ᠶᠠᠮᠤᠨ ᠡᠯ᠎ᠠ ᠲᠠᠯ᠎ᠠ᠎ᠶ᠋ᠢᠨ᠎ᠬᠢᠨ᠎ᠤ ᠬᠥᠴᠤᠨ᠎ᠢ ᠲᠠᠢᠴᠢᠯᠠᠨ ᠵᠤᠬᠢᠶᠠᠨ ᠪᠠᠢᠭᠤᠯᠵᠤ᠂ ᠪᠦᠬᠦ᠌ ᠤᠯᠤᠰ᠎ᠤᠨ ᠬᠥᠳᠡᠭᠡ ᠲᠤᠰᠭᠤᠨ᠎ᠳᠤ 《ᠠᠢᠯ ᠲᠤᠰᠭᠤᠨ ᠪᠦᠬᠦᠨ ᠤᠷᠴᠢᠨ ᠲᠤᠭᠤᠷᠢᠨ᠎ᠢᠶᠠᠨ ᠴᠡᠪᠡᠷᠯᠡᠵᠤ᠂ ᠴᠡᠪ ᠴᠡᠪᠡᠷᠭᠡᠨ᠎ᠢᠶᠠᠷ ᠴᠠᠭᠠᠨ ᠰᠠᠷᠠᠶ᠋ᠢ ᠤᠬ᠍ᠳᠤᠨ᠎ᠠ》 ᠬᠡᠳᠡᠭ᠎ᠢᠶᠠᠷ ᠭᠤᠤᠯ ᠰᠡᠳᠤᠪ ᠪᠤᠯᠭᠠᠵᠤ᠂ ᠠᠢᠯ ᠲᠤᠰᠭᠤᠨ᠎ᠢ ᠴᠡᠪᠡᠷᠯᠡᠬᠦ᠌ ᠠᠵᠢᠯᠯᠠᠭ᠎ᠠ᠎ᠶ᠋ᠢ ᠦᠷᠭᠡᠨ᠎ᠢᠶᠠᠷ ᠦᠷᠨᠢᠬᠦᠯᠤᠨ᠂ ᠡᠨᠡ ᠵᠢᠯ᠎ᠤᠨ ᠬᠥᠳᠡᠭᠡ ᠲᠤᠰᠭᠤᠨ᠎ᠤ ᠤᠷᠤᠱᠢᠨ ᠠᠮᠢᠳᠤᠷᠠᠬᠤ ᠤᠷᠴᠢᠨ ᠨᠦᠬᠦᠴᠡᠯ᠎ᠢ ᠴᠡᠭ᠌ᠴᠡᠯᠡᠨ ᠵᠠᠰᠠᠬᠤ ᠠᠩᠬᠠᠨ᠎ᠤ ᠲᠠᠢᠯᠠᠯᠳᠤᠭᠠᠨ᠎ᠢ ᠰᠠᠢᠳᠤᠷ ᠬᠢᠵᠤ᠂ ᠬᠥᠳᠡᠭᠡ ᠲᠤᠰᠭᠤᠨ᠎ᠤ ᠤᠷᠤᠱᠢᠨ ᠠᠮᠢᠳᠤᠷᠠᠬᠤ ᠤᠷᠴᠢᠨ ᠨᠦᠬᠦᠴᠡᠯ᠎ᠢ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢᠷᠡᠭᠦᠯᠬᠦ᠌ ᠲᠡᠰᠢ ᠲᠦᠷᠭᠡᠳᠭᠡᠨ ᠠᠬᠢᠭᠤᠯᠵᠤ ᠪᠠᠢᠨ᠎ᠠ᠃ • ᠤᠢ᠍ᠢᠯᠠᠭᠠᠭ᠍ᠰᠠᠨ᠎ᠢᠶᠠᠷ᠂ 2018 ᠤᠨ᠎ᠤ ᠵᠢᠯ᠎ᠤᠨ ᠡᠴᠦᠰ ᠪᠤᠯᠳᠠᠯ᠎ᠠ᠂ ᠪᠦᠬᠦ᠌ ᠤᠯᠤᠰ᠎ᠲᠤ ᠬᠦᠳᠡᠭᠡ ᠲᠤᠰᠭᠤᠨ᠎ᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠳᠤᠯᠠᠭ᠎ᠠ ᠬᠦᠷᠳᠡᠵᠦ᠍ ᠪᠠᠢᠭ᠎ᠠ ᠬᠦᠮᠦᠨ ᠨᠡᠢᠳᠡ 3519.7 ᠲᠦᠮᠡ ᠪᠠᠢᠵᠦ᠍᠂ ᠬᠦᠳᠡᠭᠡ ᠲᠤᠰᠭᠤᠨ᠎ᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠳᠤᠯᠠᠭ᠎ᠠ᠎ᠶ᠋ᠢᠨ ᠪᠠᠷᠢᠮᠵᠢᠶ᠎ᠠ᠎ᠨᠢ ᠬᠦᠮᠦᠨ ᠪᠦᠷᠢ᠎ᠶ᠋ᠢᠨ ᠵᠢᠯ᠎ᠤᠨ 4833 ᠲᠦᠭᠦᠷᠢᠭ᠎ᠲᠤ ᠬᠦᠷᠴᠡᠢ᠃ ᠰᠤᠶᠤᠯ ᠲᠠᠮᠢᠷ᠎ᠤᠨ ᠮᠡᠳᠡᠭᠡ • 2019 ᠤᠨ᠎ᠤ WCBA ᠶ᠋ᠢᠨ ᠤᠳᠤᠳ᠎ᠤᠨ ᠭᠠᠷᠠᠭ᠎ᠤᠨ ᠠᠵᠢᠯᠯᠠᠭ᠎ᠠ 1 ᠰᠠᠷ᠎ᠠ᠎ᠶ᠋ᠢᠨ 26 ᠠᠴᠠ 27 ᠤ ᠡᠳᠦᠷ ᠪᠤᠯᠳᠠᠯ᠎ᠠ ᠬᠦᠬᠡᠬᠤᠳᠠ᠎ᠳᠤ ᠶᠠᠪᠤᠭ᠍ᠳᠠᠵᠠᠢ᠃ ᠲᠤᠮᠳᠠᠳᠤ ᠤᠯᠤᠰ᠎ᠤᠨ ᠰᠠᠭ᠍ᠰᠤᠨ ᠪᠦᠮᠪᠦᠭᠡ᠎ᠶ᠋ᠢᠨ ᠨᠡᠢᠭᠡᠮᠯᠢᠭ᠎ᠤᠨ ᠲᠡᠷᠢᠭᠦᠯᠡᠭ᠌ᠴᠢ ᠶᠤᠤ ᠮᠢᠩ ᠬᠦᠬᠡᠬᠤᠳᠠ᠎ᠳᠤ ᠰᠠᠭᠠᠳᠠᠵᠦ᠍ ᠲᠤᠰ ᠠᠵᠢᠯᠯᠠᠭᠠᠨ᠎ᠳᠤ ᠤᠷᠤᠯᠴᠠᠪᠠ᠃ ᠦᠢᠯᠡᠴᠢᠯᠡᠬᠡᠨ᠎ᠤ ᠮᠡᠳᠡᠭᠡ • ᠢᠷᠡᠬᠦ᠌ ᠲᠠᠪᠤᠨ ᠬᠤᠨᠤᠭ᠎ᠲᠤ ᠬᠦᠢᠳᠡᠨ ᠤᠷᠤᠰᠭᠠᠯ᠎ᠤᠨ ᠨᠦᠯᠦᠭᠡ᠎ᠪᠠᠷ ᠮᠠᠨ᠎ᠤ ᠤᠷᠤᠨ᠎ᠳᠤ ᠬᠤᠶᠠᠷ ᠤᠳᠠᠭ᠎ᠠ ᠲᠡᠭ᠌ᠷᠢ ᠬᠦᠢᠳᠡᠷᠡᠵᠦ᠍᠂ ᠰᠠᠯᠬᠢ ᠰᠠᠯᠬᠢᠯᠠᠨ᠂ ᠬᠡᠰᠡᠭ ᠭᠠᠵᠠᠷ᠎ᠲᠤ ᠡᠯᠡᠰᠦ ᠲᠤᠭᠤᠰᠤ᠎ᠲᠠᠢ ᠠᠭᠤᠷ ᠠᠮᠢᠰᠭᠤᠯ ᠢᠯᠡᠷᠡᠬᠦ᠌ ᠪᠤᠯᠤᠨ᠎ᠠ᠃ ᠦᠪᠦᠷ ᠮᠤᠩᠭᠤᠯ᠎ᠤᠨ ᠴᠠᠭ ᠠᠭᠤᠷ᠎ᠤᠨ ᠲᠤᠪᠴᠢᠶ᠎ᠠ 27 ᠤ ᠡᠳᠦᠷ ᠶᠡᠭᠡ ᠰᠠᠯᠬᠢᠨ᠎ᠤ ᠬᠦᠭᠡ ᠦᠩᠭᠡ᠎ᠶ᠋ᠢᠨ ᠰᠡᠷᠡᠮᠵᠢ᠎ᠶ᠋ᠢᠨ ᠲᠤᠬᠢᠶ᠎ᠠ ᠨᠡᠢᠳᠡᠯᠡᠭ᠌ᠰᠡᠨ ᠪᠠᠢᠨ᠎ᠠ᠃ ᠤᠨᠴᠠᠭᠠᠢᠯᠠᠨ 29 ᠤ ᠡᠳᠦᠷ᠎ᠠᠴᠠ ᠡᠬᠢᠯᠡᠨ ᠬᠦᠢᠳᠡᠨ ᠤᠷᠤᠰᠭᠠᠯ᠎ᠤᠨ ᠨᠦᠯᠦᠭᠡ᠎ᠪᠠᠷ ᠮᠠᠨ᠎ᠤ ᠤᠷᠤᠨ᠎ᠤ ᠶᠡᠬᠡᠩᠬᠢ ᠭᠠᠵᠠᠷ᠎ᠤᠨ ᠲᠤᠯᠠᠭᠠᠨ᠎ᠤ ᠬᠡᠮᠵᠢᠶ᠎ᠡ 6 ᠠᠴᠠ 8 ᠭᠷᠠᠳᠦ᠋ᠰ ᠲᠤᠷᠤᠭ᠍ᠰᠢᠯᠠᠵᠦ᠍᠂ ᠬᠡᠰᠡᠭ ᠭᠠᠵᠠᠷ 10 ᠭᠷᠠᠳᠦ᠋ᠰ ᠲᠤᠷᠤᠭ᠍ᠰᠢᠯᠠᠨᠠ᠃ ᠡᠭᠦᠨ᠎ᠤ ᠲᠠᠭᠠᠤ 5 ᠲᠡᠰ᠎ᠠᠴᠠ ᠲᠡᠭᠡᠭ᠌ᠰᠢ ᠰᠠᠯᠬᠢ ᠰᠠᠯᠬᠢᠯᠠᠨ᠂ ᠲᠤᠮᠳᠠ ᠪᠠᠷᠠᠭᠤᠨ ᠪᠡᠶ᠎ᠡ᠎ᠶ᠋ᠢᠨ ᠶᠡᠬᠡᠩᠬᠢ ᠭᠠᠵᠠᠷ᠎ᠲᠤ ᠲᠤᠭᠤᠰᠤ ᠮᠠᠨᠠᠨ ᠲᠡᠭ᠌ᠳᠡᠨᠡ᠃ ᠦᠨᠦᠳᠦᠷ᠎ᠤᠨ ᠨᠡᠪᠳᠡᠷᠡᠭᠦᠯᠭᠡ ᠮᠠᠨᠢ ᠡᠢᠨᠬᠦ᠌ ᠦᠨᠳᠦᠷᠯᠡᠵᠦ᠍ ᠪᠠᠢᠨ᠎ᠠ᠃ ᠮᠡᠳᠡᠭᠡ᠎ᠶ᠋ᠢ ᠮᠢᠨᠢ ᠬᠦᠯᠢᠶᠠᠨ ᠰᠤᠨᠤᠰᠴᠤ᠌᠂ ᠤᠷᠮ᠎ᠠ ᠬᠠᠢᠷᠠᠯᠠᠭ᠍ᠰᠠᠨ ᠲᠠ ᠪᠦᠬᠦᠨ᠎ᠳᠡᠭᠡᠨ ᠠᠵᠠ ᠵᠢᠷᠭᠠᠯ ᠬᠦᠰᠡᠨ 《ᠮᠢᠨᠤ ᠦᠪᠦᠷ ᠮᠤᠩᠭᠤᠯ》 ᠳᠠᠭᠤᠤ᠎ᠪᠠᠷ ᠠᠶ᠎ᠠ ᠪᠠᠷᠢᠵᠦ᠍ ᠨᠡᠪᠲᠡᠷᠡᠬᠦᠯᠭᠡ᠎ᠪᠠᠨ ᠵᠢᠷᠭᠠᠭᠠᠶ᠎ᠠ! ᠪᠠᠶᠠᠷᠲᠠᠢ! ᠨᠠᠢᠷᠠᠭᠤᠯᠤᠨ ᠨᠡᠪᠲᠡᠷᠡᠭᠦᠯᠦᠭ᠌ᠴᠢ᠄ ᠪᠤᠯᠤᠷ ᠮᠡᠷᠭᠡᠵᠢᠯ᠄ ᠠᠯᠤᠰ ᠬᠢᠨᠠᠭ᠍ᠴᠢ᠄ ᠲᠦᠮᠡᠨᠬᠡᠱᠢᠭ |
|
|
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|