|
|
|
|
|
1 ᠰᠠᠷ᠎ᠠ᠎ᠶ᠋ᠢᠨ 30 ᠤ ᠡᠳᠦᠷ
|
|
|
|
|
ᠡᠬᠢᠯᠡᠬᠦ᠌ ᠴᠠᠭ᠄
2019-01-30 17:23:57
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠬᠢᠮ ᠬᠦᠨᠳᠦᠳᠦ ᠰᠤᠨᠤᠰᠤᠭ᠍ᠴᠢᠳ ᠮᠢᠨᠢ᠂ ᠰᠠᠢᠨ ᠪᠠᠢᠨ᠎ᠠ ᠤᠤ? ᠦᠨᠦᠳᠦᠷ ᠪᠤᠯ 2019 ᠤᠨ᠎ᠤ 1 ᠰᠠᠷ᠎ᠠ᠎ᠶ᠋ᠢᠨ 30᠂ ᠪᠢᠯᠢᠭ᠎ᠤᠨ ᠤᠯᠠᠷᠢᠯ᠎ᠤᠨ ᠱᠢᠷ᠎ᠠ ᠨᠤᠬᠠᠢ ᠵᠢᠯ᠎ᠤᠨ 12 ᠰᠠᠷ᠎ᠠ᠎ᠶ᠋ᠢᠨ 25᠂ ᠭᠠᠷᠠᠭ᠎ᠤᠨ ᠭᠤᠷᠪᠠᠨ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶᠠᠨ᠎ᠤ ᠬᠠᠮ ᠵᠠᠭᠤᠴᠢᠯᠠᠭᠤᠷ᠎ᠤᠨ ᠦᠷᠯᠦᠭᠡ᠎ᠶ᠋ᠢᠨ ᠮᠡᠳᠡᠭᠡ ᠲᠠ ᠪᠦᠭᠦᠨᠲᠠᠢᠪᠠᠨ ᠮᠡᠨᠳᠦᠴᠢᠯᠡᠨ ᠵᠤᠯᠭᠠᠵᠦ᠍ ᠪᠠᠢᠨ᠎ᠠ᠃ ᠴᠠᠭ ᠲᠦᠷᠦ᠎ᠶ᠋ᠢᠨ ᠮᠡᠳᠡᠭᠡ ● 1 ᠰᠠᠷ᠎ᠠ᠎ᠶ᠋ᠢᠨ 29 ᠤ ᠡᠳᠤᠷ᠂ ᠤᠯᠤᠰ᠎ᠤᠨ ᠲᠡᠷᠢᠬᠦᠯᠡᠭ᠌ᠴᠢ ᠰᠢ᠎ᠶ᠋ᠢᠨ ᠫᠢᠩ ᠹᠢᠯᠢᠫᠢᠨ᠎ᠤ ᠰᠦᠯᠦ᠋ ᠮᠤᠵᠢ᠎ᠳᠤ ᠲᠡᠯᠪᠡᠷᠡᠯᠳᠡ᠎ᠶ᠋ᠢᠨ ᠬᠡᠷᠡᠭ ᠭᠠᠷᠤᠬ᠍ᠰᠠᠨ ᠲᠤᠬᠠᠢ ᠹᠢᠯᠢᠫᠢᠨ᠎ᠤ ᠶᠡᠷᠤᠩᠬᠡᠢᠯᠡᠭ᠌ᠴᠢ ᠳ᠋ᠦᠲ᠋ᠧᠷᠲ᠋ᠧ᠎ᠳᠤ ᠲᠤᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃ ᠬᠤᠶᠠᠷ ᠬᠤᠷᠠᠯ᠎ᠤᠨ ᠮᠡᠳᠡᠭᠡ ● 1 ᠰᠠᠷ᠎ᠠ᠎ᠶ᠋ᠢᠨ 29 ᠤ ᠦᠳᠡ᠎ᠶ᠋ᠢᠨ ᠬᠤᠢᠨ᠎ᠠ᠂ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ ᠭᠤᠷᠪᠠᠳᠤᠭᠠᠷ ᠤᠳᠠᠭ᠎ᠠ᠎ᠶ᠋ᠢᠨ ᠪᠦᠬᠦᠳᠡ ᠬᠤᠷᠠᠯ ᠬᠢᠵᠦ᠍᠂ ᠯᠢ ᠱᠢᠥ ᠯᠢᠩ᠎ᠢ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠬᠤᠶᠠᠳᠣᠭᠠᠷ ᠬᠤᠭᠤᠴᠠᠭᠠᠨ᠎ᠤ ᠬᠤᠷᠢᠶ᠎ᠠ᠎ᠶ᠋ᠢᠨ ᠲᠠᠷᠢᠬᠦᠯᠡᠭ᠌ᠴᠢᠪᠠᠷ ᠰᠤᠩᠭᠤᠵᠦ᠍᠂ ᠳ᠋ᠢ ᠷᠦᠢ ᠮᠢᠩ᠎ᠢ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠬᠤᠶᠠᠳᠣᠭᠠᠷ ᠬᠤᠭᠤᠴᠠᠭᠠᠨ᠎ᠤ ᠬᠤᠷᠢᠶ᠎ᠠ᠎ᠶ᠋ᠢᠨ ᠨᠠᠷᠢᠨ ᠪᠢᠴᠢᠭ᠎ᠤᠨ ᠳᠠᠷᠤᠭ᠎ᠠ᠎ᠪᠠᠷ ᠰᠤᠩᠭᠤᠵᠦ᠍᠂ ᠸᠠᠩ ᠡᠾᠧᠩ ᠵᠢᠶᠦ᠋ᠨ (ᠮᠤᠩᠭᠤᠯ ᠦᠨᠳᠦᠰᠦᠲᠡᠨ)᠂ ᠱ᠌ᠢ ᠯᠸᠢ (ᠮᠤᠩᠭᠤᠯ ᠦᠨᠳᠦᠰᠦᠲᠡᠨ)᠂ ᠭᠤᠤ ᡁᠢ ᠮᠢᠩ᠂ ᠸᠧᠢ ᠵᠢᠶᠦ᠋ᠨ᠎ᠢ ᠦᠪᠡᠷᠲᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠬᠡᠨ᠎ᠤ ᠠᠷᠪᠠᠨ ᠬᠤᠶᠠᠳᠣᠭᠠᠷ ᠬᠤᠭᠤᠴᠠᠭᠠᠨ᠎ᠤ ᠬᠤᠷᠢᠶ᠎ᠠ᠎ᠶ᠋ᠢᠨ ᠪᠠᠢᠩᠭᠤ᠎ᠶ᠋ᠢᠨ ᠬᠤᠷᠢᠶ᠎ᠠ᠎ᠶ᠋ᠢᠨ ᠭᠡᠱᠢᠬᠦᠨ᠎ᠢᠶᠠᠷ ᠰᠤᠩᠭᠤᠪᠠ᠃ ● 1 ᠰᠠᠷ᠎ᠠ᠎ᠶ᠋ᠢᠨ 29 ᠤ ᠡᠳᠦᠷ᠎ᠤᠨ ᠦᠳᠡ᠎ᠶ᠋ᠢᠨ ᠬᠤᠢᠨ᠎ᠠ᠂ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶᠠᠨ᠎ᠤ ᠬᠤᠶᠠᠳᠤᠭᠠᠷ ᠬᠤᠷᠠᠯ ᠦᠨᠳᠦᠷᠯᠡᠭ᠌ᠰᠡᠨ ᠪᠠᠢᠨ᠎ᠠ᠃ ● 1 ᠰᠠᠷ᠎ᠠ᠎ᠶ᠋ᠢᠨ 29 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠭᠤᠷᠪᠠᠳᠤᠭᠠᠷ ᠤᠳᠠᠭ᠎ᠠ᠎ᠶ᠋ᠢᠨ ᠪᠦᠬᠦᠳᠡ ᠬᠤᠷᠠᠯ ᠬᠤᠷᠠᠯᠳᠤᠪᠠ᠃ ● 1 ᠰᠠᠷ᠎ᠠ᠎ᠶ᠋ᠢᠨ 29 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ ᠭᠤᠷᠪᠠᠳᠤᠭᠠᠷ ᠤᠳᠠᠭ᠎ᠠ᠎ᠶ᠋ᠢᠨ ᠬᠤᠷᠠᠯ ᠬᠢᠵᠡᠢ᠃ ● 1 ᠰᠠᠷ᠎ᠠ᠎ᠶ᠋ᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ ᠲᠦᠷᠪᠡᠳᠦᠭᠡᠷ ᠤᠳᠠᠭ᠎ᠠ᠎ᠶ᠋ᠢᠨ ᠬᠤᠷᠠᠯ ᠬᠢᠨ᠎ᠡ᠃ ● 1 ᠰᠠᠷ᠎ᠠ᠎ᠶ᠋ᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠲᠦᠷᠪᠡᠳᠦᠭᠡᠷ ᠤᠳᠠᠭ᠎ᠠ᠎ᠶ᠋ᠢᠨ ᠪᠦᠬᠦᠳᠡ ᠬᠤᠷᠠᠯ ᠬᠤᠷᠠᠯᠳᠤᠨ᠎ᠠ᠃ ● 1 ᠰᠠᠷ᠎ᠠ᠎ᠶ᠋ᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠲᠠᠪᠤᠳᠤᠭᠠᠷ ᠤᠳᠠᠭ᠎ᠠ᠎ᠶ᠋ᠢᠨ ᠪᠦᠬᠦᠳᠡ ᠬᠤᠷᠠᠯ ᠬᠤᠷᠠᠯᠳᠤᠨ᠎ᠠ᠃ ᠨᠡᠢᠭᠡᠮ᠎ᠤᠨ ᠰᠤᠨᠢᠨ ᠮᠡᠳᠡᠭᠡ ● 2018 ᠤᠨ᠎ᠳᠤ ᠮᠠᠨ᠎ᠤ ᠤᠷᠤᠨ ᠶᠠᠳᠠᠭᠤ ᠬᠦᠴᠢᠷᠳᠡᠯᠳᠡᠢ 57 ᠬᠤᠱᠢᠭᠤ ᠱᠢᠶᠠᠨ᠎ᠳᠤ ᠴᠦᠬᠡᠨ ᠲᠤᠭᠠᠳᠤ ᠦᠨᠳᠦᠰᠦᠳᠡᠨ᠎ᠤ ᠬᠦᠭ᠌ᠵᠢᠯᠳᠡ᠎ᠶ᠋ᠢᠨ ᠪᠡᠯᠡ ᠮᠦᠩᠭᠦ᠎ᠶ᠋ᠢ 4.3 ᠳ᠋ᠦᠩᠱᠢᠭᠤᠷ ᠭᠠᠷᠤᠢ ᠲᠦᠭᠦᠷᠢᠭ ᠪᠠᠭᠤᠯᠭᠠᠵᠦ᠍᠂ ᠮᠠᠨ᠎ᠤ ᠤᠷᠤᠨ᠎ᠳᠠᠬᠢ ᠨᠠᠮ᠎ᠤᠨ ᠲᠦᠪ ᠬᠤᠷᠢᠶᠠᠨ᠎ᠤ ᠴᠦᠬᠡᠨ ᠲᠤᠭᠠᠳᠤ ᠦᠨᠳᠦᠰᠦᠳᠡᠨ᠎ᠤ ᠬᠦᠭ᠌ᠵᠢᠯᠳᠡ᠎ᠶ᠋ᠢᠨ ᠪᠡᠯᠡ ᠮᠦᠩᠭᠦ᠎ᠶ᠋ᠢᠨ ᠡᠳ᠋᠎ᠤᠨ ᠵᠠᠰᠠᠭ᠎ᠤᠨ ᠲᠤᠬᠢᠷᠠᠭᠤᠯᠤᠯᠳᠠ᠎ᠶ᠋ᠢᠨ 75% ᠢ ᠡᠵᠡᠯᠡᠵᠡᠢ᠃ ● ᠪᠦᠷᠢᠳᠭᠡᠯ᠎ᠢᠶᠠᠷ᠂ 2018 ᠣᠨ᠎ᠤ 12 ᠰᠠᠷ᠎ᠠ᠎ᠶ᠋ᠢᠨ 31 ᠤ ᠡᠳᠣᠷ ᠪᠣᠯᠲᠠᠯ᠎ᠠ ᠴᠡᠭᠡ ᠪᠣᠭᠤᠮᠲᠡ᠎ᠶ᠋ᠢᠨ ᠭᠠᠳᠠᠭᠠᠲᠦ᠎ᠠᠴᠠ ᠣᠷᠣᠭᠤᠯᠵᠣ ᠭᠠᠳᠠᠭᠠᠲᠦ᠎ᠳᠤ ᠭᠠᠷᠭᠠᠠᠨᠰᠠᠨ ᠪᠠᠷᠠᠭᠠᠨ᠎ᠤ ᠶᠡᠷᠦᠩᠬᠡᠢ ᠬᠡᠮᠵᠢᠶ᠎ᠡ 1413.1 ᠲᠦᠮᠡᠨ ᠲᠣᠨ᠎ᠳᠤ ᠬᠦᠷᠴᠦ᠍᠂ 2017 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ 78.72 ᠲᠦᠮᠡᠨ ᠲᠣᠨ ᠨᠡᠮᠡᠭ᠌ᠳᠡᠭᠡᠳ ᠪᠣᠭᠤᠮᠲᠡ ᠨᠡᠭᠡᠭᠡᠭ᠌ᠰᠡᠨ 26 ᠵᠢᠯ᠎ᠤᠨ ᠲᠣᠷᠱᠢᠬᠢ ᠲᠡᠦᠬᠡ᠎ᠶ᠋ᠢᠨ ᠬᠠᠮᠤᠭ ᠦᠨᠲᠦᠷ ᠲᠡᠮᠳᠡᠭ᠌ᠯᠨᠯᠢ ᠡᠭᠦᠳᠴᠦ᠍᠂ ᠵᠠᠰᠠᠮᠠᠯ ᠵᠠᠮ᠎ᠤᠨ ᠪᠣᠭᠤᠮᠲᠡ᠎ᠶ᠋ᠢᠨ ᠣᠢᠯᠠᠳᠣᠯᠢᠶᠠᠨ ᠣᠯᠠᠮ ᠪᠠᠳᠠᠷᠠᠭᠤᠯᠤᠭ᠍ᠰᠠᠨ ᠪᠠᠢᠨ᠎ᠠ᠃ ● ᠤᠢ᠍ᠢᠷ᠎ᠠ᠎ᠶ᠋ᠢᠨ ᠡᠳᠦᠷ᠂ ᠪᠡᠬᠡᠵᠢᠩ ᠲᠡᠢᠪᠤᠰᠧᠶ᠋ᠢᠨ ᠬᠤᠭᠤᠷᠤᠨᠳᠤ 《ᠢᠳᠡᠱᠢᠨ ᠨᠤᠭᠤᠭ᠎ᠠ᠎ᠶ᠋ᠢᠨ ᠵᠦᠬᠡᠬᠡᠪᠦᠷᠢ᠎ᠶ᠋ᠢᠨ ᠱᠢᠭᠤᠳ ᠲᠡᠷᠭᠡ》 ᠨᠡᠪᠳᠡᠷᠡᠭ᠌ᠰᠡᠨ ᠪᠠᠢᠨ᠎ᠠ᠃ ● ᠡᠨᠡ ᠵᠢᠯ᠎ᠤᠨ 1 ᠰᠠᠷ᠎ᠠ᠎ᠶ᠋ᠢᠨ 23 ᠤ ᠡᠳᠦᠷ ᠪᠤᠯ ᠨᠠᠮ᠎ᠤᠨ ᠲᠦᠪ ᠬᠤᠷᠢᠶᠠᠨ᠎ᠠᠴᠠ ᠬᠠᠷ᠎ᠠ ᠪᠦᠯᠦᠭ᠌ᠳᠡᠨ ᠬᠠᠷᠬᠢᠰ ᠬᠦᠴᠦᠨ᠎ᠢ ᠠᠷᠢᠯᠭᠠᠬᠤ ᠲᠡᠮᠡᠴᠡᠯ᠎ᠢ ᠶᠠᠪᠤᠬ᠍ᠳᠠᠭᠤᠯᠤᠬ᠍ᠰᠠᠨ ᠨᠢᠬᠡ ᠵᠢᠯ᠎ᠤᠨ ᠤᠢ ᠪᠤᠯᠤᠨ᠎ᠠ᠂ ᠨᠢᠬᠡ ᠵᠢᠯ᠎ᠤᠨ ᠲᠤᠷᠰᠢ᠂ ᠪᠦᠬᠦ᠌ ᠤᠷᠤᠨ᠎ᠤ ᠲᠤᠳᠤᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠠᠷ᠎ᠠ ᠪᠦᠯᠦᠭ᠌ᠳᠡᠨ᠎ᠤ ᠴᠢᠨᠠᠷᠳᠠᠢ ᠶᠠᠯᠠᠳᠤ ᠠᠵᠢᠯᠯᠠᠭ᠎ᠠ᠎ᠶ᠋ᠢᠨ 21 ᠵᠤᠬᠢᠶᠠᠨ ᠪᠠᠢᠭᠤᠯᠤᠯᠳᠠ᠎ᠶ᠋ᠢ ᠰᠦᠢᠷᠡᠬᠦᠯᠵᠤ᠂ ᠬᠠᠷᠬᠢᠰ ᠬᠦᠴᠦᠨ᠎ᠳᠤ ᠬᠤᠯᠪᠤᠬ᠍ᠳᠠᠬ᠍ᠰᠠᠨ 829 ᠡᠪᠰᠡᠯ ᠪᠦᠯᠦᠭ᠎ᠢ ᠠᠷᠢᠯᠭᠠᠨ᠂ 5347 ᠶᠠᠯ᠎ᠠ᠎ᠶ᠋ᠢᠨ ᠰᠡᠵᠢᠭ᠌ᠳᠡᠨ᠎ᠢ ᠪᠠᠷᠢᠪᠴᠢᠯᠠᠵᠤ᠂ ᠡᠯ᠎ᠡ ᠵᠦᠢᠯ᠎ᠤᠨ ᠡᠷᠡᠬᠦᠦ᠎ᠶ᠋ᠢᠨ ᠬᠡᠷᠡᠭ᠎ᠢ 3245 ᠢᠯᠡᠷᠡᠬᠦᠯᠵᠦ᠍᠂ ᠬᠡᠷᠡᠭ᠎ᠲᠤ ᠬᠤᠯᠪᠤᠬ᠍ᠳᠠᠬ᠍ᠰᠠᠨ ᠡᠳ᠋ ᠬᠦᠷᠦᠩᠬᠡ᠎ᠶ᠋ᠢ 31.9 ᠳ᠋ᠦᠩᠱᠢᠭᠤᠷ ᠲᠦᠬᠦᠷᠢᠭ ᠪᠠᠢᠴᠠᠭᠠᠨ ᠪᠢᠳᠡᠬᠦᠮᠵᠢᠯᠡᠵᠦ᠍ ᠪᠠᠷᠢᠴᠠᠭᠠᠨ᠎ᠳᠤ ᠦᠯᠡᠳᠡᠭᠡᠵᠦ᠍᠂ ᠮᠠᠰᠢ ᠤᠯᠠᠨ ᠬᠠᠷ᠎ᠠ ᠪᠦᠯᠦᠭ᠌ᠳᠡᠨ ᠬᠠᠷᠬᠢᠰ ᠬᠦᠴᠦᠨ᠎ᠳᠤ ᠬᠤᠯᠪᠤᠬ᠍ᠳᠠᠬ᠍ᠰᠠᠨ ᠶᠠᠯᠠᠳᠤ ᠡᠳᠡᠬᠡᠳ ᠬᠠᠤᠯᠢ ᠴᠠᠭᠠᠵᠠ᠎ᠶ᠋ᠢᠨ ᠵᠠᠯᠬᠠᠭᠠᠯ᠎ᠢ ᠤᠯᠪᠠ᠃ ● ᠤᠢ᠍ᠢᠷ᠎ᠠ᠎ᠶ᠋ᠢᠨ ᠵᠢᠯ ᠱᠢᠯᠢ᠎ᠶ᠋ᠢᠨ ᠭᠤᠤᠯ ᠠᠢᠮᠠᠭ ᠮᠤᠩᠭᠤᠯ ᠤᠯᠤᠰ᠎ᠤᠨ ᠡᠪᠡᠳᠴᠢᠳᠡᠨ᠎ᠢ ᠡᠮᠴᠢᠯᠡᠭᠦᠯᠬᠦ᠌ ᠰᠠᠭᠠᠳ ᠦᠭᠡᠢ ᠵᠠᠮ ᠨᠡᠪᠳᠡᠷᠡᠭᠦᠯᠵᠦ᠍᠂ ᠲᠤᠰᠭᠠᠢ ᠬᠦᠮᠦᠨ ᠲᠤᠬᠢᠷᠠᠭᠤᠯᠤᠨ ᠮᠤᠩᠭᠤᠯ ᠤᠯᠤᠰ᠎ᠤᠨ ᠡᠪᠡᠳᠴᠢᠳᠡᠨ᠎ᠢ ᠬᠦᠯᠢᠶᠡᠨ ᠠᠪᠴᠦ᠍᠂ ᠤᠷᠢᠳᠠᠪᠠᠷ ᠡᠮᠴᠢᠯᠡᠭᠦᠯᠬᠦ᠌ ᠪᠠ ᠡᠮᠨᠡᠯᠭᠡ᠎ᠶ᠋ᠢᠨ ᠰᠦᠢᠳᠭᠡᠯ᠎ᠢ᠎ᠨᠢ 30% ᠪᠠᠷ ᠬᠢᠮᠳᠠᠷᠠᠭᠤᠯᠬᠤ ᠠᠷᠭ᠎ᠠ ᠬᠡᠮᠵᠢᠶ᠎ᠡ ᠠᠪᠤᠭ᠍ᠰᠠᠨ᠎ᠢᠶᠠᠷ ᠮᠤᠩᠭᠤᠯ ᠤᠯᠤᠰ᠎ᠤᠨ ᠡᠪᠡᠳᠴᠢᠳᠡᠨ᠎ᠢ ᠬᠦᠯᠢᠶᠡᠨ ᠠᠪᠴᠦ᠍ ᠡᠮᠴᠢᠯᠡᠬᠦ᠌ ᠨᠤᠷᠮ᠎ᠠ ᠵᠢᠯ ᠪᠦᠷᠢ 20% ᠪᠠᠷ ᠨᠡᠮᠡᠭ᠌ᠳᠡᠵᠦ᠍ ᠪᠤᠢ᠃ ● 1 ᠰᠠᠷ᠎ᠠ᠎ᠶ᠋ᠢᠨ 29 ᠤ ᠡᠳᠦᠷ᠎ᠤᠨ 9 ᠴᠠᠭ 22 ᠮᠢᠨᠦ᠋ᠲ᠎ᠲᠤ ᠱᠢᠯᠢ᠎ᠶ᠋ᠢᠨ ᠭᠤᠤᠯ ᠠᠢᠮᠠᠭ᠎ᠤᠨ ᠱᠢᠯᠢᠩᠬᠤᠳᠠ ᠤᠷᠴᠢᠮ᠎ᠳᠤ 3.9 ᠲᠡᠰ᠎ᠤᠨ ᠭᠠᠵᠠᠷ ᠬᠦᠳᠡᠯᠵᠡᠢ᠃ ● 2018 ᠤᠨ᠎ᠤ ᠵᠢᠯ᠎ᠤᠨ ᠡᠴᠤᠰ ᠪᠤᠯᠲᠠᠯ᠎ᠠ᠂ ᠪᠦᠬᠦ᠌ ᠤᠯᠤᠰ᠎ᠤᠨ ᠬᠦᠲᠡᠭᠡ ᠲᠤᠰᠭᠤᠨ᠎ᠤ ᠨᠠᠭᠠᠲᠤ ᠵᠠᠬ᠎ᠠ᠎ᠶ᠋ᠢᠨ ᠠᠮᠢᠲᠤᠷᠠᠯ᠎ᠤᠨ ᠪᠠᠲᠤᠯᠠᠪᠤᠷᠢ ᠬᠦᠷᠲᠠᠵᠦ᠍ ᠪᠠᠢᠭ᠎ᠠ ᠬᠦᠮᠦᠨ 3519.7 ᠲᠦᠮᠡ᠎ᠳᠤ ᠬᠦᠷᠴᠤ᠌᠂ ᠬᠦᠲᠡᠭᠡ ᠲᠤᠰᠭᠤᠨ᠎ᠤ ᠨᠠᠭᠠᠲᠤ ᠵᠠᠬ᠎ᠠ᠎ᠶ᠋ᠢᠨ ᠠᠮᠢᠲᠤᠷᠠᠯ᠎ᠤᠨ ᠪᠠᠲᠤᠯᠠᠪᠤᠷᠢ᠎ᠶ᠋ᠢᠨ ᠪᠠᠷᠢᠮᠵᠢᠶ᠎ᠠ 4833 ᠲᠦᠬᠦᠷᠢᠭ᠎ᠲᠤ ᠬᠦᠷᠴᠠᠢ᠃ ● ᠮᠠᠨ᠎ᠤ ᠤᠯᠤᠰ ᠠᠩᠬ᠎ᠠ ᠤᠳᠠᠭ᠎ᠠ ᠨᠡᠢᠭᠡᠮ ᠨᠡᠢᠳᠡ᠎ᠠᠴᠠ 1.8 ᠲᠦᠮᠡᠨ ᠭᠠᠯ ᠰᠡᠷᠬᠡᠢᠯᠡᠭ᠌ᠴᠢᠶ᠋ᠢ ᠡᠯᠰᠡᠬᠦ᠌᠎ᠪᠠᠷ ᠪᠤᠢ᠃ 2 ᠰᠠᠷ᠎ᠠ᠎ᠶ᠋ᠢᠨ 28 ᠤ ᠡᠳᠦᠷ ᠪᠤᠯᠳᠠᠯ᠎ᠠ ᠨᠡᠷ᠎ᠡ ᠮᠡᠳᠡᠭᠦᠯᠦᠨ᠎ᠡ᠃ ᠰᠤᠶᠤᠯ ᠲᠠᠮᠢᠷ᠎ᠤᠨ ᠮᠡᠳᠡᠭᠡ ● 1 ᠰᠠᠷ᠎ᠠ᠎ᠶ᠋ᠢᠨ 28 ᠤ ᠡᠳᠦᠷ᠂ ᠱᠢᠨ᠎ᠡ ᠦᠶ᠎ᠡ᠎ᠶ᠋ᠢᠨ ᠶᠤᠸᠠᠨ ᠮᠢᠩ ᠶᠤᠸᠠᠨ᠎ᠢ ᠬᠦᠭ᠌ᠵᠢᠭᠦᠯᠬᠦ᠌ ᠰᠡᠳᠭᠢᠮᠵᠢ᠎ᠶ᠋ᠢ ᠶᠠᠷᠢᠯᠴᠠᠨ ᠰᠤᠳᠤᠯᠬᠤ ᠮᠡᠷᠭᠡᠵᠢᠯᠲᠡᠨ᠎ᠤ ᠬᠤᠷᠠᠯ ᠬᠤᠷᠠᠯᠳᠤᠵᠤ᠂ ᠳ᠋ᠠ ᠭᠦᠩ ᠮᠧᠨ ᠬᠠᠭᠠᠯᠭ᠎ᠠ᠎ᠶ᠋ᠢᠨ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠢᠯᠡᠷᠡᠭᠦᠯᠦᠯᠲᠡ᠎ᠶ᠋ᠢ ᠨᠡᠢᠲᠡᠯᠡᠵᠡᠢ᠃ ᠳ᠋ᠠ ᠭᠦᠩ ᠮᠧᠨ ᠬᠠᠭᠠᠯᠭ᠎ᠠ ᠪᠤᠯ ᠶᠤᠸᠠᠨ ᠮᠢᠩ ᠶᠤᠸᠠᠨ ᠴᠡᠴᠡᠷᠯᠢᠭ᠎ᠤᠨ ᠲᠦᠪ ᠬᠠᠭᠠᠯᠭ᠎ᠠ᠂ ᠶᠤᠸᠠᠨ ᠮᠢᠩ ᠶᠤᠸᠠᠨ ᠴᠡᠴᠡᠷᠯᠢᠭ᠎ᠤᠨ ᠳᠤᠮᠳᠠ ᠳᠡᠩᠭᠡᠯᠢᠭ᠎ᠤᠨ ᠡᠮᠦᠨ᠎ᠡ ᠬᠡᠰᠡᠭ᠎ᠲᠤᠨᠢ ᠪᠠᠢᠷᠢᠯᠠᠵᠦ᠍ ᠪᠠᠢᠳᠠᠭ᠃ ᠳ᠋ᠠ ᠭᠦᠩ ᠮᠧᠨ ᠬᠠᠭᠠᠯᠭ᠎ᠠ᠎ᠶ᠋ᠢᠨ ᠬᠠᠭᠤᠴᠢ ᠰᠤᠳᠤᠯᠤᠯ᠎ᠤᠨ ᠪᠠᠭᠤᠷᠢ᠎ᠶ᠋ᠢ ᠵᠠᠰᠠᠨ ᠰᠡᠯᠪᠢᠭ᠌ᠰᠡᠨᠤ ᠳᠠᠷᠠᠭ᠎ᠠ ᠤᠯᠠᠨ ᠨᠡᠢᠳᠡ᠎ᠳᠤ ᠨᠡᠬᠡᠭᠡᠨ ᠦᠵᠡᠭᠦᠯᠦᠨ᠎ᠡ᠃ ● ᠠᠯᠠᠱᠠ ᠠᠢᠮᠠᠭ᠎ᠤᠨ ᠮᠤᠷᠢᠨ ᠬᠤᠭᠤᠷᠴᠢᠳ᠎ᠤᠨ ᠨᠡᠢᠭᠡᠮᠯᠢᠭ ᠪᠠᠢᠭᠤᠯᠤᠭ᠍ᠳᠠᠭ᠍ᠰᠠᠨ ᠠᠷᠪᠠᠨ ᠵᠢᠯ᠎ᠤᠨ ᠤᠢᠤᠨ ᠪᠠᠶᠠᠷ᠎ᠢ ᠲᠤᠷᠠᠰᠭᠠᠨ ᠲᠡᠮᠳᠡᠭ᠌ᠯᠡᠬᠦ᠌ ᠭᠤᠪᠢ᠎ᠶ᠋ᠢᠨ ᠤᠶᠠᠩᠭ᠎ᠠ ᠪᠠᠶᠠᠷ ᠨᠠᠢᠷ᠎ᠤᠨ ᠴᠢᠭᠤᠯᠭᠠᠨ ᠤᠢ᠍ᠢᠷ᠎ᠠ᠎ᠶ᠋ᠢᠨ ᠡᠳᠦᠷ ᠪᠠᠶᠠᠨᠬᠤᠳᠠ᠎ᠳᠤ ᠪᠤᠯᠤᠯ᠎ᠠ᠃ ᠦᠢᠯᠡᠴᠢᠯᠡᠭᠡᠨ᠎ᠤ ᠮᠡᠳᠡᠭᠡ ● ᠬᠦᠢᠳᠡᠨ ᠠᠭᠤᠷ ᠠᠮᠢᠰᠭᠤᠯ᠎ᠤᠨ ᠨᠦᠯᠦᠭᠡ᠎ᠪᠠᠷ 1 ᠰᠠᠷ᠎ᠠ᠎ᠶ᠋ᠢᠨ 29 ᠠᠴᠠ 31 ᠤ ᠡᠳᠦᠷ ᠪᠤᠯᠳᠠᠯ᠎ᠠ᠂ ᠪᠦᠬᠦ᠌ ᠤᠷᠤᠨ᠎ᠤ ᠶᠡᠬᠡᠩᠬᠢ ᠬᠡᠰᠡᠭ᠎ᠤᠨ ᠲᠤᠯᠠᠭᠠᠨ᠎ᠤ ᠬᠡᠮᠵᠢᠶ᠎ᠡ 6 ᠠᠴᠠ 8 ᠭᠷᠠᠳᠦ᠋ᠰ ᠪᠠᠭᠤᠷᠠᠵᠦ᠍᠂ ᠬᠡᠰᠡᠭ ᠭᠠᠵᠠᠷ᠎ᠲᠤ 10 ᠭᠷᠠᠳᠦ᠋ᠰ ᠪᠠᠭᠤᠷᠠᠬᠤ ᠪᠦᠭᠡᠳ 5᠂ 6 ᠲᠡᠰ᠎ᠤᠨ ᠰᠠᠯᠬᠢ ᠰᠠᠯᠬᠢᠯᠠᠨ᠂ ᠶᠡᠬᠡᠩᠬᠢ ᠭᠠᠵᠠᠷ᠎ᠲᠤ ᠲᠤᠭᠤᠰᠤ ᠮᠠᠨᠠᠨ ᠲᠡᠭ᠌ᠳᠡᠬᠦ᠌ ᠪᠤᠯᠤᠨ᠎ᠠ᠃ ᠦᠨᠦᠳᠦᠷ᠎ᠤᠨ ᠨᠡᠪᠳᠡᠷᠡᠭᠦᠯᠭᠡ ᠮᠠᠨᠢ ᠡᠢᠨᠬᠦ᠌ ᠦᠨᠳᠦᠷᠯᠡᠵᠦ᠍ ᠪᠠᠢᠨ᠎ᠠ᠃ ᠮᠡᠳᠡᠭᠡ᠎ᠶ᠋ᠢ ᠮᠢᠨᠢ ᠬᠦᠯᠢᠶᠠᠨ ᠰᠤᠨᠤᠰᠴᠤ᠌᠂ ᠤᠷᠮ᠎ᠠ ᠬᠠᠢᠷᠠᠯᠠᠭ᠍ᠰᠠᠨ ᠲᠠ ᠪᠦᠬᠦᠨ᠎ᠳᠡᠭᠡᠨ ᠠᠵᠠ ᠵᠢᠷᠭᠠᠯ ᠬᠦᠰᠡᠨ 《ᠦᠪᠦᠷ ᠮᠤᠩᠭᠤᠯ ᠮᠢᠨᠢ》 ᠳᠠᠭᠤᠤ᠎ᠪᠠᠷ ᠠᠶ᠎ᠠ ᠪᠠᠷᠢᠵᠦ᠍ ᠨᠡᠪᠲᠡᠷᠡᠬᠦᠯᠭᠡ᠎ᠪᠠᠨ ᠵᠢᠷᠭᠠᠭᠠᠶ᠎ᠠ! ᠪᠠᠶᠠᠷᠲᠠᠢ! ᠨᠠᠢᠷᠠᠭᠤᠯᠤᠨ ᠨᠡᠪᠲᠡᠷᠡᠭᠦᠯᠦᠭ᠌ᠴᠢ᠄ ᠪᠤᠯᠤᠷ ᠮᠡᠷᠭᠡᠵᠢᠯ᠄ ᠠᠯᠤᠰ ᠬᠢᠨᠠᠭ᠍ᠴᠢ᠄ ᠲᠦᠮᠡᠨᠬᠡᠱᠢᠭ
|
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|