|
|
|
|
|
1 ᠰᠠᠷ᠎ᠠ᠎ᠶ᠋ᠢᠨ 27 ᠤ ᠡᠳᠦᠷ
|
|
|
|
|
ᠡᠬᠢᠯᠡᠬᠦ᠌ ᠴᠠᠭ᠄
2019-01-30 17:14:17
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠬᠢᠮ ᠬᠦᠨᠳᠦᠳᠦ ᠰᠤᠨᠤᠰᠤᠭ᠍ᠴᠢᠳ ᠮᠢᠨᠢ᠂ ᠰᠠᠢᠨ ᠪᠠᠢᠨ᠎ᠠ ᠤᠤ? ᠦᠨᠦᠳᠦᠷ ᠪᠤᠯ 2019 ᠤᠨ᠎ᠤ 1 ᠰᠠᠷ᠎ᠠ᠎ᠶ᠋ᠢᠨ 27᠂ ᠪᠢᠯᠢᠭ᠎ᠤᠨ ᠤᠯᠠᠷᠢᠯ᠎ᠤᠨ ᠱᠢᠷ᠎ᠠ ᠨᠤᠬᠠᠢ ᠵᠢᠯ᠎ᠤᠨ 12 ᠰᠠᠷ᠎ᠠ᠎ᠶ᠋ᠢᠨ 22᠂ ᠭᠠᠷᠠᠭ᠎ᠤᠨ ᠡᠳᠦᠷ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶᠠᠨ᠎ᠤ ᠬᠠᠮ ᠵᠠᠭᠤᠴᠢᠯᠠᠭᠤᠷ᠎ᠤᠨ ᠦᠷᠯᠦᠭᠡ᠎ᠶ᠋ᠢᠨ ᠮᠡᠳᠡᠭᠡ ᠲᠠ ᠪᠦᠭᠦᠨᠲᠠᠢᠪᠠᠨ ᠮᠡᠨᠳᠦᠴᠢᠯᠡᠨ ᠵᠤᠯᠭᠠᠵᠦ᠍ ᠪᠠᠢᠨ᠎ᠠ᠃ ᠴᠠᠭ ᠲᠦᠷᠦ᠎ᠶ᠋ᠢᠨ ᠮᠡᠳᠡᠭᠡ • ᠤᠯᠤᠰ᠎ᠤᠨ ᠲᠡᠷᠢᠬᠦᠯᠡᠭ᠌ᠴᠢ ᠰᠢ᠎ᠶ᠋ᠢᠨ ᠫᠢᠩ 1 ᠰᠠᠷ᠎ᠠ᠎ᠶ᠋ᠢᠨ 26 ᠤ ᠡᠳᠤᠷ ᠪᠷᠠᠽᠢᠯ᠎ᠤᠨ ᠮᠢᠨᠠᠰ ᠿᠧᠷᠠᠢᠰ ᠵᠸᠥ᠎ᠶ᠋ᠢᠨ ᠠᠭᠤᠷᠬᠠᠢ᠎ᠶ᠋ᠢᠨ ᠬᠠᠱᠢᠯᠭ᠎ᠠ ᠰᠡᠳᠡᠷᠡᠵᠥ᠍ ᠤᠯᠠᠨ ᠬᠦᠮᠥᠨ ᠦᠬᠦᠵᠥ᠍ ᠱᠢᠷᠬᠠᠳᠤᠭ᠍ᠰᠠᠠ ᠲᠤᠬᠠᠢ ᠪᠷᠠᠽᠢᠯ᠎ᠤᠨ ᠶᠡᠷᠤᠩᠬᠡᠢᠯᠡᠭ᠌ᠴᠢ ᠪᠤᠰᠦ᠋ᠨᠠᠷᠣ᠌ᠳᠤ ᠲᠤᠬᠤᠨᠢᠭᠤᠯᠬᠤ ᠴᠠᠬᠢᠯᠭᠠᠨ ᠶᠠᠪᠤᠭᠤᠯᠪᠠ᠃ • ᠨᠠᠮ᠎ᠤᠨ ᠲᠦᠪ ᠬᠤᠷᠢᠶᠠᠨ᠎ᠤ ᠶᠠᠷᠤᠩᠭᠡᠢ ᠱᠦᠵᠢ᠂ ᠤᠯᠤᠰ᠎ᠤᠨ ᠲᠡᠷᠢᠬᠦᠯᠡᠭ᠌ᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠬᠦᠯᠡᠭ᠌ᠴᠢ ᠰᠢ᠎ᠶ᠋ᠢᠨ ᠫᠢᠩ 25 ᠤ ᠦᠳᠡ᠎ᠶ᠋ᠢᠨ ᠡᠮᠦᠨ᠎ᠡ ᠨᠠᠮ᠎ᠤᠨ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶᠠᠨ᠎ᠤ ᠠᠷᠪᠡᠨ ᠬᠤᠶᠠᠳᠤᠭᠠᠷ ᠤᠳᠠᠭ᠎ᠠ᠎ᠶ᠋ᠢᠨ ᠬᠠᠮᠳᠤ᠎ᠶ᠋ᠢᠨ ᠰᠤᠷᠤᠯᠴᠠᠯᠭ᠎ᠠ ᠬᠢᠬᠦ᠌᠎ᠳᠡᠭᠡᠨ ᠴᠢᠬᠤᠯᠠ ᠶᠠᠷᠢᠶ᠎ᠡ ᠲᠡᠯᠪᠢᠵᠤ᠂ ᠪᠦᠬᠦ᠌ ᠤᠯᠤᠰ᠎ᠤᠨ ᠦᠷᠬᠡᠨ ᠤᠯᠠᠨ ᠰᠤᠨᠢᠨ ᠮᠡᠳᠡᠭᠡᠨ᠎ᠤ ᠠᠵᠢᠯᠳᠠᠨ᠎ᠳᠤ ᠴᠠᠭᠠᠨ ᠰᠠᠷ᠎ᠠ᠎ᠶ᠋ᠢᠨ ᠪᠠᠶᠠᠷ ᠬᠦᠷᠭᠡᠪᠡ᠃ • ᠶᠡᠷᠦᠩᠭᠡᠢ ᠱᠦᠵᠢ ᠰᠢ᠎ᠶ᠋ᠢᠨ ᠫᠢᠩ᠎ᠤᠨ ᠦᠭᠡᠷᠡᠴᠢᠯᠡᠯᠲᠡ ᠨᠡᠭᠡᠭᠡᠯᠲᠡ ᠬᠢᠭ᠌ᠰᠡᠡ 40 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠲᠡᠭᠡᠷᠡᠬᠢ ᠴᠢᠬᠤᠯᠠ ᠶᠠᠷᠢᠶ᠎ᠠ᠎ᠶ᠋ᠢ ᠤᠬᠠᠭᠤᠯᠤᠨ ᠲᠤᠭᠤᠱᠢᠯᠠᠭᠤᠯᠵᠦ᠍ ᠨᠠᠢᠲᠠᠪᠤᠷᠢᠵᠢᠭᠤᠯᠬᠤ ᠲᠦᠭᠦᠮ ᠤᠢ᠍ᠢᠯᠠᠭᠠᠮᠵᠢᠲᠠᠢ ᠤᠨᠤᠯ᠎ᠤᠨ ᠤᠩᠱᠢᠬᠤ ᠪᠢᠴᠢᠭ — 《ᠦᠭᠡᠷᠡᠴᠢᠯᠡᠯᠲᠡ ᠨᠡᠭᠡᠭᠡᠯᠲᠡ᠎ᠶ᠋ᠢ ᠡᠴᠤᠰ᠎ᠲᠤ᠎ᠨᠢ ᠲᠤᠯᠳᠠᠯ᠎ᠠ ᠬᠢᠶ᠎ᠡ》 ᠭᠡᠬᠦ᠌ ᠨᠤᠮ᠎ᠢ ᠤᠢ᠍ᠢᠷ᠎ᠠ᠎ᠳᠤ ᠱᠢᠨᠬᠤᠸᠠ ᠬᠡᠪᠯᠡᠯ᠎ᠤᠨ ᠬᠤᠷᠢᠶ᠎ᠠ᠎ᠠᠴᠠ ᠬᠡᠪᠯᠡᠬᠦᠯᠵᠦ᠍᠂ ᠪᠦᠬᠦ᠌ ᠤᠯᠤᠰ᠎ᠲᠤ ᠲᠠᠷᠬᠠᠭᠠᠵᠠᠢ᠃ ᠬᠤᠶᠠᠷ ᠬᠤᠷᠠᠯ᠎ᠤᠨ ᠮᠡᠳᠡᠭᠡ • 1 ᠰᠠᠷ᠎ᠠ᠎ᠶ᠋ᠢᠨ 26 ᠤ ᠦᠳᠡ᠎ᠶ᠋ᠢᠨ ᠡᠮᠦᠨ᠎ᠡ᠎ᠶ᠋ᠢᠨ 9 ᠴᠠᠭ᠎ᠲᠤ᠌᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠬᠦᠬᠡᠬᠤᠳᠠ᠎ᠳᠤ ᠡᠬᠢᠯᠡᠪᠡ᠃ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠡᠷᠢᠭᠦᠯᠡᠭ᠌ᠴᠢ ᠪᠦ᠋ ᠱᠢᠶᠤᠤ ᠯᠢᠨ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨᠢ ᠲᠦᠯᠦᠭᠡᠯᠡᠵᠦ᠍ ᠶᠡᠭᠡ ᠬᠤᠷᠠᠯ᠎ᠳᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠬᠢᠪᠡ᠃ • 1 ᠰᠠᠷ᠎ᠠ᠎ᠶ᠋ᠢᠨ 26 ᠤ ᠦᠳᠡ᠎ᠶ᠋ᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢ ᠯᠢ ᠵᠶ᠋ᠢ ᠾᠧᠩ ᠲᠡᠭᠦᠨ᠎ᠤ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠬᠦᠬᠡᠬᠤᠳᠠ᠎ᠶ᠋ᠢᠨ ᠲᠦᠯᠦᠭᠡᠯᠡᠭ᠌ᠴᠢᠳ᠎ᠤᠨ ᠪᠦᠯᠬᠦᠮ᠎ᠤᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠬᠦ᠌᠎ᠳᠤ ᠤᠷᠤᠯᠴᠠᠪᠠ᠃ • 1 ᠰᠠᠷ᠎ᠠ᠎ᠶ᠋ᠢᠨ 26 ᠤ ᠦᠳᠡ᠎ᠶ᠋ᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ᠎ᠤ ᠲᠡᠷᠢᠭᠦᠯᠡᠭ᠌ᠴᠢ ᠪᠦ᠋ ᠱᠢᠶᠤᠤ ᠯᠢᠨ ᠦᠪᠡᠷ᠎ᠤᠨ ᠪᠠᠢᠭ᠎ᠠ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠪᠤᠭᠤᠳᠤ ᠬᠤᠳᠠ᠎ᠶ᠋ᠢᠨ ᠲᠦᠯᠦᠭᠡᠯᠡᠭ᠌ᠴᠢᠳ᠎ᠤᠨ ᠪᠦᠯᠬᠦᠮ᠎ᠤᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠬᠢᠨᠠᠨ ᠵᠦᠪᠯᠡᠬᠦ᠌᠎ᠳᠤ ᠤᠷᠤᠯᠴᠠᠪᠠ᠃ • 1 ᠰᠠᠷ᠎ᠠ᠎ᠶ᠋ᠢᠨ 26 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ 2018 ᠤᠨ᠎ᠤ ᠤᠯᠤᠰ ᠠᠷᠠᠳ᠎ᠤᠨ ᠠᠵᠥ᠍ ᠠᠬᠤᠢ ᠪᠠ ᠨᠡᠢᠬᠡᠮ᠎ᠤᠨ ᠬᠦᠭ᠌ᠵᠢᠯᠳᠡ᠎ᠶ᠋ᠢᠨ ᠳᠦᠯᠦᠪᠯᠡᠭᠡ᠎ᠶ᠋ᠢ ᠬᠦᠢᠴᠡᠳᠭᠡᠭ᠌ᠰᠡᠨ ᠪᠠᠢᠳᠠᠯ ᠬᠢᠬᠡᠳ 2019 ᠤᠨ᠎ᠤ ᠤᠯᠤᠰ ᠠᠷᠠᠳ᠎ᠤᠨ ᠠᠵᠥ᠍ ᠠᠬᠤᠢ ᠪᠠ ᠨᠡᠢᠬᠡᠮ᠎ᠤᠨ ᠬᠦᠭ᠌ᠵᠢᠯᠳᠡ᠎ᠶ᠋ᠢᠨ ᠳᠦᠯᠦᠪᠯᠡᠭᠡ᠎ᠶ᠋ᠢᠨ ᠳᠦᠰᠦᠯ᠎ᠤᠨ ᠲᠤᠬᠠᠢ ᠮᠡᠳᠡᠬᠦᠯᠦᠯᠳᠡ᠎ᠶ᠋ᠢ ᠪᠢᠴᠢᠭ᠎ᠤᠨ ᠬᠡᠯᠪᠡᠷᠢ᠎ᠪᠠᠷ ᠶᠡᠭᠡ ᠬᠤᠷᠠᠯ᠎ᠳᠤ ᠲᠡᠪᠱᠢᠭᠦᠯᠵᠦ᠍ ᠬᠢᠨᠠᠨ ᠪᠠᠢᠴᠠᠭᠠᠯᠭᠠᠭ᠍ᠰᠠᠨ ᠪᠠᠢᠨ᠎ᠠ᠃ • 1 ᠰᠠᠷ᠎ᠠ᠎ᠶ᠋ᠢᠨ 27 ᠤ ᠦᠳᠡ᠎ᠶ᠋ᠢᠨ ᠡᠮᠦᠨ᠎ᠡ᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠪᠠ ᠲᠦᠯᠦᠪᠯᠡᠭᠡ᠂ ᠲᠦᠰᠦᠪ᠎ᠤᠨ ᠮᠡᠳᠡᠭᠦᠯᠦᠯᠳᠡ ᠵᠢᠴᠢ 2019 ᠤᠨ᠎ᠤ ᠲᠦᠯᠦᠪᠯᠡᠭᠡ᠂ ᠲᠦᠰᠦᠪ᠎ᠤᠨ ᠲᠦᠰᠦᠯ᠂ ᠰᠤᠩᠭᠤᠭᠤᠯᠢ᠎ᠶ᠋ᠢᠨ ᠠᠷᠭ᠎ᠠ᠎ᠶ᠋ᠢᠨ ᠲᠦᠰᠦᠯ᠎ᠢ ᠬᠢᠨᠠᠨ ᠵᠦᠪᠯᠡᠨ᠎ᠠ᠃ • 1 ᠰᠠᠷ᠎ᠠ᠎ᠶ᠋ᠢᠨ 27 ᠤ ᠦᠳᠡ᠎ᠶ᠋ᠢᠨ ᠬᠤᠢᠨ᠎ᠠ᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠪᠠ ᠲᠦᠯᠦᠪᠯᠡᠭᠡ᠂ ᠲᠦᠰᠦᠪ᠎ᠤᠨ ᠮᠡᠳᠡᠭᠦᠯᠦᠯᠳᠡ ᠵᠢᠴᠢ 2019 ᠤᠨ᠎ᠤ ᠲᠦᠯᠦᠪᠯᠡᠭᠡ᠂ ᠲᠦᠰᠦᠪ᠎ᠤᠨ ᠲᠦᠰᠦᠯ᠎ᠢ ᠬᠢᠨᠠᠨ ᠵᠦᠪᠯᠡᠨ᠎ᠠ᠃ ᠨᠡᠢᠭᠡᠮ᠎ᠤᠨ ᠰᠤᠨᠢᠨ ᠮᠡᠳᠡᠭᠡ • ᠮᠠᠨ᠎ᠤ ᠤᠷᠤᠨ᠎ᠤ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠨᠤᠭᠤᠳ ᠮᠥᠩᠭᠦᠨ ᠭᠦᠢᠯᠭᠡᠭᠡᠨ᠎ᠢᠶᠠᠷ ᠶᠠᠳᠠᠭᠤ᠎ᠶ᠋ᠢ ᠲᠡᠳᠬᠦᠬᠦ᠌ ᠡᠯ᠎ᠡ ᠵᠦᠢᠯ᠎ᠤᠨ ᠦᠢᠯᠡᠳᠬᠦᠨ᠎ᠢ 450 ᠭᠠᠷᠤᠢ ᠵᠦᠢᠯ ᠨᠡᠭᠡᠭᠡᠨ ᠬᠥᠭ᠌ᠵᠢᠭᠦᠯᠵᠤ᠂ ᠤᠨᠢᠨ ᠳᠡᠭᠡᠷ᠎ᠡ᠎ᠨᠢ ᠶᠠᠳᠠᠭᠤ᠎ᠶ᠋ᠢ ᠲᠡᠳᠬᠦᠬᠦ᠂ ᠠᠵᠤ ᠦᠢᠯᠡᠰ᠎ᠢᠶᠠᠷ ᠶᠠᠳᠠᠭᠤ᠎ᠶ᠋ᠢ ᠲᠡᠳᠬᠦᠬᠦ᠌ ᠪᠠ ᠲᠥᠷᠥᠯ ᠵᠦᠶᠯ᠎ᠢᠶᠠᠷ ᠶᠠᠳᠠᠭᠤ᠎ᠶ᠋ᠢ ᠲᠡᠳᠬᠦᠬᠦ᠌ ᠵᠡᠷᠭᠡ ᠬᠦᠷᠢᠶ᠎ᠡ ᠴᠠᠷᠠᠭ᠎ᠠ᠎ᠶ᠋ᠢ ᠬᠠᠮᠤᠷᠴᠦ᠍᠂ ᠮᠥᠩᠭᠦᠨ ᠭᠦᠢᠯᠭᠡᠭᠡᠨ᠎ᠢᠶᠠᠷ ᠶᠠᠳᠠᠭᠤ᠎ᠶ᠋ᠢ ᠲᠡᠳᠬᠦᠬᠦ᠌ ᠤᠯᠠᠨ ᠡᠱᠢᠴᠢᠯᠡᠭ᠌ᠰᠡᠨ ᠬᠠᠩᠭᠠᠯᠭ᠎ᠠ᠎ᠶ᠋ᠢᠨ ᠪᠠᠢᠷᠢᠱᠢᠯ᠎ᠢ ᠪᠦᠷᠢᠯᠳᠦᠭᠦᠯᠪᠡ᠃ • ᠤᠷᠴᠢᠮᠬᠠᠨ ᠤᠯᠤᠰ᠎ᠤᠨ ᠤᠢ ᠱᠢᠭᠤᠢ ᠪᠤᠯᠤᠨ ᠲᠠᠯ᠎ᠠ ᠨᠤᠲᠤᠭ᠎ᠤᠨ ᠲᠤᠪᠴᠢᠶ᠎ᠠ᠎ᠠᠴᠠ ᠦᠪᠦᠷ ᠮᠤᠩᠭᠤᠯ᠎ᠤᠨ ᠱᠢᠯᠢ᠎ᠶ᠋ᠢᠨ ᠭᠤᠤᠯ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠨᠢ ᠬᠢᠨᠠᠨ ᠱᠢᠯᠭᠠᠯᠲᠠ᠎ᠪᠠᠷ ᠳᠠᠮᠵᠢᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠪᠠᠷᠢᠮᠵᠢᠶᠠᠨ᠎ᠳᠤ ᠬᠦᠷᠦᠭ᠌ᠰᠡᠨᠢ ᠨᠡᠢᠲᠡᠯᠡᠵᠦ᠍ ᠵᠢᠩᠭᠢᠨᠢ᠎ᠪᠠᠷ ᠫᠠᠢᠰᠠ ᠢᠯᠡᠷᠬᠡᠢᠯᠡᠯ ᠤᠯᠭᠤᠬ᠍ᠰᠡᠨ ᠪᠠᠢᠨ᠎ᠠ᠃ ᠡᠢᠨ ᠬᠦ᠌ ᠲᠤᠰ ᠴᠡᠴᠡᠷᠯᠢᠭ᠎ᠨᠢ ᠱᠢᠯᠢ᠎ᠶ᠋ᠢᠨ ᠭᠤᠤᠯ ᠠᠢᠮᠠᠭ᠎ᠤᠨ ᠬᠠᠮᠤᠭ᠎ᠤᠨ ᠠᠩᠬᠠᠨ᠎ᠤ ᠤᠯᠤᠰ᠎ᠤᠨ ᠳᠡᠰ᠎ᠤᠨ ᠨᠤᠭᠤ ᠭᠠᠵᠠᠷ᠎ᠤᠨ ᠴᠡᠴᠡᠷᠯᠢᠭ ᠪᠤᠯᠵᠠᠢ᠃ • 《ᠠᠵᠤ ᠠᠬᠤᠢ᠎ᠶ᠋ᠢᠨ ᠯᠠᠪᠯᠠᠯᠲᠠ᠎ᠶ᠋ᠢᠨ ᠰᠣᠨᠢᠨ》 ᠤ ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ 2019 ᠣᠨ᠎ᠳᠤ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠲᠦᠷᠭᠡᠳᠭᠡᠨ᠎ᠡ᠃ ᠣᠯᠠᠨ ᠭᠠᠵᠠᠷ᠎ᠤᠨ ᠱᠢᠨ᠎ᠡ ᠨᠢᠭᠡ ᠡᠭᠡᠯᠵᠢ᠎ᠶ᠋ᠢᠨ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠶ᠋ᠢ ᠦᠰᠭᠡᠬᠦ᠌ ᠴᠣᠩᠬᠤ ᠨᠡᠭᠡᠭᠡᠭ᠌ᠳᠡᠵᠦ᠍᠂ ᠣᠷᠣᠨ ᠨᠤᠲᠤᠭ᠎ᠤᠳ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠦᠰᠦᠯ᠎ᠢ ᠨᠡᠢᠲᠡᠯᠡᠵᠡᠭᠡᠵᠦ᠍᠂ ᠤᠷᠤᠨ ᠨᠤᠲᠤᠭ᠎ᠤᠨ 《ᠬᠤᠶᠠᠷ ᠬᠤᠷᠠᠯ》 ᠠᠴᠠ ᠨᠡᠩ ᠴᠦ᠍ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠪᠣᠳᠠᠲᠠᠶ ᠭᠦᠢᠴᠡᠳᠭᠡᠬᠦ᠌ ᠲᠤᠭ᠎ᠠ᠎ᠶ᠋ᠢ ᠲᠤᠳᠤᠷᠬᠠᠢᠯᠠᠵᠤ᠂ ᠵᠠᠷᠢᠮ ᠮᠤᠵᠢ ᠣᠷᠣᠨ᠎ᠤ 2019 ᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ᠎ᠶ᠋ᠢᠨ ᠨᠡᠮᠡᠭ᠌ᠳᠡᠯ 10% ᠶ᠋ᠢ ᠳᠠᠪᠠᠭ᠍ᠤ ᠪᠣᠯᠤᠨ᠎ᠠ᠃ ᠬᠤᠯᠪᠣᠭ᠍ᠳᠠᠯ ᠪᠦᠬᠦᠢ ᠶᠠᠮᠤᠨ ᠵᠦᠪᠯᠡᠯ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠪᠠᠢᠴᠠᠭᠠᠨ ᠰᠤᠳᠤᠯᠤᠯᠲᠠ᠎ᠶ᠋ᠢ ᠨᠢᠭᠡᠨᠲᠡ ᠥᠷᠨᠢᠭᠦᠯᠵᠦ᠍᠂ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠤᠯᠠᠮ ᠨᠢᠭᠡ ᠠᠯᠬᠤᠮ ᠠᠬᠢᠭᠤᠯᠬᠤ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠪᠤᠳᠤᠯᠬᠢᠯᠠᠵᠤ ᠪᠠᠢᠨ᠎ᠠ᠃ • ᠱᠢᠷᠢᠶᠠᠶ᠋ᠢᠨ ᠤᠯᠤᠰ᠎ᠤᠨ ᠲᠧᠯᠸᠢᠰ ᠬᠤᠷᠢᠶ᠎ᠠ᠎ᠶ᠋ᠢᠨ ᠮᠡᠳᠡᠭᠡᠯᠡᠭ᠌ᠰᠡᠨᠢᠶᠠᠷ᠂ ᠲᠤᠬᠠᠢ᠎ᠶ᠋ᠢᠨ ᠤᠷᠤᠨ᠎ᠤ ᠴᠠᠭ᠎ᠢᠶᠠᠷ 2019 ᠤᠨ᠎ᠤ 1 ᠰᠠᠷ᠎ᠠ᠎ᠶ᠋ᠢᠨ 24 ᠤ ᠡᠳᠦᠷ᠂ ᠱᠢᠷᠢᠶᠠᠶ᠋ᠢᠨ ᠳ᠋ᠠᠮᠠᠰᠺ᠎ᠤᠨ ᠵᠡᠭᠦᠨ ᠬᠡᠰᠡᠭ᠎ᠲᠤ ᠳᠡᠯᠪᠡᠷᠡᠯᠲᠡ ᠡᠭᠦᠰᠴᠦ᠍᠂ ᠨᠢᠭᠡ ᠪᠦᠯᠦᠭ ᠲᠤᠨᠤᠭ ᠲᠦᠬᠦᠭᠡᠷᠦᠮᠵᠢ ᠡᠪᠳᠡᠭ᠌ᠳᠡᠭ᠌ᠰᠡᠨ ᠪᠤᠯᠪᠠᠴᠤ᠌ ᠬᠦᠮᠦᠨ ᠠᠮᠠ ᠱᠢᠷᠠᠭ᠍ᠳᠤᠭ᠍ᠰᠠᠨ ᠦᠭᠡᠢ᠃ ᠮᠡᠳᠡᠭᠡᠯᠡᠭ᠌ᠰᠡᠨᠢ ᠦᠨᠳᠦᠰᠦᠯᠡᠪᠡᠯ᠂ ᠳᠡᠯᠪᠡᠷᠡᠯᠲᠡ ᠭᠠᠷᠤᠭ᠍ᠰᠠᠨ ᠭᠠᠵᠠᠷ᠎ᠤᠨ ᠬᠠᠪᠢ᠎ᠳᠤ ᠤᠷᠤᠰᠠᠴᠠ ᠱᠢᠷᠢᠶᠠᠳᠤ ᠰᠠᠭᠤᠭ᠎ᠠ ᠡᠯᠴᠢᠨ ᠰᠠᠢᠳ᠎ᠤᠨ ᠭᠠᠵᠠᠷ ᠪᠠᠢᠷᠢᠯᠠᠵᠦ᠍ ᠪᠠᠢᠨ᠎ᠠ᠂ ᠲᠤᠰ ᠳᠡᠯᠪᠡᠷᠡᠯᠲᠡ᠎ᠶ᠋ᠢᠨ ᠬᠡᠷᠡᠭ᠎ᠨᠢ ᠤᠷᠤᠰᠠᠴᠠ ᠱᠢᠷᠢᠶᠠᠳᠤ ᠰᠠᠭᠤᠭ᠎ᠠ ᠡᠯᠴᠢᠨ ᠰᠠᠢᠳ᠎ᠤᠨ ᠭᠠᠵᠠᠷ᠎ᠢᠶᠠᠷ ᠳᠡᠯᠪᠡᠴᠢᠨ ᠳᠠᠭᠠᠷᠢᠬᠤ ᠵᠤᠷᠢᠯᠭ᠎ᠠ ᠪᠤᠯᠭᠠᠭ᠍ᠰᠠᠨ ᠡᠰᠡᠬᠦ᠌᠎ᠶ᠋ᠢ ᠬᠠᠷᠠᠬᠠᠨ ᠲᠤᠳᠤᠯᠤᠭᠠ ᠦᠬᠡᠢ᠃ ᠰᠤᠶᠤᠯ ᠲᠠᠮᠢᠷ᠎ᠤᠨ ᠮᠡᠳᠡᠭᠡ • 2019 ᠤᠨ᠎ᠤ 《ᠢᠨᠢᠶᠡᠳᠦ᠎ᠲᠠᠢ ᠦᠳᠡᠰᠢ》 ᠬᠤᠱᠤᠩ ᠤᠷᠠᠯᠢᠭ᠎ᠤᠨ ᠦᠳᠡᠱᠢᠯᠡᠭᠡ᠎ᠶ᠋ᠢ 1 ᠰᠠᠷ᠎ᠠ᠎ᠶ᠋ᠢᠨ 25 ᠤ ᠤᠷᠤᠢ ᠬᠦᠬᠡᠬᠤᠳᠠ᠎ᠳᠤ ᠱᠢᠩᠭᠡᠭᠡᠵᠦ᠍ ᠲᠠᠭᠤᠰᠤᠯ᠎ᠠ᠃ • ᠭᠤᠷᠪᠠᠳᠤᠭᠠᠷ ᠤᠳᠠᠭᠠᠨ᠎ᠤ ᠲᠤᠮᠳᠠᠳᠤ ᠤᠷᠤᠰ ᠮᠤᠩᠭᠤᠯ ᠭᠤᠷᠪᠠᠨ ᠤᠯᠤᠰ᠎ᠤᠨ ᠱᠢᠯᠢᠳᠡᠭ᠎ᠤᠨ ᠱᠢᠯᠢᠳᠡᠭ ᠬᠦᠴᠦᠳᠦ 64 ᠪᠦᠭᠡ᠎ᠶ᠋ᠢᠨ ᠪᠠᠷᠢᠯᠳᠤᠭᠠᠨ 1 ᠰᠠᠷ᠎ᠠ᠎ᠶ᠋ᠢᠨ 26 ᠤ ᠡᠳᠦᠷ ᠱᠢᠨ᠎ᠡ ᠪᠠᠷᠭᠤ ᠵᠡᠭᠦᠨ ᠬᠤᠱᠢᠭᠤᠨ᠎ᠤ ᠪᠦᠭᠡ᠎ᠶ᠋ᠢᠨ ᠦᠷᠭᠦᠭᠡ᠎ᠳᠤ ᠶᠠᠪᠤᠭ᠍ᠳᠠᠵᠦ᠍᠂ ᠱᠢᠨ᠎ᠡ ᠪᠠᠷᠭᠤ ᠵᠡᠭᠦᠨ ᠬᠤᠱᠢᠭᠤᠨ᠎ᠤ ᠲᠦᠷᠦᠰᠠᠴᠤᠷᠠᠯ ᠲᠡᠷᠢᠭᠦᠯᠡᠭ᠌ᠰᠡᠨ ᠪᠠᠢᠨ᠎ᠠ᠃ • ᠨᠠᠷᠠᠨ ᠲᠤᠭᠤᠨᠤᠳᠤ ᠨᠤᠳᠤᠭ 2019 ᠤᠨ᠎ᠤ ᠪᠦᠬᠦ᠌ ᠤᠷᠤᠨ᠎ᠤ ᠠᠩᠬᠠᠳᠠᠭ᠍ᠴᠢ ᠤᠳᠠᠭᠠᠨ᠎ᠤ ᠮᠠᠯᠴᠢᠨ ᠲᠠᠷᠢᠶᠠᠴᠢᠨ᠎ᠤ ᠴᠠᠭᠠᠨ ᠰᠠᠷ᠎ᠠ᠎ᠶ᠋ᠢᠨ ᠦᠳᠡᠱᠢᠯᠡᠭᠡ᠎ᠶ᠋ᠢ 1 ᠰᠠᠷ᠎ᠠ᠎ᠶ᠋ᠢᠨ 24 ᠤ ᠤᠷᠤᠢ ᠦᠪᠦᠷ ᠮᠤᠩᠭᠤᠯ᠎ᠤᠨ ᠷᠠᠳᠢᠣ᠋ ᠲᠧᠯᠧᠢᠰ ᠬᠤᠷᠢᠶ᠎ᠠ᠎ᠳᠤ ᠠᠮᠵᠢᠯᠲᠠᠳᠠᠢ ᠱᠢᠩᠭᠡᠭᠡᠯᠡ᠃ ᠦᠢᠯᠡᠴᠢᠯᠡᠬᠡᠨ᠎ᠤ ᠮᠡᠳᠡᠭᠡ • ᠡᠨᠡ ᠵᠢᠯ᠎ᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠦᠨᠳᠦᠷ ᠬᠤᠷᠳᠤᠴᠠᠳᠤ ᠵᠠᠰᠠᠮᠠᠯ ᠵᠠᠮ᠎ᠢᠶᠠᠷ ᠰᠦᠢᠳᠭᠡᠯ ᠬᠤᠷᠢᠶᠠᠬᠤ ᠦᠭᠡᠢ ᠦᠩᠭᠡᠷᠡᠭᠡᠬᠦ᠌ ᠴᠠᠭ᠎ᠢ ᠲᠤᠭ᠍ᠳᠠᠭᠠᠯᠠ᠃ 2 ᠰᠠᠷ᠎ᠠ᠎ᠶ᠋ᠢᠨ 4 ᠤ ᠡᠳᠦᠷ᠎ᠤᠨ 0 ᠴᠠᠭ᠎ᠠᠴᠠ 10 ᠤ ᠡᠳᠦᠷ᠎ᠤᠨ 24 ᠴᠠᠭ ᠪᠤᠯᠳᠠᠯ᠎ᠠ ᠲᠠᠷᠤᠢ ᠪᠢᠳᠡᠭᠦᠨ᠎ᠠᠴᠠ ᠱᠢᠨ᠎ᠡ᠎ᠶ᠋ᠢᠨ ᠵᠢᠷᠭᠤᠭᠠᠨ ᠪᠤᠯᠳᠠᠯ᠎ᠠ ᠦᠨᠳᠦᠷ ᠬᠤᠷᠳᠤᠴᠠᠳᠤ ᠵᠠᠰᠠᠮᠠᠯ ᠵᠠᠮ᠎ᠢᠶᠠᠷ ᠦᠩᠭᠡᠷᠡᠬᠦ᠌᠎ᠳᠤ ᠰᠦᠢᠳᠭᠡᠯ ᠬᠤᠷᠢᠶᠠᠬᠤ ᠦᠭᠡᠢ᠃ ᠦᠨᠦᠳᠦᠷ᠎ᠤᠨ ᠨᠡᠪᠳᠡᠷᠡᠭᠦᠯᠭᠡ ᠮᠠᠨᠢ ᠡᠢᠨᠬᠦ᠌ ᠦᠨᠳᠦᠷᠯᠡᠵᠦ᠍ ᠪᠠᠢᠨ᠎ᠠ᠃ ᠮᠡᠳᠡᠭᠡ᠎ᠶ᠋ᠢ ᠮᠢᠨᠢ ᠬᠦᠯᠢᠶᠠᠨ ᠰᠤᠨᠤᠰᠴᠤ᠌᠂ ᠤᠷᠮ᠎ᠠ ᠬᠠᠢᠷᠠᠯᠠᠭ᠍ᠰᠠᠨ ᠲᠠ ᠪᠦᠬᠦᠨ᠎ᠳᠡᠭᠡᠨ ᠠᠵᠠ ᠵᠢᠷᠭᠠᠯ ᠬᠦᠰᠡᠨ 《ᠮᠢᠨᠤ ᠦᠪᠦᠷ ᠮᠤᠩᠭᠤᠯ》 ᠳᠠᠭᠤᠤ᠎ᠪᠠᠷ ᠠᠶ᠎ᠠ ᠪᠠᠷᠢᠵᠦ᠍ ᠨᠡᠪᠲᠡᠷᠡᠬᠦᠯᠭᠡ᠎ᠪᠠᠨ ᠵᠢᠷᠭᠠᠭᠠᠶ᠎ᠠ! ᠪᠠᠶᠠᠷᠲᠠᠢ! ᠨᠠᠢᠷᠠᠭᠤᠯᠤᠨ ᠨᠡᠪᠳᠡᠷᠡᠭᠦᠯᠦᠭ᠌ᠴᠢ᠄ ᠪᠤᠯᠤᠷ ᠦᠢᠯᠡᠳᠦᠭ᠌ᠴᠢ᠄ ᠰᠦᠮᠪᠦᠷ ᠬᠢᠨᠠᠭ᠍ᠴᠢ᠄ ᠲᠦᠮᠡᠨᠬᠡᠱᠢᠭ |
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|