3 ᠰᠠᠷ᠎ᠠ᠎ᠶ᠋ᠢᠨ 12 ᠎ᠤ ᠡᠳᠦᠷ
ᠡᠬᠢᠯᠡᠬᠦ᠌ ᠴᠠᠭ᠄
2019-03-12 11:34:40
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

    ᠡᠷᠬᠢᠮ ᠬᠦᠨᠳᠦᠳᠦ ᠰᠦᠯᠵᠢᠶᠡᠨ ᠠᠨᠳᠠ ᠨᠠᠷ ᠮᠢᠨᠢ᠂ ᠰᠠᠢᠨ ᠪᠠᠢᠨᠠᠤ?
    ᠦᠨᠦᠳᠦᠷ ᠪᠤᠯ 2019 ᠤᠨ᠎ᠤ 3 ᠰᠠᠷ᠎ᠠ᠎ᠶ᠋ᠢᠨ 12 ᠎ᠤᠨ ᠡᠳᠦᠷ᠂ ᠪᠢᠯᠢᠭ᠎ᠤᠨ ᠤᠯᠠᠷᠢᠯ᠎ᠤᠨ ᠬᠤᠶᠠᠳᠤᠭᠠᠷ ᠰᠠᠷ ᠎ᠠ᠎ᠶ᠋ᠢᠨ ᠱᠢᠨ᠎ᠠ᠎ᠶ᠋ᠢᠨ ᠵᠢᠷᠭᠤᠭᠠᠨ᠂ ᠶᠢᠰᠦ ᠶᠢᠰᠦ᠎ᠶ᠋ᠢᠨ ᠶᠢᠰᠦᠳᠦᠭᠡᠷ ᠡᠳᠦᠷ᠃ ᠦᠨᠦᠳᠦᠷ ᠪᠤᠯ ᠮᠦᠨ ᠴᠤ᠌ ᠮᠤᠳᠤ ᠳᠠᠷᠢᠬᠤ ᠡᠳᠦᠷ ᠶᠤᠮ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠷᠯᠦᠭᠡ᠎ᠶ᠋ᠢᠨ ᠮᠡᠳᠡᠭᠡ》 ᠲᠠ ᠪᠦᠬᠦᠨ᠎ᠲᠠᠢ᠎ᠪᠠᠨ ᠮᠡᠨᠳᠦᠴᠢᠯᠡᠨ ᠵᠤᠯᠭᠠᠵᠤ ᠪᠠᠢᠨ᠎ᠠ᠃
    ᠴᠠᠭ ᠳᠦᠷᠦ᠎ᠶ᠋ᠢᠨ ᠮᠡᠳᠡᠭᠡ
    • ᠤᠯᠤᠰ᠎ᠤᠨ ᠲᠡᠷᠢᠬᠦᠯᠡᠭ᠌ᠴᠢ ᠰᠢ᠎ᠶ᠋ᠢᠨ ᠫᠢᠩ 3 ᠰᠠᠷ᠎ᠠ᠎ᠶ᠋ᠢᠨ 11 ᠎ᠤ ᠡᠳᠤᠷ ᠡᠸᠽᠢᠦᠫᠢᠶ᠎ᠠ᠎ᠶ᠋ᠢᠨ ᠠᠭᠠᠷ᠎ᠤᠨ ᠠᠶᠠᠯᠠᠯ᠎ᠤᠨ ᠺᠤᠮᠫᠠᠨᠢ᠎ᠶ᠋ᠢᠨ ᠠᠶᠠᠨᠴᠢᠳ᠎ᠤᠨ ᠨᠢᠰᠭᠡᠯ ᠠᠳᠡᠯ ᠭᠠᠷᠴᠦ᠍ ᠤᠯᠠᠨ ᠬᠦᠮᠥᠨ ᠠᠳᠡᠭ᠌ᠰᠡᠡ ᠲᠤᠬᠠᠢ ᠡᠸᠽᠢᠦᠫᠢᠶ᠎ᠠ᠎ᠶ᠋ᠢᠨ ᠶᠡᠷᠤᠩᠬᠡᠢᠯᠡᠭ᠌ᠴᠢ ᠰᠠᡁᠧᠯᠧ — ᠸᠧᠺᠧ᠂ ᠺᠧᠨᠢᠶᠠ᠎ᠶ᠋ᠢᠨ ᠶᠡᠷᠤᠩᠬᠡᠢᠯᠡᠭ᠌ᠴᠢ ᠺᠧᠨᠶᠠᠲ᠋ᠠ᠎ᠳᠤ ᠲᠤᠰ ᠲᠤᠰ ᠲᠤᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃
    ᠪᠦᠬᠦ᠌ ᠤᠯᠤᠰ᠎ᠤᠨ ᠬᠤᠶᠠᠷ ᠬᠤᠷᠠᠯ᠎ᠤᠨ ᠮᠡᠳᠡᠭᠡ
    • 3 ᠰᠠᠷ᠎ᠠ᠎ᠶ᠋ᠢᠨ 11 ᠎ᠤ ᠡᠳᠦᠷ᠎ᠤᠨ ᠦᠳᠡ᠎ᠶ᠋ᠢᠨ ᠬᠤᠢᠨ᠎ᠠ ᠪᠦᠬᠦ᠌ ᠤᠯᠤᠰ᠎ᠤᠨ ᠣᠯᠣᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ ᠳᠦᠷᠪᠡᠳᠦᠭᠡᠷ ᠪᠦᠭᠦᠳᠡ ᠬᠤᠷᠠᠯ ᠬᠢᠵᠦ᠍᠂ 15 ᠤᠯᠤᠰ ᠲᠦᠷᠦ᠎ᠶ᠋ᠢᠨ ᠵᠦᠪᠯᠡᠯᠭᠡᠨ᠎ᠤ ᠬᠡᠱᠢᠬᠦᠨ ᠬᠤᠷᠠᠯ ᠳᠡᠭᠡᠷ᠎ᠠ ᠦᠭᠡ ᠬᠡᠯᠡᠪᠡ᠃
    • ᠦᠨᠦᠳᠦᠷ᠎ᠤᠨ ᠦᠳᠡ᠎ᠶ᠋ᠢᠨ ᠡᠮᠤᠨ᠎ᠡ 9 ᠴᠠᠭ᠎ᠲᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠭᠤᠷᠪᠠᠳᠤᠭᠠᠷ ᠪᠦᠬᠦᠳᠡ ᠬᠤᠷᠠᠯ ᠬᠤᠷᠠᠯᠳᠤᠨ᠎ᠠ
    • ᠠᠷᠠᠳ᠎ᠤᠨ ᠳᠡᠭᠡᠳᠦ ᠱᠢᠭᠦᠭᠦ᠌ ᠬᠤᠷᠢᠶᠠᠨ᠎ᠤ ᠬᠤᠷᠢᠶᠠᠨ ᠳᠠᠷᠤᠭ᠎ᠠ ᠵᠧᠦ ᠴᠢᠶᠠᠩ᠎ᠤᠨ ᠠᠷᠠᠳ᠎ᠤᠨ ᠳᠡᠭᠡᠳᠦ ᠱᠢᠭᠦᠭᠦ᠌ ᠬᠤᠷᠢᠶᠠᠨ᠎ᠤ ᠠᠵᠢᠯ᠎ᠤᠨ ᠮᠡᠳᠡᠬᠦᠯᠤᠯᠳᠠ᠎ᠶ᠋ᠢ ᠰᠤᠨᠤᠰᠤᠨ᠎ᠠ᠃
    • ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠪᠠᠢᠴᠠᠭᠠᠬ᠍ᠴᠢ ᠳᠠᠷᠤᠭ᠎ᠠ ᠵᠠᠩ ᠵᠢᠶᠦ᠋ᠨ᠎ᠤ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠤᠯᠳᠠ᠎ᠶ᠋ᠢ ᠰᠤᠨᠤᠰᠤᠨ᠎ᠠ᠃
    • ᠪᠦᠬᠦᠳᠡ ᠬᠤᠷᠠᠯ ᠳᠡᠭᠤᠰᠤᠭ᠍ᠰᠠᠨ᠎ᠤ ᠳᠠᠷᠠᠭ᠎ᠠ ᠳᠡᠷᠢᠭᠦᠯᠡᠭ᠌ᠴᠢᠳ᠎ᠤᠨ ᠪᠦᠯᠬᠦᠮ᠎ᠤᠨ ᠬᠤᠶᠠᠳᠤᠭᠠᠷ ᠬᠤᠷᠠᠯ᠎ᠢ ᠬᠤᠷᠠᠯᠳᠤᠭᠤᠯᠤᠨ᠎ᠠ
    • ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠱᠢᠢᠳᠪᠦᠷᠢ᠎ᠶ᠋ᠢᠨ ᠲᠦᠰᠦᠯ᠎ᠢ ᠲᠦᠯᠦᠭᠡᠯᠡᠭ᠌ᠴᠢᠳ᠎ᠤᠨ ᠪᠦᠯᠭᠦᠮ᠎ᠢᠶᠠᠷ ᠬᠢᠨᠠᠨ ᠵᠦᠪᠯᠡᠭᠦᠯᠬᠦ᠌᠎ᠪᠠᠷ ᠳᠤᠭ᠍ᠳᠠᠨ᠎ᠠ᠃ ᠬᠤᠷᠠᠯ᠎ᠤᠨ ᠳᠠᠷᠠᠭ᠎ᠠ᠂ ᠵᠠᠰᠠᠪᠤᠷᠢ ᠤᠷᠤᠭᠤᠯᠤᠭ᠍ᠰᠠᠨ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ ᠪᠠ ᠵᠠᠰᠠᠪᠤᠷᠢ ᠤᠷᠤᠭᠤᠯᠤᠭ᠍ᠰᠠᠨ ᠪᠠᠢᠳᠠᠯ᠎ᠤᠨ ᠳᠤᠬᠠᠢ ᠳᠤᠳᠤᠷᠬᠠᠢᠯᠠᠯᠳᠠ᠎ᠶ᠋ᠢ ᠬᠠᠮᠳᠤ᠎ᠳᠤᠨᠢ ᠳᠠᠷᠤᠮᠠᠯᠯᠠᠵᠤ ᠪᠦᠬᠦ᠌ ᠲᠦᠯᠦᠭᠡᠯᠡᠭ᠌ᠴᠢᠳ᠎ᠲᠤ ᠳᠠᠷᠬᠠᠭᠠᠨ ᠦᠭ᠌ᠭᠦᠨ᠎ᠠ᠃
    • ᠡᠳ᠋᠎ᠤᠨ ᠵᠠᠰᠠᠭ ᠠᠵᠤ ᠠᠬᠤᠢ᠎ᠶ᠋ᠢᠨ ᠵᠦᠪᠯᠡᠯ᠎ᠤᠨ 2018 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠦᠭ᠌ᠵᠢᠯᠳᠡ᠎ᠶ᠋ᠢᠨ ᠲᠦᠯᠦᠪᠯᠡᠭᠡ᠎ᠶ᠋ᠢ ᠬᠦᠢᠴᠡᠳᠭᠡᠭ᠌ᠰᠡᠨ ᠪᠠᠢᠳᠠᠯ ᠬᠢᠭᠡᠳ 2019 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠦᠭ᠌ᠵᠢᠯᠳᠡ᠎ᠶ᠋ᠢᠨ ᠲᠦᠯᠦᠪᠯᠡᠭᠡ᠎ᠶ᠋ᠢᠨ ᠲᠦᠰᠦᠯ᠎ᠢ ᠬᠢᠨᠠᠨ ᠪᠠᠢᠴᠠᠭᠠᠭ᠍ᠰᠠᠨ ᠦᠷ᠎ᠠ ᠳ᠋ᠦᠩ᠎ᠤᠨ ᠳᠤᠬᠠᠢ ᠮᠡᠳᠡᠭᠦᠯᠦᠯᠳᠡ᠎ᠶ᠋ᠢ ᠰᠤᠨᠤᠰᠭᠤ ᠪᠠ ᠬᠢᠨᠠᠨ ᠵᠦᠪᠯᠡᠨ᠎ᠡ; 2018 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠦᠭ᠌ᠵᠢᠯᠳᠡ᠎ᠶ᠋ᠢᠨ ᠲᠦᠯᠦᠪᠯᠡᠭᠡ᠎ᠶ᠋ᠢ ᠬᠦᠢᠴᠡᠳᠭᠡᠭ᠌ᠰᠡᠨ ᠪᠠᠢᠳᠠᠯ ᠬᠢᠭᠡᠳ 2019 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠦᠭ᠌ᠵᠢᠯᠳᠡ᠎ᠶ᠋ᠢᠨ ᠲᠦᠯᠦᠪᠯᠡᠭᠡ᠎ᠶ᠋ᠢᠨ ᠱᠢᠢᠳᠪᠤᠷᠢ᠎ᠶ᠋ᠢᠨ ᠲᠦᠰᠦᠯ᠎ᠢ ᠡᠯ᠎ᠡ ᠲᠦᠯᠦᠭᠡᠯᠡᠭ᠌ᠴᠢᠳ᠎ᠤᠨ ᠪᠦᠯᠬᠦᠮ᠎ᠢᠶᠠᠷ ᠬᠢᠨᠠᠨ ᠵᠦᠪᠯᠡᠭᠦᠯᠬᠦ᠌᠎ᠪᠠᠷ ᠳᠤᠭ᠍ᠳᠠᠨ᠎ᠠ᠃ ᠬᠤᠷᠠᠯ᠎ᠤᠨ ᠳᠠᠷᠠᠭ᠎ᠠ᠂ ᠵᠠᠰᠠᠪᠤᠷᠢ ᠤᠷᠤᠭᠤᠯᠤᠭ᠍ᠰᠠᠨ ᠲᠦᠯᠦᠪᠯᠡᠭᠡ᠎ᠶ᠋ᠢᠨ ᠮᠡᠳᠡᠭᠦᠯᠦᠯᠳᠡ ᠪᠠ ᠵᠠᠰᠠᠪᠤᠷᠢ ᠤᠷᠤᠭᠤᠯᠤᠭ᠍ᠰᠠᠨ ᠪᠠᠢᠳᠠᠯ᠎ᠤᠨ ᠳᠤᠬᠠᠢ ᠳᠤᠳᠤᠷᠬᠠᠢᠯᠠᠯᠳᠠ᠎ᠶ᠋ᠢ ᠬᠠᠮᠳᠤ᠎ᠳᠤᠨᠢ ᠳᠠᠷᠤᠮᠠᠯᠯᠠᠵᠤ ᠪᠦᠬᠦ᠌ ᠲᠦᠯᠦᠭᠡᠯᠡᠭ᠌ᠴᠢᠳ᠎ᠲᠤ ᠳᠠᠷᠬᠠᠭᠠᠨ ᠦᠭ᠌ᠭᠦᠨ᠎ᠠ᠃
    • ᠡᠳ᠋᠎ᠤᠨ ᠵᠠᠰᠠᠭ ᠠᠵᠤ ᠠᠬᠤᠢ᠎ᠶ᠋ᠢᠨ ᠵᠦᠪᠯᠡᠯ᠎ᠤᠨ 2018 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠢ ᠬᠦᠢᠴᠡᠳᠭᠡᠭ᠌ᠰᠡᠨ ᠪᠠᠢᠳᠠᠯ ᠬᠢᠭᠡᠳ 2019 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠤᠨ ᠲᠦᠰᠦᠯ᠎ᠢ ᠬᠢᠨᠠᠨ ᠪᠠᠢᠴᠠᠭᠠᠭ᠍ᠰᠠᠨ ᠦᠷ᠎ᠠ ᠳ᠋ᠦᠩ᠎ᠤᠨ ᠳᠤᠬᠠᠢ ᠮᠡᠳᠡᠭᠦᠯᠦᠯᠳᠡ᠎ᠶ᠋ᠢ ᠰᠤᠨᠤᠰᠭᠤ ᠪᠠ ᠬᠢᠨᠠᠨ ᠵᠦᠪᠯᠡᠨ᠎ᠡ; 2018 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠢ ᠬᠦᠢᠴᠡᠳᠭᠡᠭ᠌ᠰᠡᠨ ᠪᠠᠢᠳᠠᠯ ᠬᠢᠭᠡᠳ 2019 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠤᠨ ᠱᠢᠢᠳᠪᠦᠷᠢ᠎ᠶ᠋ᠢᠨ ᠲᠦᠰᠦᠯ᠎ᠢ ᠡᠯ᠎ᠡ ᠲᠦᠯᠦᠭᠡᠯᠡᠭ᠌ᠴᠢᠳ᠎ᠤᠨ ᠪᠦᠯᠬᠦᠮ᠎ᠢᠶᠠᠷ ᠬᠢᠨᠠᠨ ᠵᠦᠪᠯᠡᠭᠦᠯᠬᠦ᠌᠎ᠪᠠᠷ ᠳᠤᠭ᠍ᠳᠠᠨ᠎ᠠ᠃ ᠬᠤᠷᠠᠯ᠎ᠤᠨ ᠳᠠᠷᠠᠭ᠎ᠠ᠂ ᠵᠠᠰᠠᠪᠤᠷᠢ ᠤᠷᠤᠭᠤᠯᠤᠭ᠍ᠰᠠᠨ ᠲᠦᠰᠦᠪ᠎ᠤᠨ ᠮᠡᠳᠡᠭᠦᠯᠦᠯᠳᠡ ᠪᠠ ᠵᠠᠰᠠᠪᠤᠷᠢ ᠤᠷᠤᠭᠤᠯᠤᠭ᠍ᠰᠠᠨ ᠪᠠᠢᠳᠠᠯ᠎ᠤᠨ ᠳᠤᠬᠠᠢ ᠳᠤᠳᠤᠷᠬᠠᠢᠯᠠᠯᠳᠠ᠎ᠶ᠋ᠢ ᠬᠠᠮᠳᠤ᠎ᠳᠤᠨᠢ ᠳᠠᠷᠤᠮᠠᠯᠯᠠᠵᠤ ᠪᠦᠬᠦ᠌ ᠲᠦᠯᠦᠭᠡᠯᠡᠭ᠌ᠴᠢᠳ᠎ᠲᠤ ᠳᠠᠷᠬᠠᠭᠠᠨ ᠦᠭ᠌ᠭᠦᠨ᠎ᠠ᠃
    • ᠦᠨᠳᠦᠰᠤᠨ ᠬᠠᠤᠯᠢ ᠪᠤᠯᠤᠨ ᠬᠠᠤᠯᠢ ᠴᠠᠭᠠᠵᠠ᠎ᠶ᠋ᠢᠨ ᠵᠦᠪᠯᠡᠯ᠎ᠤᠨ ᠭᠠᠳᠠᠭᠠᠳᠦ ᠠᠷᠠᠯᠵᠢᠶᠠᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠤᠨ ᠳᠤᠬᠠᠢ ᠬᠢᠨᠠᠨ ᠵᠦᠪᠯᠡᠭ᠌ᠰᠡᠨ ᠦᠷ᠎ᠠ ᠳ᠋ᠦᠩ᠎ᠤᠨ ᠮᠡᠳᠡᠭᠦᠯᠦᠯᠳᠡ᠎ᠶ᠋ᠢ ᠰᠤᠨᠤᠰᠤᠨ᠎ᠠ; ᠭᠠᠳᠠᠭᠠᠳᠦ ᠠᠷᠠᠯᠵᠢᠶᠠᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠳᠤ ᠵᠠᠰᠠᠪᠤᠷᠢ ᠤᠷᠤᠭᠤᠯᠬᠤ ᠨᠤᠤᠷᠠᠭ᠎ᠢ ᠪᠦᠬᠦ᠌ ᠲᠦᠯᠦᠭᠡᠯᠡᠭ᠌ᠴᠢᠳ᠎ᠤᠨ ᠪᠦᠯᠬᠦᠮ᠎ᠢᠶᠠᠷ ᠬᠢᠨᠠᠨ ᠵᠦᠪᠯᠡᠭᠦᠯᠬᠦ᠌᠎ᠪᠠᠷ ᠳᠤᠭ᠍ᠳᠠᠨ᠎ᠠ᠃
    • ᠦᠳᠡ᠎ᠶ᠋ᠢᠨ ᠬᠤᠢᠨ᠎ᠠ 3 ᠴᠠᠭ᠎ᠲᠤ ᠲᠦᠯᠦᠭᠡᠯᠡᠭ᠌ᠴᠢᠳ᠎ᠤᠨ ᠪᠦᠯᠬᠦᠮ ᠪᠦᠭᠦᠳᠡ ᠬᠤᠷᠠᠯ ᠬᠢᠵᠦ᠍᠂ ᠭᠠᠳᠠᠭᠠᠳᠦ᠎ᠶ᠋ᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠳᠤ ᠵᠠᠰᠠᠪᠦᠷᠢ ᠤᠷᠤᠭᠤᠯᠤᠬ᠍ᠰᠠᠨ ᠨᠤᠤᠷᠠᠭ ᠪᠠ ᠠᠷᠠᠳ᠎ᠤᠨ ᠳᠡᠭᠡᠳᠦ ᠱᠢᠭᠦᠭᠦ᠌ ᠬᠤᠷᠢᠶᠠᠨ᠎ᠤ ᠠᠵᠢᠯ᠎ᠤᠨ ᠮᠡᠳᠡᠬᠦᠯᠤᠯᠳᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠤᠯᠳᠠ᠎ᠶ᠋ᠢ ᠬᠢᠨᠠᠨ ᠵᠦᠪᠯᠡᠨ᠎ᠡ᠃
    • ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ ᠦᠨᠦᠳᠦᠷ᠎ᠤᠨ ᠦᠳᠡ᠎ᠶ᠋ᠢᠨ ᠡᠮᠦᠨᠡᠬᠢ 9 ᠴᠠᠭ᠎ᠲᠤ᠌᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠣᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠭᠤᠷᠪᠠᠳᠤᠭᠠᠷ ᠪᠦᠭᠦᠳᠡ ᠬᠤᠷᠠᠯ᠎ᠳᠤ ᠰᠤᠯᠠ ᠤᠷᠤᠯᠴᠠᠨ᠎ᠠ᠃
    • ᠦᠳᠡ᠎ᠶ᠋ᠢᠨ ᠬᠤᠢᠨᠠᠬᠢ 3 ᠴᠠᠭ᠎ᠲᠤ ᠳᠣᠭᠤᠢᠯᠠᠩ᠎ᠤᠨ ᠬᠤᠷᠠᠯ ᠬᠢᠵᠦ᠍᠂ ᠡᠯ᠎ᠡ ᠲᠦᠷᠦᠯ᠎ᠤᠨ ᠱᠢᠢᠳᠪᠦᠷᠢ ᠪᠠ ᠲᠦᠰᠦᠯ᠎ᠢ ᠬᠢᠨᠠᠨ ᠵᠦᠪᠯᠡᠵᠦ᠍᠂ 《ᠬᠤᠶᠠᠷ ᠬᠤᠷᠢᠶ᠎ᠠ》 ᠎ᠶ᠋ᠢᠨ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠨ᠎ᠠ᠃
    • ᠦᠳᠡ᠎ᠶ᠋ᠢᠨ ᠬᠤᠢᠨᠠᠬᠢ 4 ᠴᠠᠭ 30 ᠮᠢᠨᠦ᠋ᠲ᠎ᠲᠤ ᠲᠡᠷᠢᠭᠦᠯᠡᠭ᠌ᠴᠢᠳ᠎ᠤᠨ ᠬᠤᠷᠠᠯ ᠬᠢᠵᠦ᠍᠂ ᠪᠦᠬᠦ᠌ ᠣᠯᠣᠰ᠎ᠤᠨ ᠣᠯᠣᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ᠎ᠤᠨ ᠪᠠᠢᠳᠠᠯ᠎ᠤᠨ ᠶᠡᠷᠦᠩᠬᠡᠢ ᠮᠡᠳᠡᠭᠦᠯᠦᠯᠲᠡ᠎ᠶ᠋ᠢ ᠰᠣᠨᠤᠰᠤᠨ᠎ᠠ; ᠪᠦᠬᠦ᠌ ᠣᠯᠣᠰ᠎ᠤᠨ ᠣᠯᠣᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠪᠠᠢᠩᠭᠤ᠎ᠶ᠋ᠢᠨ ᠬᠤᠷᠢᠶ᠎ᠠ᠎ᠶ᠋ᠢᠨ ᠵᠢᠷᠭᠤᠳᠤᠭᠠᠷ ᠤᠳᠠᠭᠠᠨ᠎ᠤ ᠬᠤᠷᠠᠯ᠎ᠳᠤ ᠬᠢᠨᠠᠨ ᠵᠦᠪᠯᠡᠭᠦᠯᠭᠦ᠎ᠪᠠᠷ ᠪᠠᠢᠭ᠎ᠠ ᠬᠠᠮᠢᠶ᠎ᠠ ᠪᠦᠬᠦᠢ ᠪᠢᠴᠢᠭ  ᠮᠠᠲ᠋ᠧᠷᠢᠶᠠᠯ᠎ᠢ ᠬᠢᠨᠠᠨ ᠵᠦᠪᠯᠡᠵᠦ᠍ ᠲᠡᠪᠱᠢᠭᠦᠯᠦᠨ᠎ᠡ᠃
    • ᠦᠳᠡ᠎ᠶ᠋ᠢᠨ ᠬᠤᠢᠨᠠᠬᠢ 5 ᠴᠠᠭ 30 ᠮᠢᠨᠦ᠋ᠲ᠎ᠲᠤ᠌᠂ ᠪᠦᠬᠦ᠌ ᠣᠯᠣᠰ᠎ᠤᠨ ᠣᠯᠣᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠪᠠᠢᠩᠭᠤ᠎ᠶ᠋ᠢᠨ ᠬᠤᠷᠢᠶ᠎ᠠ᠎ᠶ᠋ᠢᠨ ᠵᠢᠷᠭᠤᠳᠤᠭᠠᠷ ᠤᠳᠠᠭᠠᠨ᠎ᠤ ᠬᠤᠷᠠᠯ ᠬᠤᠷᠠᠯᠳᠤᠵᠦ᠍᠂ ᠪᠦᠬᠦ᠌ ᠣᠯᠣᠰ᠎ᠤᠨ ᠣᠯᠣᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠠᠵᠢᠯ᠎ᠤᠨ ᠮᠡᠳᠡᠭᠦᠯᠦᠯᠲᠡ᠎ᠶ᠋ᠢᠨ ᠲᠣᠬᠠᠢ ᠱᠢᠢᠳᠪᠦᠷᠢ (ᠲᠦᠰᠦᠯ) ᠎ᠶ᠋ᠢ ᠪᠠᠲᠤᠯᠠᠨ᠎ᠠ; ᠪᠦᠬᠦ᠌ ᠤᠯᠤᠰ᠎ᠤᠨ ᠣᠯᠣᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠲᠣᠬᠠᠢ ᠣᠯᠣᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠰᠠᠨᠠᠯ ᠳᠤᠷᠠᠳᠤᠯᠭ᠎ᠠ᠎ᠶ᠋ᠢᠨ ᠵᠦᠪᠯᠡᠯ᠎ᠤᠨ ᠮᠡᠳᠡᠭᠦᠯᠦᠯᠲᠡ (ᠲᠦᠰᠦᠯ) ᠎ᠶ᠋ᠢ ᠬᠢᠨᠠᠨ ᠵᠦᠪᠯᠡᠵᠦ᠍ ᠪᠠᠲᠤᠯᠠᠨ᠎ᠠ; ᠪᠦᠬᠦ᠌ ᠣᠯᠣᠰ᠎ᠤᠨ ᠣᠯᠣᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ᠎ᠤᠨ ᠣᠯᠣᠰ ᠲᠦᠷᠦ᠎ᠶ᠋ᠢᠨ ᠱᠢᠢᠳᠪᠦᠷᠢ (ᠲᠦᠰᠦᠯ) ᠎ᠢ ᠪᠠᠲᠤᠯᠠᠨ᠎ᠠ᠃
   ᠨᠡᠢᠭᠡᠮ᠎ᠤᠨ ᠰᠤᠨᠢᠨ ᠮᠡᠳᠡᠭᠡ
    • ᠮᠠᠨ᠎ᠤ ᠤᠷᠤᠨ ᠭᠤᠤᠯ ᠮᠦᠷᠡᠨ᠂ ᠨᠠᠭᠤᠷ ᠴᠦᠬᠦᠷᠤᠮ᠎ᠤᠨ ᠳᠠᠷᠤᠭ᠎ᠠ᠎ᠶ᠋ᠢᠨ ᠳᠦᠷᠢᠮ ᠬᠡᠷᠡᠭ᠌ᠵᠢᠬᠦᠯᠦᠭ᠌ᠰᠡᠨ᠎ᠨᠢ ᠢᠯᠡᠳᠳᠡ ᠠᠮᠵᠢᠯᠳᠠ ᠤᠯᠤᠯ᠎ᠠ᠃ ᠮᠠᠨ᠎ᠤ ᠤᠷᠤᠨ᠎ᠤ ᠡᠯ᠎ᠠ ᠱᠠᠳᠤᠨ᠎ᠤ ᠭᠤᠤᠯ ᠮᠦᠷᠡᠨ ᠪᠠ ᠨᠠᠭᠤᠷ ᠴᠦᠬᠦᠷᠤᠮ᠎ᠤᠨ ᠳᠠᠷᠤᠭ᠎ᠠ᠎ᠶ᠋ᠢᠨ ᠠᠵᠢᠯ᠎ᠳᠤ ᠨᠢᠭᠡᠨᠳᠡ 6694 ᠬᠦᠮᠦᠨ ᠤᠷᠤᠯᠴᠠᠵᠤ᠂ ᠦᠡᠭ᠌ᠭᠡᠷᠡᠭ᠌ᠰᠡᠨ ᠵᠢᠯ᠎ᠳᠤ 5.9 ᠲᠦᠮᠡᠨ ᠬᠦᠮᠦᠨ ᠤᠳᠠᠭ᠎ᠠ᠎ᠶ᠋ᠢᠨ ᠭᠤᠤᠯ ᠮᠦᠷᠡᠨ᠎ᠤ ᠪᠠᠢᠴᠠᠭᠠᠯᠳᠠ᠎ᠶ᠋ᠢ ᠪᠡᠶᠡᠯᠡᠬᠦᠯᠵᠡᠢ᠃ ᠡᠬᠦᠨ᠎ᠤ ᠳᠠᠭᠠᠤ᠎ᠳᠤ᠂ 1689 ᠠᠰᠠᠭᠤᠳᠠᠯ᠎ᠢ ᠢᠯᠡᠷᠡᠬᠦᠯᠦᠨ ᠱᠢᠢᠳᠪᠦᠷᠢᠯᠡᠵᠦ᠍᠂ ᠳᠤᠷ᠎ᠠ᠎ᠪᠠᠷ ᠤᠬᠤᠬᠤ᠂ ᠲᠤᠷ ᠎ᠠ᠎ᠪᠠᠷ ᠡᠵᠡᠯᠡᠬᠦ᠂ ᠳᠤᠷ᠎ᠠ᠎ᠪᠠᠷ ᠬᠠᠱᠢᠬᠤ᠂ ᠳᠤᠷ᠎ᠠ᠎ᠪᠠᠷ ᠪᠠᠢᠭᠤᠯᠬᠤ ᠠᠰᠠᠭᠤᠳᠠᠯ᠎ᠢ ᠪᠦᠲᠦᠮᠵᠢᠳᠡᠢ ᠵᠠᠰᠠᠵᠤ ᠪᠠᠢᠭ᠎ᠠ ᠪᠦᠭᠡᠳ 484 ᠲᠦᠮᠡᠨ ᠲᠤᠨ ᠬᠤᠭ ᠨᠤᠪᠰᠢ᠎ᠶ᠋ᠢ ᠴᠡᠪᠡᠷᠯᠡᠵᠦ᠍᠂ 794 ᠺᠢᠯᠤᠮᠧᠲᠷ᠎ᠤᠨ ᠭᠤᠤᠯ᠎ᠤᠨ ᠤᠰᠤ᠎ᠶ᠋ᠢ ᠴᠡᠪᠡᠷᠱᠢᠬᠦᠯᠵᠦ᠍᠂ 979 ᠺᠢᠯᠤᠮᠧᠲᠷ᠎ᠤᠨ ᠭᠤᠤᠯ᠎ᠤᠨ ᠡᠷᠬᠢ᠎ᠶ᠋ᠢᠨ ᠠᠮᠢ ᠠᠬᠤᠢ᠎ᠶ᠋ᠢ ᠵᠠᠰᠠᠵᠤ᠂ ᠬᠠᠤᠯᠢ ᠪᠤᠰᠤ᠎ᠪᠠᠷ ᠪᠤᠬᠢᠷ ᠤᠰᠤ ᠭᠠᠳᠠᠭ᠍ᠰᠢᠯᠠᠭᠤᠯᠤᠭ᠍ᠰᠠᠨ ᠬᠡᠷᠡᠭ 154᠂ ᠬᠠᠤᠯᠢ ᠪᠤᠰᠤ᠎ᠪᠠᠷ ᠠᠳᠠᠷ ᠬᠠᠭᠠᠯᠪᠤᠷᠢᠯᠠᠭ᠍ᠰᠠᠨ ᠬᠡᠷᠡᠭ 145᠂ ᠬᠠᠤᠯᠢ ᠪᠤᠰᠤ᠎ᠪᠠᠷ ᠱᠢᠷᠤᠢ ᠮᠠᠯᠳᠠᠭ᠍ᠰᠠᠨ ᠬᠡᠷᠡᠭ 447 ᠎ᠶ᠋ᠢ ᠱᠢᠢᠳᠪᠦᠷᠢᠯᠡᠵᠡᠢ᠃
    • ᠤᠢ᠍ᠢᠷ᠎ᠠ᠎ᠶ᠋ᠢᠨ ᠡᠳᠦᠷ᠂ ᠦᠪᠡᠷᠳᠡᠭᠡᠨ ᠵᠠᠰᠠᠬᠤ ᠤᠷᠤᠨ᠎ᠤ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ᠎ᠶ᠋ᠢᠨ ᠳᠤᠪᠴᠢᠶ᠎ᠠ᠎ᠠᠴᠠ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠢᠯᠡᠷᠡᠭ᠌ᠰᠡᠨ ᠬᠠᠭᠤᠷᠮᠠᠭ ᠰᠦ᠎ᠶ᠋ᠢᠨ ᠪᠦᠲᠦᠭᠡᠭ᠌ᠳᠡᠬᠦᠨ᠎ᠢ ᠳᠠᠩᠰᠠᠯᠠᠨ ᠪᠠᠢᠴᠠᠭᠠᠬᠤ᠎ᠪᠠᠷ ᠳᠤᠭ᠍ᠳᠠᠭ᠍ᠰᠠᠨ ᠪᠦᠭᠡᠳ ᠤᠯᠤᠰ᠎ᠤᠨ ᠵᠠᠬ᠎ᠠ ᠳᠡᠯᠭᠡᠬᠦᠷ᠎ᠤᠨ ᠬᠢᠨᠠᠨ ᠬᠠᠮᠢᠶᠠᠷᠤᠯᠳᠠ᠎ᠶ᠋ᠢᠨ ᠶᠡᠷᠦᠩᠬᠡᠢ ᠳᠤᠪᠴᠢᠶ᠎ᠠ᠎ᠳᠤ ᠬᠡᠷᠡᠭ᠎ᠤᠨ ᠪᠠᠢᠳᠠᠯ᠎ᠢ ᠮᠡᠳᠡᠬᠦᠯᠪᠡ᠃
    • ᠦᠨᠦᠳᠦᠷ ᠪᠤᠯ 3 ᠰᠠᠷ᠎ᠠ᠎ᠶ᠋ᠢᠨ 12᠂ ᠮᠤᠳᠤ ᠳᠠᠷᠢᠬᠤ ᠡᠳᠦᠷ ᠳᠤᠬᠢᠶᠠᠵᠤ ᠪᠠᠢᠨ᠎ᠠ᠃ 2012 ᠤᠨ᠎ᠠᠴᠠ ᠨᠠᠰᠢ᠂ ᠮᠠᠨ᠎ᠤ ᠤᠷᠤᠨ ᠨᠤᠭᠤᠭᠠᠷᠠᠭᠤᠯᠤᠯᠳᠠ ᠪᠠ ᠠᠯᠪᠠᠨ ᠵᠢᠷᠤᠮ᠎ᠤᠨ ᠤᠢ᠍ᠢᠵᠢᠭᠤᠯᠤᠯᠳᠠ᠎ᠶ᠋ᠢᠨ ᠠᠵᠢᠯ᠎ᠢ ᠲᠦᠷᠭᠡᠳᠭᠡᠨ ᠠᠬᠢᠭᠤᠯᠤᠭ᠍ᠰᠠᠨ᠎ᠠᠴᠠ ᠨᠠᠰᠢ᠂ ᠨᠢᠭᠡᠨᠳᠡ 7661 ᠲᠦᠮᠡᠨ ᠬᠦᠮᠦᠨ ᠤᠳᠠᠭ᠎ᠠ᠎ᠶ᠋ᠢᠨ ᠠᠯᠪᠠᠨ ᠵᠢᠷᠤᠮ᠎ᠤᠨ ᠮᠤᠳᠤ ᠳᠠᠷᠢᠬᠤ ᠠᠵᠢᠯ᠎ᠢ ᠵᠤᠬᠢᠶᠠᠨ ᠪᠠᠢᠭᠤᠯᠵᠤ᠂ 4.45 ᠳ᠋ᠦᠩᠱᠢᠭᠤᠷ ᠰᠠᠭᠤᠷᠢ ᠮᠤᠳᠤ ᠳᠠᠷᠢᠭ᠍ᠰᠠᠨ ᠪᠠᠢᠨ᠎ᠠ᠃
   ᠰᠤᠶᠤᠯ ᠲᠠᠮᠢᠷ᠎ᠤᠨ ᠮᠡᠳᠡᠭᠡ
    • 2019 ᠤᠨ᠎ᠳᠤ᠂ ᠬᠦᠬᠡᠬᠤᠳᠠ ᠨᠡᠢᠳᠡ 22.5 ᠳ᠋ᠦᠡᠭ᠌ᠰᠢᠭᠤᠷ ᠲᠦᠬᠦᠷᠢᠭ᠎ᠤᠨ ᠪᠡᠯᠡ ᠤᠷᠤᠭᠤᠯᠵᠤ᠂ 25 ᠰᠤᠷᠭᠠᠭᠤᠯᠢ ᠪᠠᠢᠭᠤᠯᠬᠤ᠎ᠪᠠᠷ ᠲᠦᠯᠦᠪᠯᠡᠵᠦ᠍ ᠪᠤᠢ᠃ ᠡᠳᠡᠭᠡᠷ 25 ᠰᠤᠷᠭᠠᠭᠤᠯᠢ᠎ᠶ᠋ᠢᠨ ᠳᠠᠯᠠᠪᠠᠢ ᠨᠡᠢᠳᠡ 49.5 ᠲᠦᠮᠡᠨ ᠳᠡᠭ᠌ᠰᠢ ᠳᠦᠷᠪᠡᠯᠵᠢᠨ ᠮᠧᠲᠷ ᠬᠦᠷᠴᠤ᠌᠂ 2.9 ᠲᠦᠮᠡᠨ ᠰᠤᠷᠤᠭ᠍ᠴᠢ ᠨᠡᠮᠡᠵᠦ᠍ ᠡᠯᠰᠡᠬᠦ᠌ ᠪᠤᠯᠤᠨ᠎ᠠ᠃
    • ᠱᠢᠨᠵᠢᠶᠠᠩ᠂ ᠭᠠᠨᠰᠦ᠂ ᠬᠦᠬᠡᠨᠠᠭᠤᠷ᠂ ᠰᠧᠴᠤᠸᠠᠨ᠂ ᠦᠪᠦᠷ ᠮᠣᠩᠭᠤᠯ ᠵᠡᠷᠭᠡ ᠮᠤᠵᠢ ᠣᠷᠣᠨ᠎ᠤ 600 ᠭᠠᠷᠤᠢ ᠵᠢᠷᠤᠭ᠎ᠠ ᠮᠣᠷᠢ ᠣᠷᠣᠯᠴᠠᠭ᠍ᠰᠠᠨ ᠪᠦᠬᠦ᠌ ᠣᠯᠣᠰ᠎ᠤᠨ ᠴᠦᠬᠡᠨ ᠲᠣᠭᠠᠲᠤ ᠦᠨᠳᠦᠰᠦᠲᠡᠨ᠎ᠤ ᠵᠢᠷᠤᠭ᠎ᠠ ᠮᠣᠷᠢᠨ᠎ᠤ ᠣᠷᠣᠯᠳᠤᠭᠠᠨ 5 ᠡᠳᠦᠷ ᠶᠠᠪᠤᠬ᠍ᠳᠠᠵᠦ᠍᠂ 3 ᠰᠠᠷ᠎ᠠ᠎ᠶ᠋ᠢᠨ 8 ᠎ᠤ ᠡᠳᠦᠷ ᠭᠠᠨᠰᠦ ᠮᠤᠵᠢ᠎ᠶ᠋ᠢᠨ ᠲᠢᠶᠠᠨ ᠵᠣᠣ ᠱᠢᠶᠠᠨ᠎ᠳᠤ ᠦᠨᠳᠦᠷᠯᠡᠪᠠ᠃ ᠲᠣᠰ ᠣᠷᠣᠯᠳᠤᠭᠠᠨ᠎ᠳᠤ᠂ ᠦᠦᠱᠢᠨ ᠨᠣᠲᠤᠭ᠎ᠤᠨ ᠤᠶᠠᠭᠠᠴᠢ ᠡᠷᠭᠢᠮᠪᠢᠯᠢᠭ᠎ᠤᠨ ᠵᠢᠷᠤᠭ᠎ᠠ ᠬᠠᠯᠲᠠᠷ ᠮᠣᠷᠢ 500 ᠮᠧᠳ᠋ᠷ᠎ᠤᠨ ᠣᠷᠣᠯᠳᠤᠭᠠᠨ᠎ᠳᠤ ᠲᠡᠷᠢᠭᠦᠯᠡᠵᠦ᠍᠂ 15000 ᠲᠦᠭᠦᠷᠢᠭ᠎ᠢᠶᠠᠷ ᠱᠠᠩᠨᠠᠭᠤᠯᠤᠭ᠍ᠰᠠᠨ ᠪᠠᠢᠨ᠎ᠠ᠃
    ᠦᠢᠯᠡᠴᠢᠯᠡᠭᠡᠨ᠎ᠤ ᠮᠡᠳᠡᠭᠡ
    • ᠦᠪᠡᠷᠳᠡᠭᠡᠨ ᠵᠠᠰᠠᠬᠤ ᠤᠷᠤᠨ᠎ᠤ ᠴᠠᠭ ᠠᠭᠤᠷ᠎ᠤᠨ ᠮᠡᠳᠡᠭᠡᠯᠡᠯ᠎ᠢ ᠦᠨᠳᠦᠰᠦᠯᠡᠪᠡᠯ᠂ ᠢᠷᠡᠬᠦ᠌ ᠬᠤᠶᠠᠷ ᠬᠤᠨᠤᠭ᠎ᠲᠤ ᠮᠠᠨ᠎ᠤ ᠤᠷᠤᠨ᠎ᠤ ᠵᠡᠬᠦᠨ ᠪᠡᠶ᠎ᠠ᠎ᠶ᠋ᠢᠨ ᠭᠠᠵᠠᠷ ᠤᠷᠤᠨ᠎ᠢᠶᠠᠷ ᠴᠠᠰᠤ ᠪᠤᠷᠤᠭᠠᠨ ᠤᠷᠤᠵᠤ᠂ ᠳᠤᠮᠳᠠ ᠵᠡᠬᠦᠨ ᠪᠡᠶ᠎ᠠ᠎ᠶ᠋ᠢᠨ ᠭᠠᠵᠠᠷ ᠤᠷᠤᠨ᠎ᠤ ᠳᠤᠯᠠᠭᠠᠨ᠎ᠤ ᠬᠡᠮᠵᠢᠶ᠎ᠠ ᠦᠷᠬᠦᠯᠵᠢᠯᠡᠨ ᠪᠠᠭᠤᠷᠠᠬᠤ᠎ᠶ᠋ᠢᠨ ᠬᠠᠮᠲᠤ ᠶᠡᠭᠡ ᠰᠠᠯᠬᠢ ᠰᠠᠯᠬᠢᠯᠠᠨ᠎ᠠ᠃ 12 ᠎ᠤᠨ ᠡᠳᠦᠷ᠎ᠠᠴᠠ᠂ ᠬᠦᠯᠦᠨ ᠪᠤᠢᠷ᠎ᠤᠨ ᠳᠤᠮᠳᠠ ᠭᠡᠰᠡᠭ᠎ᠤᠨ ᠭᠠᠵᠠᠷ᠎ᠲᠤ ᠪᠠᠭ᠎ᠠ ᠴᠠᠰᠤ ᠤᠷᠤᠵᠤ᠂ ᠵᠡᠬᠦᠨ ᠬᠤᠢᠲᠤ ᠬᠡᠰᠡᠭ᠎ᠲᠤ ᠳᠤᠮᠳᠠ ᠵᠡᠷᠭᠡ᠎ᠶ᠋ᠢᠨ ᠴᠠᠰᠤ ᠤᠷᠤᠨ᠎ᠠ᠃ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠳᠠ᠂ ᠤᠯᠠᠭᠠᠬᠠᠨᠳᠠ ᠬᠤᠳᠠ ᠵᠡᠷᠭᠡ ᠭᠠᠵᠠᠷ ᠤᠷᠤᠨ᠎ᠢᠶᠠᠷ 5 ᠳᠡᠰ᠎ᠤᠨ ᠰᠠᠯᠬᠢ᠎ᠲᠠᠢ᠃
    • 《12345 ᠬᠤᠳᠠ᠎ᠶ᠋ᠢᠨ ᠲᠠᠷᠤᠭ᠎ᠠ᠎ᠶ᠋ᠢᠨ ᠬᠠᠯᠠᠮᠱᠢᠯ ᠤᠳᠠᠰᠦ》 ᠬᠡᠷ᠎ᠡ᠎ᠪᠠᠷ ᠠᠵᠢᠯᠯᠠᠬᠤ ᠤᠳᠠᠰᠦ ᠵᠠᠯᠭᠠᠬ᠍ᠴᠢ 20 ᠬᠦᠮᠦᠨ ᠡᠯᠰᠡᠨ᠎ᠡ᠃ 2019 ᠤᠨ᠎ᠤ 3 ᠰᠠᠷ᠎ᠠ᠎ᠶ᠋ᠢᠨ 18 ᠎ᠤ ᠡᠳᠦᠷ᠎ᠤᠨ 9 ᠴᠠᠭ — 3 ᠰᠠᠷ᠎ᠠ᠎ᠶ᠋ᠢᠨ 20 ᠎ᠤ ᠡᠳᠦᠷ᠎ᠤᠨ 17 ᠴᠠᠭ ᠪᠤᠯᠳᠠᠯ᠎ᠠ ᠰᠦᠯᠵᠢᠶᠠᠨ ᠳᠡᠭᠡᠷ᠎ᠠ ᠨᠡᠷ᠎ᠠ ᠮᠡᠳᠡᠬᠦᠯᠦᠨ᠎ᠠ᠃ ᠠᠰᠠᠭᠤᠨ ᠯᠠᠪᠯᠠᠬᠤ ᠤᠳᠠᠰᠦ᠄ 0471 — 5900227 (ᠨᠠᠷᠢᠨ ᠪᠠᠢᠳᠠᠯ᠎ᠢ 2019 ᠤᠨ᠎ᠤ 3 ᠰᠠᠷ᠎ᠠ᠎ᠶ᠋ᠢᠨ 15 ᠎ᠤ ᠡᠳᠦᠷ ᠰᠦᠯᠵᠢᠶᠡᠨ᠎ᠳᠤ ᠭᠠᠷᠴᠦ᠍ ᠦᠵᠡᠬᠡᠷᠡᠢ᠄ http://www.hhpta.org.cn
    ᠦᠨᠦᠳᠦᠷ᠎ᠤᠨ ᠮᠡᠳᠡᠭᠡ ᠡᠬᠦᠪᠡᠷ ᠦᠨᠳᠦᠷᠯᠡᠵᠦ᠍ ᠪᠠᠢᠨ᠎ᠠ᠃ ᠳᠠᠷᠠᠭᠠᠴᠢ᠎ᠶ᠋ᠢᠨ ᠳ᠋ᠤᠭᠠᠷ᠎ᠲᠤ ᠳᠠᠬᠢᠨ ᠵᠤᠯᠭᠠᠶ᠎ᠠ᠃ ᠪᠠᠶᠠᠷᠳᠠᠢ᠃

ᠬᠤᠪᠢᠶᠠᠯᠴᠠᠬᠤ᠄
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号