|
|
|
|
|
3 ᠰᠠᠷ᠎ᠠ᠎ᠶ᠋ᠢᠨ 13 ᠤ ᠡᠳᠣᠷ
|
|
|
|
|
ᠡᠬᠢᠯᠡᠬᠦ᠌ ᠴᠠᠭ᠄
2019-03-13 11:46:59
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠬᠢᠮ ᠬᠦᠠᠳᠦᠲᠦ ᠰᠦᠯᠵᠢᠶᠡᠨ ᠠᠠᠳᠠ ᠨᠠᠷ ᠮᠢᠨᠢ᠂ ᠰᠠᠢᠨ ᠪᠠᠢᠨᠠᠤ? ᠦᠨᠥᠳᠦᠷ ᠪᠣᠯ 2019 ᠣᠨ᠎ᠤ 3 ᠰᠠᠷ᠎ᠠ᠎ᠶ᠋ᠢᠨ 13 ᠤ ᠡᠳᠣᠷ᠂ ᠪᠢᠯᠢᠭ᠎ᠤᠨ ᠤᠯᠠᠷᠢᠯ᠎ᠤᠨ ᠱᠢᠷᠠᠬ᠍ᠴᠢᠨ ᠭᠠᠭ᠍ᠠᠢ ᠵᠢᠯ᠎ᠤᠨ 2 ᠰᠠᠷ᠎ᠠ᠎ᠶ᠋ᠢᠨ 7᠂ ᠭᠠᠷᠠᠭ᠎ᠤᠨ ᠭᠤᠷᠪᠠᠨ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠷᠯᠥᠭᠡ᠎ᠶ᠋ᠢᠨ ᠮᠡᠳᠡᠭᠡ》 ᠲᠠ ᠪᠦᠬᠦᠨ᠎ᠲᠠᠢ᠎ᠪᠠᠨ ᠮᠡᠠᠳᠦᠴᠢᠯᠡᠨ ᠵᠣᠯᠭᠠᠵᠥ᠍ ᠪᠠᠢᠨ᠎ᠠ᠃ ᠪᠦᠬᠦ᠌ ᠤᠯᠣᠰ᠎ᠤᠨ ᠬᠤᠶᠠᠷ ᠬᠤᠷᠠᠯ᠎ᠤᠨ ᠮᠡᠳᠡᠭᠡ •12 ᠤᠨ ᠦᠳᠡ᠎ᠶ᠋ᠢᠨ ᠡᠮᠤᠨ᠎ᠡ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠭᠤᠷᠪᠠᠳᠤᠭᠠᠷ ᠪᠦᠬᠦᠳᠡ ᠬᠤᠷᠠᠯ ᠬᠤᠷᠠᠯᠳᠤᠭᠤᠯᠵᠥ᠍᠂ ᠠᠷᠠᠳ᠎ᠤᠨ ᠳᠡᠭᠡᠳᠦ ᠱᠢᠭᠦᠭᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠤᠯᠳᠠ᠎ᠶ᠋ᠢ ᠰᠤᠨᠣᠰᠪᠠ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ ᠨᠠᠷ ᠬᠤᠷᠠᠯ᠎ᠳᠤ ᠤᠷᠣᠯᠴᠠᠪᠠ᠃ • ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ 12 ᠤᠨ ᠦᠳᠡ᠎ᠶ᠋ᠢᠨ ᠬᠤᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠤᠨ ᠪᠦᠯᠬᠦᠮ᠎ᠤᠨ ᠪᠦᠬᠦᠳᠡ ᠬᠤᠷᠠᠯ᠎ᠳᠤ ᠤᠷᠣᠯᠴᠠᠪᠠ᠃ • 12 ᠤᠨ ᠡᠳᠦᠷ᠂ ᠮᠠᠨ᠎ᠤ ᠤᠷᠣᠨ᠎ᠤ ᠲᠦᠯᠦᠭᠡᠯᠡᠭ᠌ᠴᠢᠳ᠎ᠤᠨ ᠪᠦᠯᠬᠦᠮ ᠭᠠᠳᠠᠭᠠᠲᠦ᠎ᠶ᠋ᠢᠨ ᠠᠷᠠᠯᠵᠢᠶᠠᠴᠢᠨ᠎ᠤ ᠪᠡᠯᠡ ᠤᠷᠣᠭᠤᠯᠤᠯᠲᠠ᠎ᠶ᠋ᠢᠨ ᠬᠠᠤᠯᠢ᠎ᠶ᠋ᠢᠨ ᠲᠦᠰᠦᠯ᠎ᠤᠨ ᠵᠠᠰᠠᠪᠦᠷᠢ ᠤᠷᠤᠭᠤᠯᠤᠬ᠍ᠰᠠᠨ ᠨᠤᠣᠷᠠᠭ ᠪᠤᠯᠣᠨ 《ᠬᠤᠶᠠᠷ ᠬᠤᠷᠢᠶ᠎ᠠ》 ᠶ᠋ᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠦᠪᠯᠡᠪᠡ᠃ ᠦᠪᠦᠷ ᠮᠤᠩᠭᠤᠯ᠎ᠤᠨ ᠲᠦᠯᠥᠭᠡᠯᠡᠭ᠌ᠴᠢᠳ᠎ᠤᠨ ᠪᠦᠯᠬᠦᠮ᠎ᠤᠨ ᠳᠠᠷᠤᠭ᠎ᠠ ᠯᠢ ᠵᠶ᠋ᠢ ᠡᠾᠸᠡᠭ᠂ ᠳᠡᠳ᠋ ᠳᠠᠷᠤᠭ᠎ᠠ ᠪᠦ᠋ ᠱᠢᠶᠤᠣ ᠯᠢᠨ ᠦᠭᠡ ᠬᠡᠯᠡᠪᠡ᠃ •12 ᠤᠨ ᠡᠳᠦᠷ᠂ ᠮᠠᠨ᠎ᠤ ᠤᠷᠣᠨ᠎ᠳᠤ ᠰᠠᠭᠤᠭ᠎ᠠ ᠪᠦᠬᠦ᠌ ᠤᠯᠣᠰ᠎ᠤᠨ ᠤᠯᠣᠰ ᠲᠦᠷᠥ᠎ᠶ᠋ᠢᠨ ᠵᠦᠪᠯᠡᠯᠭᠡᠨ᠎ᠤ ᠬᠡᠱᠢᠭᠦᠳ 《ᠬᠤᠶᠠᠷ ᠬᠤᠷᠢᠶ᠎ᠠ》 ᠶ᠋ᠢᠨ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠪᠠ᠃ • ᠦᠨᠦᠳᠦᠷ ᠦᠳᠡ᠎ᠶ᠋ᠢᠨ ᠡᠮᠦᠨᠡᠬᠢ 9 ᠴᠠᠭ 30 ᠮᠢᠨᠦ᠋ᠲ᠎ᠲᠤ᠌᠂ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠣᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ ᠲᠡᠭᠦᠰᠭᠦ ᠬᠤᠷᠠᠯ ᠬᠢᠵᠦ᠍᠂ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠠᠵᠢᠯ᠎ᠤᠨ ᠮᠡᠳᠡᠭᠦᠯᠦᠯᠳᠡ᠎ᠶ᠋ᠢᠨ ᠲᠤᠬᠠᠢ ᠱᠢᠢᠳᠪᠦᠷᠢ᠎ᠶ᠋ᠢ ᠪᠠᠳᠤᠯᠠᠨ᠎ᠠ; ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠡᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ᠎ᠤᠨ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠬ᠍ᠰᠠᠨ ᠲᠤᠬᠠᠢ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠰᠠᠨᠠᠯ ᠲᠤᠷᠠᠳᠤᠯᠭ᠎ᠠ᠎ᠶ᠋ᠢᠨ ᠵᠦᠪᠯᠡᠯ᠎ᠤᠨ ᠮᠡᠳᠡᠭᠦᠯᠦᠯᠳᠡ᠎ᠶ᠋ᠢ ᠪᠠᠳᠤᠯᠠᠨ᠎ᠠ; ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ᠎ᠤᠨ ᠤᠯᠤᠰ ᠲᠦᠷᠦ᠎ᠶ᠋ᠢᠨ ᠱᠢᠢᠳᠪᠦᠷᠢ᠎ᠶ᠋ᠢ ᠪᠠᠳᠤᠯᠠᠨ᠎ᠠ᠃ • ᠦᠨᠦᠳᠦᠷ ᠦᠳᠡ᠎ᠶ᠋ᠢᠨ ᠡᠮᠣᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠲᠦᠯᠦᠭᠡᠯᠡᠭ᠌ᠴᠢᠳ᠎ᠤᠨ ᠪᠦᠯᠬᠦᠮ ᠲᠣᠭᠤᠢ᠍ᠢᠯᠠᠩ ᠬᠤᠪᠢᠶᠠᠵᠦ᠍ ᠬᠤᠷᠠᠯ ᠬᠢᠵᠦ᠍᠂ ᠠᠷᠠᠳ᠎ᠤᠨ ᠲᠡᠭᠡᠳᠣ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠬᠦᠯᠦᠯᠳᠡ ᠪᠠ ᠠᠷᠠᠳ᠎ᠤᠨ ᠲᠡᠭᠡᠳᠣ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢ ᠬᠢᠨᠠᠨ ᠵᠦᠪᠯᠡᠨ᠎ᠠ᠃ ● ᠦᠨᠦᠳᠦᠷ ᠦᠳᠡ᠎ᠶ᠋ᠢᠨ ᠬᠤᠢᠨ᠎ᠠ᠂ ᠲᠦᠯᠦᠭᠡᠯᠡᠭ᠌ᠴᠢᠳ᠎ᠤᠨ ᠪᠦᠯᠬᠦᠮ ᠲᠣᠭᠤᠢ᠍ᠢᠯᠠᠩ ᠬᠤᠪᠢᠶᠠᠵᠦ᠍ ᠬᠤᠷᠠᠯ ᠬᠢᠵᠦ᠍᠂ ᠠᠷᠠᠳ᠎ᠤᠨ ᠲᠡᠭᠡᠳᠣ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠬᠦᠯᠦᠯᠳᠡ ᠪᠠ ᠠᠷᠠᠳ᠎ᠤᠨ ᠲᠡᠭᠡᠳᠣ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢ ᠬᠢᠨᠠᠨ ᠵᠦᠪᠯᠡᠨ᠎ᠠ᠃ ᠨᠡᠢᠭᠡᠮ᠎ᠤᠨ ᠰᠤᠨᠢᠨ ᠮᠡᠳᠡᠭᠡ • 1 ᠰᠠᠷ᠎ᠠ᠎ᠳᠤ᠂ ᠮᠠᠨ᠎ᠤ ᠣᠷᠣᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠪᠠᠷᠠᠭᠠᠨ᠎ᠤ ᠶᠡᠷᠦᠩᠬᠡᠢ ᠥᠷᠳᠡᠭ 91.25 ᠳ᠋ᠦᠩᠱᠢᠭᠤᠷ ᠲᠥᠭᠦᠷᠢᠭ᠎ᠲᠤ ᠬᠦᠷᠴᠤ᠌᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 11.5% ᠪᠠᠷ ᠨᠡᠮᠡᠭ᠌ᠳᠡᠵᠡᠢ᠃ • 3 ᠰᠠᠷ᠎ᠠ᠎ᠶ᠋ᠢᠨ 12 ᠤᠨ ᠡᠳᠦᠷ᠂ 242 ᠤᠯᠣᠰ᠎ᠤᠨ ᠵᠠᠮ᠎ᠤᠨ ᠭᠠᠭ᠍ᠴᠠᠮᠤᠲᠦᠠᠴᠠ ᠯᠢᠨ ᠡᠾᠧ ᠬᠦᠷᠬᠦ᠌ ᠨᠢᠭᠡᠳᠦᠭᠡᠷ ᠳᠡᠰ᠎ᠤᠨ ᠵᠠᠰᠠᠮᠠᠯ ᠵᠠᠮ ᠲᠡᠷᠭᠡ ᠨᠡᠪᠲᠡᠷᠡᠪᠡ᠃ • ᠨᠢᠳᠤᠨᠤᠨ ᠬᠦᠬᠡᠬᠤᠳᠠ᠎ᠶ᠋ᠢᠨ ᠡᠷᠡᠬᠦᠯ ᠬᠠᠮᠠᠭᠠᠯᠠᠯ ᠡᠷᠡᠬᠦᠯ ᠮᠡᠨᠳᠦ᠎ᠶ᠋ᠢᠨ ᠰᠠᠯᠠᠭ᠎ᠠ ᠮᠦᠴᠢᠷ᠎ᠤᠨ᠎ᠬᠢᠨ ᠶᠠᠳᠠᠭᠤ᠎ᠠᠴᠠ ᠠᠩᠬᠢᠵᠢᠷᠠᠭᠤᠯᠵᠦ᠍ ᠪᠤᠭᠤᠮᠳᠠ ᠱᠢᠪᠳᠤᠯᠬᠤ ᠳᠠᠢᠯᠠᠯᠳᠤᠭᠠᠨ᠎ᠤ ᠱᠢᠢᠳᠪᠦᠷᠢᠳᠦ ᠪᠤᠳᠤᠯᠭ᠎ᠠ᠎ᠶ᠋ᠢᠨ ᠪᠠᠢᠷᠢᠱᠢᠭᠤᠯᠤᠯᠳᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠡᠷᠡᠬᠦᠯ ᠮᠡᠨᠳᠦ᠎ᠪᠠᠷ ᠶᠠᠳᠠᠭᠤ᠎ᠶ᠋ᠢ ᠳᠡᠳᠬᠦᠬᠦ᠌ ᠲᠤᠰᠭᠠᠢ ᠲᠦᠷᠦᠯ᠎ᠤᠨ ᠪᠡᠯᠡ ᠮᠦᠩᠬᠦ᠌᠎ᠶ᠋ᠢ 2000 ᠲᠦᠮᠡᠨ ᠲᠦᠭᠦᠷᠢᠭ ᠨᠠᠢᠳᠠᠪᠤᠷᠢᠵᠢᠭᠤᠯᠪᠠ᠃ • ᠮᠤᠷᠢᠡᠳᠠᠪᠠᠭᠠᠶ᠋ᠢᠨ ᠲᠠᠭᠤᠷ ᠦᠨᠳᠤᠰᠤᠳᠡᠨ᠎ᠤ ᠦᠪᠡᠷᠳᠡᠭᠡᠨ ᠵᠠᠰᠠᠬᠤ ᠬᠤᠱᠢᠭᠤ 2018 ᠤᠨ᠎ᠳᠤ 《ᠵᠡᠬᠢᠶᠠᠯᠠᠭᠠᠶ᠋ᠢᠨ ᠭᠡᠯᠪᠡᠷᠢ》 ᠶ᠋ᠢᠨ ᠠᠵᠤ ᠦᠢᠯᠡᠰ᠎ᠢᠶᠠᠷ ᠶᠡᠳᠠᠭᠤ᠎ᠶ᠋ᠢ ᠲᠡᠤᠡᠬᠦᠬᠦ᠌ ᠲᠦᠷᠤᠯ ᠵᠦᠢᠯ᠎ᠤᠨ ᠨᠦᠬᠦᠪᠤᠷᠢ᠎ᠶ᠋ᠢ 2200 ᠲᠦᠮᠡᠨ ᠲᠦᠬᠦᠷᠢᠭ ᠪᠠᠭᠤᠯᠭᠠᠨ 220 ᠵᠠᠰᠠᠭ ᠵᠠᠬᠢᠷᠭᠠᠨ᠎ᠤ ᠲᠤᠰᠭᠤᠨ᠎ᠳᠤ ᠪᠦᠬᠦᠨ᠎ᠢ ᠪᠦᠷᠬᠦᠬᠦᠯᠵᠤ᠂ 《ᠨᠠᠢ᠍ᠮᠠ᠎ᠶ᠋ᠢ ᠲᠠᠷᠢᠵᠤ ᠨᠠᠢ᠍ᠮᠠ᠎ᠶ᠋ᠢ ᠲᠠᠵᠢᠭᠡᠬᠦ᠌》 ᠲᠦᠷᠤᠯ ᠵᠦᠢᠯ᠎ᠢ ᠭᠡᠷᠡᠭ᠌ᠵᠢᠬᠦᠯᠤᠨ 3975 ᠶᠡᠳᠠᠭᠤ ᠬᠦᠴᠢᠷᠳᠡᠯᠳᠡᠢ ᠡᠷᠤᠭᠡ᠎ᠶ᠋ᠢᠨ 10723 ᠬᠦᠮᠤᠨ ᠠᠮᠠ᠎ᠳᠤ ᠠᠱᠢᠭ ᠬᠦᠷᠳᠡᠭᠡᠪᠡ᠃ • ᠪᠠᠷᠠᠭᠤᠨ ᠦᠵᠦᠮᠦᠴᠢᠨ ᠬᠤᠱᠢᠭᠤᠨ᠎ᠤ ᠬᠠᠤᠯᠢ ᠴᠠᠭᠠᠵᠠ᠎ᠶ᠋ᠢᠨ ᠲᠤᠪᠴᠢᠶ᠎ᠠ᠎ᠶ᠋ᠢᠨ ᠬᠠᠤᠯᠢ᠎ᠶ᠋ᠢᠨ ᠳᠤᠰᠠᠯᠠᠮᠵᠢ᠎ᠶ᠋ᠢᠨ ᠲᠥᠪ 1 ᠰᠠᠷ᠎ᠠ᠎ᠳᠤ ᠨᠡᠢᠲᠡ 46 ᠬᠠᠤᠯᠢ ᠴᠠᠭᠠᠵᠠ᠎ᠶ᠋ᠢᠨ ᠳᠤᠰᠠᠯᠠᠮᠵᠢ᠎ᠶ᠋ᠢᠨ ᠬᠡᠷᠡᠭ ᠬᠦᠯᠢᠶᠡᠨ ᠠᠪᠴᠦ᠍ ᠱᠢᠢᠳᠪᠦᠷᠢᠯᠡᠪᠡ᠃ • ᠤᠢ᠍ᠢᠷ᠎ᠠ᠎ᠳᠤ᠂ ᠤᠯᠤᠰ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ᠎ᠶ᠋ᠢᠨ ᠥᠪᠥᠷ ᠮᠣᠩᠭᠤᠯ᠎ᠳᠠᠬᠢ ᠬᠤᠪᠢᠶᠠᠷᠢ ᠪᠠᠩᠬᠢ ᠪᠠ ᠤᠷᠳᠤᠰ ᠬᠤᠳᠠ᠎ᠶ᠋ᠢᠨ ᠤᠳᠤᠭ᠎ᠤᠨ ᠡᠮᠦᠨᠡᠲᠦ ᠬᠤᠱᠢᠭᠤᠨ᠎ᠤ ᠱᠧᠦ ᠴᠤᠸᠠᠩ ᠪᠡᠯᠡ ᠣᠷᠣᠭᠤᠯᠤᠯᠲᠠ ᠪᠦᠲᠦᠭᠡᠨ ᠪᠠᠢᠭᠤᠯᠤᠯᠲᠠ ᠡᠵᠡᠩᠨᠡᠯᠲᠡ᠎ᠶ᠋ᠢᠨ ᠬᠢᠵᠠᠭᠠᠷᠲᠤ ᠺᠣᠮᠫᠠᠨᠢ᠎ᠨᠢ ᠤᠷᠳᠤᠰ ᠬᠤᠳᠠ᠎ᠶ᠋ᠢᠨ ᠤᠳᠤᠭ᠎ᠤᠨ ᠡᠮᠦᠨᠡᠲᠦ ᠬᠤᠱᠢᠭᠤᠨ᠎ᠤ ᠪᠣᠷᠣ ᠪᠠᠯᠭᠠᠰᠤ᠎ᠶ᠋ᠢᠨ ᠬᠤᠪᠢᠰᠭᠠᠯ᠎ᠤᠨ ᠵᠢᠵᠢᠭ ᠪᠠᠯᠭᠠᠰᠤᠨ᠎ᠤ PPP ᠲᠦᠷᠦᠯ ᠵᠦᠢᠯ᠎ᠤᠨ ᠳᠤᠬᠠᠢ ᠵᠢᠭᠡᠯᠡᠯᠭᠡ᠎ᠶ᠋ᠢᠨ ᠭᠡᠷ᠎ᠡ ᠳᠤᠭ᠍ᠳᠠᠵᠤ᠂ ᠭᠡᠷ᠎ᠡ᠎ᠶ᠋ᠢᠨ ᠵᠣᠭᠤᠰᠣᠨ᠎ᠤ ᠬᠡᠮᠵᠢᠶ᠎ᠠ᠎ᠨᠢ 4.28 ᠳ᠋ᠦᠩᠱᠢᠭᠤᠷ ᠲᠥᠭᠦᠷᠢᠭ᠎ᠲᠤ ᠬᠦᠷᠴᠠᠢ᠃ • ᠦᠩᠭᠡᠷᠡᠭ᠌ᠰᠡᠨ ᠵᠢᠯ ᠬᠢᠨᠭ᠌ᠭᠠᠨ ᠠᠢᠮᠠᠭ ᠭᠤᠤᠯᠳᠠᠯᠭ᠎ᠠ᠎ᠲᠠᠢ ᠲᠦᠷᠦᠯ ᠵᠦᠢᠯ᠎ᠢ 129 ᠬᠡᠷᠡᠭ᠌ᠵᠢᠬᠦᠯᠵᠣ᠂ 211 ᠳ᠋ᠦᠩᠱᠢᠭᠤᠷ ᠲᠦᠭᠦᠷᠢᠭ᠎ᠤᠨ ᠪᠡᠯᠡ ᠤᠷᠤᠭᠤᠯᠵᠣ᠂ ᠨᠦᠭᠡᠴᠡᠯᠡᠭ᠌ᠰᠡᠨ ᠲᠦᠷᠦᠯ ᠵᠦᠢᠯ᠎ᠨᠢ 519 ᠳᠤ ᠬᠦᠷᠴᠦ᠍᠂ ᠶᠡᠷᠦᠩᠭᠡᠢ ᠪᠡᠯᠡ ᠤᠷᠤᠭᠤᠯᠤᠯᠳᠠ᠎ᠶ᠋ᠢᠨ ᠬᠡᠮᠵᠢᠶ᠎ᠡ᠎ᠨᠢ 1830 ᠳ᠋ᠦᠩᠱᠢᠭᠤᠷ ᠲᠦᠭᠦᠷᠢᠭ᠎ᠲᠤ ᠬᠦᠷᠴᠦ᠍᠂ ᠪᠦᠬᠦ᠌ ᠵᠢᠯ᠎ᠳᠤ ᠴᠢᠷᠮᠡᠢᠨ ᠤᠯᠤᠭ᠍ᠰᠠᠨ ᠪᠡᠯᠡ ᠮᠦᠩᠬᠦ᠌᠎ᠨᠢ ᠪᠦᠬᠦ᠌ ᠤᠷᠤᠨ᠎ᠤ ᠲᠡᠭ᠌ᠰᠢᠳᠭᠡᠭ᠌ᠰᠡᠨ ᠬᠢᠷᠢ ᠲᠦᠪᠱᠢᠨ᠎ᠠᠴᠠ ᠦᠨᠳᠦᠷ ᠪᠤᠯᠪᠠ᠃ • ᠤᠢ᠍ᠢᠷ᠎ᠡ᠎ᠳᠤ᠂ 《ᠬᠡᠯᠪᠡᠷᠢᠴᠢ ᠦᠵᠡᠯ᠎ᠤᠨ ᠲᠤᠪᠤᠢᠮ᠎ᠠ ᠠᠰᠠᠭᠤᠳᠠᠯ᠎ᠢ ᠱᠢᠢᠳᠪᠤᠷᠢᠯᠡᠵᠥ᠍ ᠦᠨᠳᠦᠰᠦᠨ ᠱᠠᠳᠤᠨ᠎ᠤ ᠲᠠᠷᠤᠭᠠᠰᠦ᠎ᠶ᠋ᠢ ᠬᠦᠩᠬᠡᠷᠡᠬᠦᠯᠬᠦ᠌ ᠲᠤᠬᠠᠢ ᠮᠡᠳᠡᠭ᠌ᠳᠡᠯ》 ᠳᠠᠷᠬᠠᠭᠠᠵᠤ᠂ 2019 ᠤᠨ᠎ᠢ 《ᠦᠨᠳᠦᠰᠦᠨ ᠱᠠᠳᠤᠨ᠎ᠤ ᠲᠠᠷᠤᠭᠠᠰᠦ᠎ᠶ᠋ᠢ ᠬᠦᠩᠬᠡᠷᠡᠬᠦᠯᠬᠦ᠌ ᠤᠨ》 ᠪᠤᠯᠭᠠᠬᠤ᠎ᠪᠠᠷ ᠲᠤᠳᠤᠷᠬᠠᠢ ᠲᠤᠷᠠᠳᠤᠭ᠍ᠰᠠᠨ ᠪᠠᠢᠨ᠎ᠠ᠃ ᠰᠤᠶᠣᠯ ᠲᠠᠮᠢᠷ᠎ᠤᠨ ᠮᠡᠳᠡᠭᠡ • ᠥᠪᠥᠷ ᠮᠤᠩᠭᠤᠯ᠎ᠤᠨ ᠬᠥᠯ ᠪᠥᠮᠪᠦᠭᠡ᠎ᠶ᠋ᠢᠨ ᠨᠡᠢᠭᠡᠮᠯᠢᠭ ᠥᠪᠡᠷᠳᠡᠭᠡᠨ ᠵᠠᠰᠠᠬᠤ ᠤᠷᠤᠨ᠎ᠤ ᠪᠡᠶ᠎ᠠ᠎ᠶ᠋ᠢᠨ ᠲᠠᠮᠢᠷ᠎ᠤᠨ ᠲᠤᠪᠴᠢᠶ᠎ᠠ᠎ᠠᠴᠠ ᠲᠤᠱᠢᠶᠠᠵᠥ᠍ ᠥᠭ᠌ᠬᠦᠭ᠌ᠰᠡᠨ 13 ᠬᠥᠯ ᠪᠥᠮᠪᠦᠭᠡ᠎ᠶ᠋ᠢᠨ ᠥᠢᠯᠡᠴᠢᠯᠡᠭᠡᠨ᠎ᠤ ᠲᠥᠷᠥᠯ ᠵᠦᠢᠯ᠎ᠢ ᠠᠮᠵᠢᠯᠳᠠ᠎ᠲᠠᠢ ᠪᠡᠶᠡᠯᠡᠬᠦᠯᠵᠥ᠍᠂ ᠮᠠᠨ᠎ᠤ ᠤᠷᠤᠨ᠎ᠤ ᠬᠥᠯ ᠪᠥᠮᠪᠦᠭᠡ᠎ᠶ᠋ᠢᠨ ᠡᠯ᠎ᠠ ᠵᠦᠢᠯ᠎ᠤᠨ ᠤᠷᠤᠯᠳᠤᠭᠠᠨ᠎ᠤ ᠲᠤᠭ᠎ᠠ ᠪᠠ ᠤᠷᠤᠯᠳᠤᠭᠠᠨ᠎ᠤ ᠲᠠᠯᠠᠪᠤᠷ ᠢᠯᠡᠳᠳᠠ ᠨᠡᠮᠡᠭ᠌ᠳᠠᠵᠥ᠍᠂ ᠪᠥᠬᠦ᠌ ᠤᠷᠤᠨ᠎ᠳᠤ ᠤᠳᠤ ᠬᠥᠯ ᠪᠥᠮᠪᠦᠭᠡ᠎ᠶ᠋ᠢᠨ ᠲᠡᠯᠡᠪᠤᠷ 3518 ᠪᠤᠯᠪᠡ᠃ • ᠦᠪᠦᠷ ᠮᠤᠩᠭᠤᠯ᠎ᠤᠨ ᠱᠢᠨᠬᠤᠸᠠ ᠨᠤᠮ᠎ᠤᠨ ᠳᠡᠯᠭᠡᠭᠦᠷ ᠪᠤᠯᠤᠨ ᠦᠪᠦᠷ ᠮᠤᠩᠭᠤᠯ᠎ᠤᠨ ᠠᠷᠠᠳ᠎ᠤᠨ ᠬᠡᠪᠯᠡᠯ᠎ᠤᠨ ᠬᠤᠷᠢᠶ᠎ᠠ᠎ᠠᠴᠠ ᠬᠠᠮᠲᠤᠷᠠᠨ ᠡᠷᠬᠢᠯᠡᠭ᠌ᠰᠡᠨ ᠠᠯᠳᠠᠷᠲᠤ ᠵᠤᠬᠢᠶᠠᠯᠴᠢ ᠱᠢᠦᠢ ᠹᠦ᠋ ᠯᠢᠩ᠎ᠤᠨ ᠵᠤᠬᠢᠶᠠᠨ ᠪᠦᠲᠦᠭᠡᠭ᠌ᠰᠡᠨ 《ᠮᠤᠩᠭᠤᠯ ᠦᠨᠳᠦᠰᠦᠲᠡᠨ᠎ᠤ ᠰᠤᠶᠤᠯ᠎ᠤᠨ ᠡᠷᠢᠯᠭᠢᠯᠡᠯ》 ᠬᠡᠮᠡᠬᠦ᠌ ᠱᠢᠨ᠎ᠡ ᠨᠤᠮ᠎ᠤᠨ ᠲᠠᠷᠬᠠᠭᠠᠯᠳᠠ᠎ᠶ᠋ᠢᠨ ᠶᠤᠰᠤᠯᠠᠯ ᠬᠦᠬᠡᠬᠤᠲᠠ᠎ᠶ᠋ᠢᠨ ᠱᠢᠨᠬᠤᠸᠠ ᠨᠤᠮ᠎ᠤᠨ ᠳᠡᠯᠭᠡᠭᠦᠷ᠎ᠲᠤ ᠶᠠᠪᠤᠭ᠍ᠳᠠᠵᠤ᠂ ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ ᠱᠢᠦᠢ ᠹᠦ᠋ ᠯᠢᠩ ᠪᠠᠭ᠍ᠰᠢ᠎ᠠᠴᠠ ᠬᠦᠷᠦᠯᠴᠡᠨ ᠢᠷᠡᠭ᠌ᠰᠡᠨ 200 ᠭᠠᠷᠤᠢ ᠤᠩᠱᠢᠭ᠍ᠴᠢᠳ᠎ᠲᠠᠭᠠᠨ ᠮᠤᠩᠭᠤᠯ ᠦᠨᠳᠦᠰᠦᠲᠡᠨ᠎ᠤ ᠰᠤᠶᠤᠯ᠎ᠤᠨ ᠲᠤᠬᠠᠢ ᠨᠠᠷᠢᠯᠢᠭ ᠰᠠᠢᠬᠠᠨ ᠲᠠᠢᠯᠤᠮᠵᠢ ᠬᠢᠭ᠌ᠰᠡᠨ ᠪᠠᠢᠨ᠎ᠠ᠃ • ᠰᠦᠨᠢᠳ ᠪᠠᠷᠠᠭᠤᠨ ᠬᠤᠱᠢᠭᠤᠨ᠎ᠤ ᠤᠯᠠᠭᠠᠠᠮᠦᠴᠢᠷ᠎ᠤᠨ ᠨᠠᠢᠷᠠᠭᠤᠯᠣᠬ᠍ᠰᠠᠨ 《ᠵᠢᠷᠦᠬᠡᠨ ᠬᠠᠢᠷ᠎ᠠ》 ᠮᠤᠩᠭᠤᠯ ᠵᠦᠴᠦᠭᠡ ᠨᠠᠢᠷᠠᠭᠤᠯᠣᠨ ᠲᠤᠬ᠍ᠯᠠᠬᠤ ᠱᠠᠳᠤᠨ᠎ᠳᠤ ᠤᠷᠣᠪᠠ᠃ ᠮᠤᠩᠭᠤᠯ ᠵᠦᠴᠦᠭᠡ 《ᠵᠢᠷᠦᠬᠡᠨ ᠬᠠᠢᠷ᠎ᠠ》 2018 ᠣᠨ᠎ᠤ 6 ᠰᠠᠷ᠎ᠠ᠎ᠳᠤ ᠦᠪᠡᠷᠲᠡᠭᠡᠨ ᠵᠠᠰᠠᠬᠤ ᠤᠷᠣᠨ᠎ᠤ ᠳᠤᠯᠣᠳᠤᠭᠠᠷ ᠪᠦᠯᠥᠭ ᠰᠣᠳᠤᠨ ᠪᠦᠳᠦᠭᠡᠯ᠎ᠢ ᠳᠡᠳᠭᠦᠨ ᠳᠡᠮᠵᠢᠬᠦ᠌ ᠵᠦᠴᠦᠭᠡ᠎ᠶ᠋ᠢᠨ ᠲᠦᠷᠥᠯ ᠵᠦᠢᠯ᠎ᠳᠤ ᠵᠢᠬ᠍ᠰᠠᠭᠠᠬ᠍ᠳᠠᠪᠠ᠃ • ᠤᠢᠷ᠎ᠠ᠎ᠳᠤ᠂ ᠬᠦᠪᠡᠭᠡᠲᠦ ᠱᠢᠷ᠎ᠠ ᠬᠤᠱᠢᠭᠤᠨ᠎ᠤ ᠡᠮᠩᠲᠡᠢᠴᠤᠳᠤᠨ ᠬᠤᠯᠪᠤᠭ᠎ᠠ ᠵᠢᠴᠢ 《ᠳᠤᠯᠠᠭᠠᠨ》 ᠮᠠᠯᠵᠢᠬᠤ ᠤᠷᠣᠨ᠎ᠤ ᠨᠠᠰᠤᠲᠠᠢᠴᠤᠳ᠎ᠤᠨ ᠠᠰᠠᠷᠠᠮᠵᠢ᠎ᠶ᠋ᠢᠨ ᠲᠥᠪ ᠪᠦᠬᠦ᠌ ᠬᠤᠱᠢᠭᠤᠨ᠎ᠤ ᠠᠩᠬᠠᠳᠤᠭᠠᠷ ᠤᠳᠠᠭᠠᠨ᠎ᠤ 《ᠰᠤᠳᠣᠨ ᠪᠤᠭᠤᠷᠣᠯ》 ᠨᠠᠰᠤᠲᠠᠢᠴᠤᠳ᠎ᠤᠨ ᠤᠯᠠᠮᠵᠢᠯᠠᠯᠲᠦ ᠭᠠᠷ ᠤᠷᠠᠯᠠᠯ᠎ᠤᠨ ᠪᠦᠳᠦᠭᠡᠭ᠌ᠳᠡᠭᠦᠨ᠎ᠤ ᠤᠷᠣᠯᠳᠤᠭᠠᠨ ᠡᠷᠬᠢᠯᠡᠪᠡ᠃ ᠡᠷᠬᠢᠮ ᠬᠦᠠᠳᠦᠲᠦ ᠰᠤᠨᠤᠰᠤᠬ᠍ᠴᠢᠳ ᠡ᠂ ᠦᠨᠦᠳᠦᠷ᠎ᠤᠨ ᠨᠡᠪᠲᠡᠷᠡᠭᠦᠯᠭᠡ ᠮᠠᠨᠢ ᠡᠢᠠᠬᠦ᠌ ᠦᠠᠳᠦᠷᠯᠡᠵᠥ᠍ ᠪᠠᠢᠨ᠎ᠠ᠃ ᠲᠠ ᠪᠦᠬᠦᠨ᠎ᠤ ᠬᠦᠯᠢᠶᠡᠨ ᠠᠪᠴᠦ᠍ ᠰᠤᠨᠣᠰᠤᠬ᠍ᠰᠠᠨᠳᠤ ᠪᠠᠶᠠᠷᠯᠠᠯ᠎ᠠ᠃ ᠳᠠᠷᠠᠭᠠᠴᠢ᠎ᠶ᠋ᠢᠨ ᠳ᠋ᠤᠭᠠᠷ᠎ᠲᠤ ᠳᠠᠬᠢᠨ ᠵᠣᠯᠭᠠᠶ᠎ᠠ᠂ ᠪᠠᠶᠠᠷᠲᠠᠢ! ᠨᠠᠢᠷᠠᠭᠤᠯᠣᠨ ᠨᠡᠪᠲᠡᠷᠡᠭᠦᠯᠥᠭ᠌ᠴᠢ᠄ ᠦᠯᠵᠡᠢᠪᠠᠲᠦ ᠮᠡᠷᠭᠡᠵᠢᠯ᠄ ᠦᠯᠵᠡᠢᠪᠠᠲᠦ ᠬᠢᠨᠠᠨ ᠦᠢᠯᠡᠳᠦᠭ᠌ᠴᠢ᠄ ᠪᠤᠶᠠᠠᠲᠥ᠍ |
|
|
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|