|
|
|
|
|
3 ᠰᠠᠷ᠎ᠠ᠎ᠶ᠋ᠢᠨ 14 ᠤ ᠡᠳᠦᠷ
|
|
|
|
|
ᠡᠬᠢᠯᠡᠬᠦ᠌ ᠴᠠᠭ᠄
2019-03-14 12:14:17
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
ᠡᠷᠭᠢᠮ ᠭᠦᠨᠳᠦᠳᠦ ᠰᠦᠯᠵᠢᠶᠠᠨ ᠠᠨᠳᠠ ᠨᠠᠷ ᠮᠢᠨᠢ᠂ ᠰᠠᠢᠨ ᠪᠠᠢᠨᠠᠦ? ᠦᠨᠦᠳᠦᠷ ᠪᠤᠯ 2019 ᠤᠨ᠎ᠤ 3 ᠰᠠᠷ᠎ᠠ᠎ᠶ᠋ᠢᠨ 14᠂ ᠪᠢᠯᠢᠭ᠎ᠤᠨ ᠤᠯᠠᠷᠢᠯ᠎ᠤᠨ ᠱᠢᠷᠠᠭ᠍ᠴᠢᠨ ᠭᠠᠭ᠍ᠠᠢ ᠵᠢᠯ᠎ᠤᠨ ᠬᠤᠶᠠᠷ ᠰᠠᠷ᠎ᠠ᠎ᠶ᠋ᠢᠨ 8᠂ ᠭᠠᠷᠠᠭ᠎ᠤᠨ ᠳᠦᠷᠪᠡᠨ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠷᠯᠥᠭᠡ᠎ᠶ᠋ᠢᠨ ᠮᠡᠳᠡᠭᠡ》 ᠲᠠ ᠪᠦᠬᠦᠨ᠎ᠲᠠᠢ᠎ᠪᠠᠨ ᠮᠡᠨᠳᠦᠴᠢᠯᠡᠨ ᠵᠤᠯᠭᠠᠵᠤ ᠪᠠᠢᠨ᠎ᠠ᠃ ᠪᠦᠬᠦ᠌ ᠤᠯᠤᠰ᠎ᠤᠨ ᠬᠤᠶᠠᠷ ᠬᠤᠷᠠᠯ᠎ᠤᠨ ᠮᠡᠳᠡᠭᠡ • ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶ᠋ᠢᠨ ᠬᠤᠶᠠᠳᠤᠭᠠᠷ ᠬᠤᠷᠠᠯ 3 ᠰᠠᠷ᠎ᠠ᠎ᠶ᠋ᠢᠨ 13 ᠤ ᠦᠳᠡ᠎ᠶ᠋ᠢᠨ ᠡᠮᠦᠨ᠎ᠡ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠲᠡᠭᠦᠰᠪᠡ᠃ ᠰᠢ᠎ᠶ᠋ᠢᠨ ᠫᠢᠩ ᠵᠡᠷᠭᠡ ᠨᠠᠮ ᠪᠤᠯᠤᠨ ᠲᠦᠷᠦ᠎ᠶ᠋ᠢᠨ ᠤᠳᠤᠷᠢᠳᠭᠤ ᠬᠦᠮᠦᠰ ᠬᠤᠷᠠᠯ᠎ᠳᠤ ᠤᠷᠤᠯᠴᠠᠴᠠᠢ᠃ ᠪᠦᠬᠦ᠌ ᠤᠯᠤᠰ᠎ᠤᠨ ᠤᠯᠤᠰ ᠲᠦᠷᠦ᠎ᠶ᠋ᠢᠨ ᠵᠦᠪᠯᠡᠯᠭᠡᠨ᠎ᠤ ᠲᠡᠷᠢᠭᠦᠯᠡᠭ᠌ᠴᠢ ᠸᠠᠩ ᠶᠠᠩ᠎ᠠᠴᠠ ᠲᠡᠭᠦᠰᠭᠦ ᠶᠤᠰᠤᠯᠠᠯ ᠲᠡᠭᠡᠷ᠎ᠡ ᠶᠠᠷᠢᠶ᠎ᠠ ᠲᠠᠯᠪᠢᠬᠤ᠎ᠳᠤ᠎ᠪᠠᠨ ᠤᠯᠤᠰ ᠲᠦᠷᠦ᠎ᠶ᠋ᠢᠨ ᠵᠦᠪᠯᠡᠯᠭᠡᠨ᠎ᠤ ᠪᠦᠬᠦ᠌ ᠬᠡᠱᠢᠭᠦᠳ᠎ᠲᠤ ᠳᠤᠯᠤᠭᠠᠨ ᠱᠢᠨ᠎ᠠ ᠱᠠᠭᠠᠷᠳᠠᠯᠭ᠎ᠠ ᠲᠠᠯᠪᠢᠪᠠ᠃ • 3 ᠰᠠᠷ᠎ᠠ᠎ᠶ᠋ᠢᠨ 13 ᠤ ᠡᠳᠦᠷ᠂ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ ᠰᠠᠭᠤᠭ᠎ᠠ ᠭᠠᠵᠠᠷ᠎ᠲᠠᠭᠠᠨ ᠲᠤᠭᠤᠢ᠍ᠢᠯᠠᠩ ᠬᠤᠪᠢᠶᠠᠬ᠍ᠰᠠᠨ ᠬᠤᠷᠠᠯ ᠬᠢᠵᠤ᠂ ᠠᠷᠠᠳ᠎ᠤᠨ ᠲᠡᠭᠡᠳᠤ ᠱᠢᠭᠦᠭᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ ᠪᠠ ᠠᠷᠠᠳ᠎ᠤᠨ ᠲᠡᠭᠡᠳᠤ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢ ᠬᠢᠨᠠᠨ ᠵᠦᠪᠯᠡᠪᠡ᠃ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ᠎ᠤᠨ ᠲᠠᠷᠤᠭ᠎ᠠ ᠯᠢ ᠵᠶ᠋ᠢ ᠾᠸᠡᠭ᠂ ᠪᠦᠯᠭᠦᠮ᠎ᠤᠨ ᠲᠡᠳ᠋ ᠲᠠᠷᠤᠭ᠎ᠠ ᠪᠦ᠋ ᠱᠢᠶᠤᠤ ᠯᠢᠨ ᠬᠢᠨᠠᠨ ᠵᠦᠪᠯᠡᠭᠦ᠎ᠳᠤ ᠤᠷᠤᠯᠴᠠᠵᠦ᠍᠂ ᠪᠦᠯᠭᠦᠮ᠎ᠤᠨ ᠲᠡᠳ᠋ ᠲᠠᠷᠤᠭ᠎ᠠ ᠯᠢ ᠱᠢᠤ ᠯᠢᠩ ᠦᠭᠡ ᠬᠡᠯᠡᠵᠦ᠍᠂ ᠪᠦᠯᠭᠦᠮ᠎ᠤᠨ ᠲᠡᠳ᠋ ᠲᠠᠷᠤᠭ᠎ᠠ ᠮᠠ ᠱᠢᠤᠸᠠᠢ ᠵᠢᠶᠦ᠋ᠨ᠂ ᠨᠠᠰᠤᠨᠮᠦᠡᠭ᠌ᠭᠡ᠂ ᠸᠠᠩ ᠪᠦᠸᠧ᠂ ᠯᠢ ᠷᠦᠡᠭ ᠰᠢ ᠲᠤᠭᠤᠢ᠍ᠢᠯᠠᠩ ᠬᠤᠪᠢᠶᠠᠬ᠍ᠰᠠᠨ ᠬᠤᠷᠠᠯ᠎ᠢ ᠲᠤᠰ ᠲᠤᠰ ᠡᠷᠬᠢᠯᠡᠪᠡ᠃ ᠠᠷᠠᠳ᠎ᠤᠨ ᠲᠡᠭᠡᠳᠤ ᠱᠢᠭᠦᠭᠦ᠌ ᠬᠤᠷᠢᠶ᠎ᠠ᠂ ᠠᠷᠠᠳ᠎ᠤᠨ ᠲᠡᠭᠡᠳᠤ ᠪᠠᠢᠴᠠᠭᠠᠬᠤ ᠬᠤᠷᠢᠶ᠎ᠠ᠂ ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠤᠨ ᠲᠤᠪᠴᠢ ᠮᠡᠳᠡᠭᠡ᠎ᠶ᠋ᠢᠨ ᠲᠤᠭᠤᠢ᠍ᠢᠯᠠᠩ᠎ᠤᠨ ᠬᠠᠮᠢᠶ᠎ᠠ ᠪᠦᠭᠦᠢ ᠨᠦᠭᠦᠳ ᠬᠤᠷᠠᠯ᠎ᠳᠤ ᠤᠷᠤᠯᠴᠠᠨ ᠰᠠᠨᠠᠯ ᠰᠤᠨᠤᠰᠴᠠᠢ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠄ • ᠦᠨᠦᠳᠦᠷ᠎ᠤᠨ ᠦᠳᠡ᠎ᠶ᠋ᠢᠨ ᠡᠮᠣᠨ᠎ᠠ᠎ᠶ᠋ᠢᠨ 9 ᠴᠠᠭ᠎ᠲᠤ᠌᠂ ᠲᠦᠯᠦᠭᠡᠯᠡᠭ᠌ᠴᠢᠳ᠎ᠤᠨ ᠪᠦᠯᠬᠦᠮ ᠲᠣᠭᠤᠢ᠍ᠢᠯᠠᠩ ᠬᠤᠪᠢᠶᠠᠵᠦ᠍ ᠬᠤᠷᠠᠯ ᠬᠢᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠤᠨ᠎ᠤ ᠲᠦᠯᠦᠪᠯᠡᠭᠡ᠂ ᠤᠨ᠎ᠤ ᠲᠦᠰᠦᠪ᠎ᠤᠨ ᠭᠤᠷᠪᠠᠨ ᠱᠢᠢᠳᠪᠦᠷᠢ᠎ᠶ᠋ᠢᠨ ᠲᠦᠰᠦᠯ᠎ᠢ ᠬᠢᠨᠠᠨ ᠵᠦᠪᠯᠡᠨ᠎ᠠ᠃ • 10 ᠴᠠᠭ 30 ᠮᠢᠨᠦ᠋ᠲ᠎ᠲᠤ ᠲᠡᠷᠢᠬᠦᠯᠡᠭ᠌ᠴᠢᠳᠤᠨ ᠪᠦᠯᠬᠦᠮ᠎ᠤᠨ ᠭᠤᠷᠪᠠᠳᠣᠭᠠᠷ ᠬᠤᠷᠠᠯ᠎ᠢ ᠬᠤᠷᠠᠯᠳᠤᠭᠤᠯᠵᠦ᠍᠂ ᠦᠨᠳᠤᠰᠤᠨ ᠬᠠᠤᠯᠢ ᠪᠠ ᠬᠠᠣᠯᠢ ᠴᠠᠭᠠᠵᠠ᠎ᠶ᠋ᠢᠨ ᠵᠦᠪᠯᠡᠯ᠎ᠤᠨ ᠭᠠᠳᠠᠭᠠᠳᠦ᠎ᠶ᠋ᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠤᠨ ᠵᠠᠰᠠᠪᠦᠷᠢ ᠤᠷᠤᠭᠤᠯᠤᠭ᠍ᠰᠠᠨ ᠨᠤᠤᠷᠠᠭ᠎ᠲᠤ ᠵᠠᠰᠠᠪᠦᠷᠢ ᠣᠷᠣᠭᠤᠯᠬᠤ ᠰᠠᠨᠠᠯ᠎ᠤᠨ ᠳᠤᠬᠠᠢ ᠮᠡᠳᠡᠬᠦᠯᠤᠯᠳᠠ᠎ᠶ᠋ᠢ ᠰᠣᠨᠣᠰᠤᠨ᠎ᠠ; ᠭᠠᠳᠠᠭᠠᠳᠦ᠎ᠶ᠋ᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠤᠤᠷᠠᠭ᠎ᠢ ᠡᠯ᠎ᠠ ᠲᠦᠯᠦᠭᠡᠯᠡᠭ᠌ᠴᠢᠳ᠎ᠤᠨ ᠪᠦᠯᠬᠦᠮ᠎ᠢᠶᠠᠷ ᠬᠢᠨᠠᠨ ᠵᠦᠪᠯᠡᠬᠦᠯᠬᠦ᠌ᠪᠠᠷ ᠲᠣᠭ᠍ᠳᠠᠨᠠ᠃ • ᠪᠦᠬᠦ᠌ ᠣᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠢᠯᠡᠳᠭᠡᠯ᠎ᠤᠨ ᠱᠢᠢᠳᠪᠦᠷᠢ᠎ᠶ᠋ᠢᠨ ᠲᠦᠰᠦᠯ᠎ᠢ ᠡᠯ᠎ᠠ ᠲᠦᠯᠦᠭᠡᠯᠡᠭ᠌ᠴᠢᠳ᠎ᠤᠨ ᠪᠦᠯᠬᠦᠮ᠎ᠢᠶᠠᠷ ᠬᠢᠨᠠᠨ ᠵᠦᠪᠯᠡᠬᠦᠯᠬᠦ᠌ᠪᠠᠷ ᠲᠣᠭ᠍ᠳᠠᠨᠠ᠃ ᠬᠤᠷᠠᠯ᠎ᠤᠨ ᠲᠠᠷᠠᠭ᠎ᠠ ᠵᠠᠰᠠᠪᠦᠷᠢ ᠣᠷᠣᠭᠤᠯᠣᠬ᠍ᠰᠠᠨ ᠠᠵᠢᠯ᠎ᠤᠨ ᠢᠯᠡᠳᠭᠡᠯ ᠪᠠ ᠵᠠᠰᠠᠪᠦᠷᠢ ᠣᠷᠣᠭᠤᠯᠣᠬ᠍ᠰᠠᠨ ᠪᠠᠢᠳᠠᠯ᠎ᠤᠨ ᠲᠣᠳᠣᠷᠬᠠᠢᠯᠠᠯᠳᠠᠶ᠋ᠢ ᠬᠠᠮᠳᠣ᠎ᠳᠤᠨᠢ ᠳᠠᠷᠤᠮᠠᠯᠯᠠᠵᠦ᠍ ᠪᠦᠬᠦ᠌ ᠲᠦᠯᠦᠭᠡᠯᠡᠭ᠌ᠴᠢᠳ᠎ᠲᠤ ᠲᠠᠷᠬᠠᠭᠠᠨ ᠦᠭ᠌ᠬᠦᠨ᠎ᠠ᠃ • ᠠᠷᠠᠳ᠎ᠤᠨ ᠲᠡᠭᠡᠳᠣ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢᠨ ᠳᠤᠬᠠᠢ ᠱᠢᠢᠳᠪᠦᠷᠢ᠎ᠶ᠋ᠢᠨ ᠲᠦᠰᠦᠯ᠎ᠢ ᠡᠯ᠎ᠠ ᠲᠦᠯᠦᠭᠡᠯᠡᠭ᠌ᠴᠢᠳ᠎ᠤᠨ ᠪᠦᠯᠬᠦᠮ᠎ᠢᠶᠠᠷ ᠬᠢᠨᠠᠨ ᠵᠦᠪᠯᠡᠬᠦᠯᠬᠦ᠌ᠪᠠᠷ ᠲᠣᠭ᠍ᠳᠠᠨᠠ᠃ ᠬᠤᠷᠠᠯ᠎ᠤᠨ ᠲᠠᠷᠠᠭ᠎ᠠ ᠵᠠᠰᠠᠪᠦᠷᠢ ᠣᠷᠣᠭᠤᠯᠣᠬ᠍ᠰᠠᠨ ᠠᠵᠢᠯ᠎ᠤᠨ ᠮᠡᠳᠡᠬᠦᠯᠦᠯᠳᠡ ᠪᠠ ᠵᠠᠰᠠᠪᠦᠷᠢ ᠣᠷᠣᠭᠤᠯᠣᠬ᠍ᠰᠠᠨ ᠪᠠᠢᠳᠠᠯ᠎ᠤᠨ ᠲᠣᠳᠣᠷᠬᠠᠢᠯᠠᠯᠳᠠᠶ᠋ᠢ ᠬᠠᠮᠳᠤ᠎ᠳᠤᠨᠢ ᠳᠠᠷᠤᠮᠠᠯᠯᠠᠵᠤ ᠪᠦᠬᠦ᠌ ᠲᠦᠯᠦᠭᠡᠯᠡᠭ᠌ᠴᠢᠳ᠎ᠲᠤ ᠳᠠᠷᠬᠠᠭᠠᠨ ᠦᠭ᠌ᠭᠦᠨ᠎ᠠ᠃ • ᠠᠷᠠᠳ᠎ᠤᠨ ᠲᠡᠭᠡᠳᠣ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢᠨ ᠳᠤᠬᠠᠢ ᠱᠢᠢᠳᠪᠦᠷᠢ᠎ᠶ᠋ᠢᠨ ᠲᠦᠰᠦᠯ᠎ᠢ ᠡᠯ᠎ᠠ ᠲᠦᠯᠦᠭᠡᠯᠡᠭ᠌ᠴᠢᠳ᠎ᠤᠨ ᠪᠦᠯᠬᠦᠮ᠎ᠢᠶᠠᠷ ᠬᠢᠨᠠᠨ ᠵᠦᠪᠯᠡᠬᠦᠯᠬᠦ᠌ᠪᠠᠷ ᠲᠣᠭ᠍ᠳᠠᠨᠠ᠃ ᠬᠤᠷᠠᠯ᠎ᠤᠨ ᠲᠠᠷᠠᠭ᠎ᠠ ᠵᠠᠰᠠᠪᠦᠷᠢ ᠣᠷᠣᠭᠤᠯᠣᠬ᠍ᠰᠠᠨ ᠠᠵᠢᠯ᠎ᠤᠨ ᠮᠡᠳᠡᠬᠦᠯᠦᠯᠳᠡ ᠪᠠ ᠵᠠᠰᠠᠪᠦᠷᠢ ᠣᠷᠣᠭᠤᠯᠣᠬ᠍ᠰᠠᠨ ᠪᠠᠢᠳᠠᠯ᠎ᠤᠨ ᠲᠣᠳᠣᠷᠬᠠᠢᠯᠠᠯᠳᠠᠶ᠋ᠢ ᠬᠠᠮᠳᠤ᠎ᠳᠤᠨᠢ ᠳᠠᠷᠤᠮᠠᠯᠯᠠᠵᠤ ᠪᠦᠬᠦ᠌ ᠲᠦᠯᠦᠭᠡᠯᠡᠭ᠌ᠴᠢᠳ᠎ᠲᠤ ᠳᠠᠷᠬᠠᠭᠠᠨ ᠦᠭ᠌ᠭᠦᠨ᠎ᠠ᠃ • ᠶᠡᠭᠡ ᠬᠤᠷᠠᠯ᠎ᠤᠨ ᠨᠠᠷᠢᠨ ᠪᠢᠴᠢᠭ᠎ᠤᠨ ᠭᠠᠵᠠᠷ᠎ᠤᠨ ᠲᠦᠯᠦᠭᠡᠯᠡᠭ᠌ᠴᠢᠳ᠎ᠤᠨ ᠲᠣᠷᠠᠳᠣᠭ᠍ᠰᠠᠨ ᠰᠠᠨᠠᠯ ᠵᠦᠪᠯᠡᠯᠭᠡ᠎ᠶ᠋ᠢ ᠱᠢᠢᠳᠪᠤᠷᠢᠯᠡᠬᠦ᠌ ᠰᠠᠨᠠᠯ᠎ᠤᠨ ᠳᠤᠬᠠᠢ ᠮᠡᠳᠡᠬᠦᠯᠤᠯᠳᠠ᠎ᠶ᠋ᠢ ᠰᠤᠨᠤᠰᠭᠤ ᠪᠠ ᠬᠢᠨᠠᠨ ᠵᠦᠪᠯᠡᠨ᠎ᠡ᠃ • ᠦᠳᠡ᠎ᠶ᠋ᠢᠨ ᠬᠤᠢᠨᠠᠬᠢ 3 ᠴᠠᠭ᠎ᠲᠤ᠌᠂ ᠲᠦᠯᠦᠭᠡᠯᠡᠭ᠌ᠴᠢᠳ᠎ᠤᠨ ᠪᠦᠯᠬᠦᠮ ᠪᠦᠬᠦᠳᠡ ᠬᠤᠷᠠᠯ ᠬᠢᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠤᠨ᠎ᠤ ᠲᠦᠯᠦᠪᠯᠡᠭᠡ᠂ ᠤᠨ᠎ᠤ ᠲᠦᠰᠦᠪ᠂ ᠪᠦᠬᠦ᠌ ᠣᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠢᠯᠡᠳᠭᠡᠯ᠂ ᠠᠷᠠᠳ᠎ᠤᠨ ᠲᠡᠭᠡᠳᠣ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠬᠦᠯᠦᠯᠳᠡ᠂ ᠠᠷᠠᠳ᠎ᠤᠨ ᠲᠡᠭᠡᠳᠣ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢᠨ 6 ᠱᠢᠢᠳᠪᠦᠷᠢ᠎ᠶ᠋ᠢᠨ ᠲᠦᠰᠦᠯ᠂ ᠭᠠᠳᠠᠭᠠᠳᠦ᠎ᠶ᠋ᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠣᠣᠷᠠᠭ ᠵᠢᠴᠢ ᠪᠦᠬᠦ᠌ ᠣᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠠᠴᠠ ᠵᠠᠩ ᠷᠦᠡᠭ ᠱᠦᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠬᠡᠱᠢᠬᠦᠨ᠎ᠤ ᠲᠣᠱᠢᠶᠠᠯᠠᠴᠠᠪᠠᠨ ᠪᠠᠭᠤᠬᠤ ᠭᠤᠶᠣᠴᠢᠯᠠᠯ᠎ᠤᠨ ᠱᠢᠢᠳᠪᠦᠷᠢ᠎ᠶ᠋ᠢ ᠬᠢᠨᠠᠨ ᠵᠦᠪᠯᠡᠨ᠎ᠡ᠃ • 6 ᠴᠠᠭ᠎ᠲᠤ ᠲᠡᠷᠢᠬᠦᠯᠡᠭ᠌ᠴᠢᠳᠤᠨ ᠪᠦᠯᠬᠦᠮ᠎ᠤᠨ ᠲᠦᠷᠪᠡᠳᠣᠭᠡᠷ ᠬᠤᠷᠠᠯ ᠬᠢᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠤᠨ᠎ᠤ ᠲᠦᠯᠦᠪᠯᠡᠭᠡ᠂ ᠤᠨ᠎ᠤ ᠲᠦᠰᠦᠪ᠂ ᠪᠦᠬᠦ᠌ ᠣᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠢᠯᠡᠳᠭᠡᠯ᠂ ᠠᠷᠠᠳ᠎ᠤᠨ ᠲᠡᠭᠡᠳᠣ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠬᠦᠯᠦᠯᠳᠡ᠂ ᠠᠷᠠᠳ᠎ᠤᠨ ᠲᠡᠭᠡᠳᠣ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠬᠦᠯᠦᠯᠳᠡ᠎ᠶ᠋ᠢᠨ 6 ᠱᠢᠢᠳᠪᠦᠷᠢ᠎ᠶ᠋ᠢᠨ ᠲᠦᠰᠦᠯ᠂ ᠭᠠᠳᠠᠭᠠᠳᠦ᠎ᠶ᠋ᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠤᠨ ᠰᠠᠨᠠᠭᠤᠯᠭ᠎ᠠ᠎ᠶ᠋ᠢ ᠪᠠᠳᠤᠯᠠᠬᠤ ᠨᠣᠣᠷᠠᠭ ᠵᠢᠴᠢ ᠪᠦᠬᠦ᠌ ᠣᠯᠣᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠠᠴᠠ ᠵᠠᠩ ᠷᠦᠡᠭ ᠱᠦᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶᠠᠨ᠎ᠤ ᠬᠡᠱᠢᠬᠦᠨ᠎ᠤ ᠲᠣᠱᠢᠶᠠᠯᠠᠴᠠᠪᠠᠨ ᠪᠠᠭᠤᠬᠤ ᠭᠤᠶᠣᠴᠢᠯᠠᠯ᠎ᠤᠨ ᠱᠢᠢᠳᠪᠦᠷᠢ᠎ᠶ᠋ᠢᠨ ᠲᠦᠰᠦᠯ᠎ᠢ ᠪᠦᠬᠦᠳᠡ ᠬᠤᠷᠠᠯ᠎ᠢᠶᠠᠷ ᠪᠠᠳᠤᠯᠠᠭᠤᠯᠤᠨ᠎ᠠ᠃ ᠨᠡᠢᠭᠡᠮ᠎ᠤᠨ ᠰᠣᠨᠢᠨ ᠮᠡᠳᠡᠭᠡ • ᠨᠢᠳᠤᠨᠤᠨ ᠮᠠᠨ᠎ᠤ ᠤᠷᠤᠨ ᠨᠡᠢᠲᠡ 1294 ᠲᠦᠮᠡᠨ ᠮᠦ᠍ ᠮᠤᠳᠤ ᠲᠠᠷᠢᠵᠤ᠂ ᠡᠨᠡ ᠵᠢᠯ ᠮᠠᠨ᠎ᠤ ᠤᠷᠤᠨ 1200 ᠲᠦᠮᠡᠨ ᠮᠦ᠍ ᠤᠢ᠍ᠢᠵᠢᠭᠤᠯᠬᠤ᠎ᠪᠠᠷ ᠪᠤᠢ᠃ ᠨᠠᠷᠢᠨ ᠠᠭᠤᠯᠭ᠎ᠠ᠎ᠶ᠋ᠢ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠮᠤᠩᠭᠤᠯ ᠰᠤᠨᠢᠨ᠎ᠤ ᠵᠢᠷᠭᠢᠶ᠎ᠡ᠎ᠶ᠋ᠢᠨ ᠳᠠᠪᠴᠠᠩ (3 ᠰᠠᠷ᠎ᠠ᠎ᠶ᠋ᠢᠨ 12) ᠠᠴᠠ ᠤᠢ᠍ᠢᠯᠠᠭᠠᠭᠠᠷᠠᠢ᠃ • ᠲᠤᠭ᠎ᠠ ᠪᠦᠷᠢᠳᠭᠡᠯ᠎ᠢ ᠦᠨᠳᠦᠰᠦᠯᠡᠪᠡᠯ᠂ ᠮᠠᠨ᠎ᠤ ᠤᠯᠤᠰ᠎ᠤᠨ ᠮᠤᠳᠤ ᠲᠠᠷᠢᠵᠤ ᠤᠢ᠍ᠢᠵᠢᠭᠤᠯᠤᠭ᠍ᠰᠠᠨ ᠦᠷ᠎ᠡ ᠪᠦᠲᠦᠮᠵᠢ ᠢᠯᠡᠷᠬᠡᠢ ᠪᠠᠢᠵᠤ᠂ ᠤᠳᠤᠬᠠᠨ᠎ᠳᠤ ᠬᠦᠮᠦᠨ᠎ᠤ ᠬᠦᠴᠦ᠎ᠪᠠᠷ ᠤᠢ᠍ᠢᠵᠢᠭᠤᠯᠤᠭ᠍ᠰᠠᠨ ᠬᠡᠮᠵᠢᠶ᠎ᠡ 11.8 ᠳ᠋ᠦᠩᠱᠢᠭᠤᠷ ᠮᠦ᠍᠎ᠳᠤ ᠬᠦᠷᠴᠤ᠌᠂ ᠳᠡᠯᠡᠬᠡᠢ᠎ᠶ᠋ᠢᠨ ᠲᠡᠷᠢᠭᠦᠨ᠎ᠳᠤ ᠪᠠᠢᠷᠢᠯᠠᠵᠤ ᠪᠤᠢ᠃ • ᠨᠢᠳᠤᠨᠤᠨ ᠮᠠᠨ᠎ᠤ ᠤᠯᠤᠰ᠎ᠤᠨ ᠠᠷᠠᠳ᠎ᠤᠨ ᠠᠭᠠᠷ ᠠᠶᠠᠯᠠᠯ᠎ᠤᠨ ᠲᠤᠪᠴᠢᠶ᠎ᠡ ᠬᠡᠷᠡᠭ᠌ᠯᠡᠭ᠌ᠴᠢᠳ᠎ᠤᠨ ᠤᠯᠤᠰ᠎ᠤᠨ ᠳᠤᠲᠤᠭᠠᠳᠤ᠎ᠶ᠋ᠢᠨ ᠠᠭᠠᠷ ᠠᠶᠠᠯᠠᠯ᠎ᠤᠨ ᠺᠤᠮᠫᠠᠨᠢ᠎ᠶ᠋ᠢ ᠢᠯᠡᠴᠢᠯᠡᠨ ᠵᠠᠭᠠᠯᠳᠤᠭ᠍ᠰᠠᠨ 16894 ᠬᠡᠷᠡᠭ᠎ᠶ᠋ᠢ ᠬᠦᠯᠢᠶᠡᠨ ᠠᠪᠴᠤ᠌ ᠱᠢᠢᠳᠪᠦᠷᠢᠯᠡᠪᠡ᠃ • ᠮᠠᠨ᠎ᠤ ᠤᠯᠤᠰ᠎ᠤᠨ 35 ᠳᠠᠬᠢ ᠤᠳᠠᠭᠠᠨ᠎ᠤ ᠡᠮᠤᠨᠡᠲᠤ ᠲᠦᠢᠯ᠎ᠢ ᠬᠠᠢᠨ ᠱᠢᠨᠵᠢᠯᠡᠬᠦ᠌ ᠳᠤᠭᠤᠢ᠍ᠢᠯᠠᠩ 131 ᠡᠳᠦᠷ᠂ 3 ᠲᠦᠮᠡᠨ ᠮᠢᠯ (55560 ᠺᠢᠯᠦᠮᠧᠳ᠋ᠷ) ᠠᠶᠠᠯᠠᠵᠦ᠍᠂ 3 ᠰᠠᠷ᠎ᠠ᠎ᠶ᠋ᠢᠨ 12 ᠤᠨ ᠡᠳᠦᠷ ᠬᠠᠢᠨ ᠱᠢᠨᠵᠢᠯᠡᠬᠦ᠌ ᠡᠭᠦᠷᠭᠡ᠎ᠪᠠᠨ ᠠᠮᠵᠢᠯᠲᠠ᠎ᠲᠠᠢ ᠪᠡᠶᠡᠯᠡᠭᠦᠯᠵᠤ᠂ 《ᠱᠢᠤᠸᠠᠢ ᠯᠦᠩ》 ᠨᠡᠷᠡᠮᠵᠢᠲᠤ ᠬᠦᠯᠭᠡ ᠤᠩᠭᠤᠴᠠ᠎ᠪᠠᠷ ᠱᠠᠩᠬᠠᠢ᠎ᠳᠤ ᠪᠤᠴᠠᠨ ᠢᠷᠡᠪᠡ᠃ • ᠮᠤᠩᠭᠤᠯ ᠤᠯᠤᠰ᠎ᠤᠨ ᠡᠮᠡᠭ᠌ᠲᠡᠢᠴᠤᠳ᠎ᠤᠨ ᠲᠤᠭ᠎ᠠ 164.66 ᠲᠦᠮᠨ᠎ᠳᠤ ᠬᠦᠷᠴᠤ᠌᠂ 69% ᠶ᠋ᠢᠨ ᠡᠮᠡᠭ᠌ᠲᠡᠢᠴᠢᠳ ᠨᠡᠢᠰᠯᠡᠯ ᠤᠯᠠᠭᠠᠨᠪᠠᠭᠠᠲᠤᠷ᠎ᠲᠤ ᠠᠮᠢᠳᠤᠷᠠᠵᠤ᠂ 31% ᠶ᠋ᠢᠨ ᠡᠮᠡᠭ᠌ᠳᠠᠢᠴᠤᠳ ᠡᠯ᠎ᠡ ᠠᠢᠮᠠᠭᠤᠳᠲᠤ ᠠᠮᠢᠳᠤᠷᠠᠵᠤ ᠪᠤᠢ᠃ ᠰᠤᠶᠣᠯ ᠲᠠᠮᠢᠷ᠎ᠤᠨ ᠮᠡᠳᠡᠭᠡ • ᠲᠡᠦᠬᠡᠨ ᠰᠡᠳᠦᠪ᠎ᠲᠤ ᠲᠧᠯᠸᠢᠰ ᠵᠦᠴᠦᠭᠡ 《ᠬᠤᠠ ᠭᠠᠯᠠᠭᠤ》 ᠶ᠋ᠢ ᠡᠨᠡ ᠵᠢᠯ᠎ᠤᠨ 7 ᠰᠠᠷ᠎ᠠ᠎ᠳᠤ ᠲᠦᠪ ᠲᠧᠯᠸᠢᠰ᠎ᠤᠨ ᠨᠢᠭᠡᠳᠦᠭᠡᠷ ᠰᠤᠪᠠᠭ᠎ᠢᠶᠠᠷ ᠨᠡᠪᠲᠡᠷᠡᠭᠦᠯᠬᠦ᠌᠎ᠪᠠᠷ ᠪᠤᠢ᠃ ᠨᠠᠷᠢᠨ ᠠᠭᠤᠯᠭ᠎ᠠ᠎ᠶ᠋ᠢ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠮᠤᠩᠭᠤᠯ ᠰᠤᠨᠢᠨ᠎ᠤ ᠵᠢᠷᠭᠢᠶ᠎ᠡ᠎ᠶ᠋ᠢᠨ ᠳᠠᠪᠴᠠᠩ (3 ᠰᠠᠷ᠎ᠠ᠎ᠶ᠋ᠢᠨ 12) ᠠᠴᠠ ᠤᠢ᠍ᠢᠯᠠᠭᠠᠭᠠᠷᠠᠢ᠃ •13 ᠳ᠋ᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠰᠦ᠎ᠶ᠋ᠢᠨ ᠦᠢᠯᠡᠰ᠎ᠤᠨ ᠦᠵᠡᠰᠭᠦᠯᠡᠩ ᠵᠢᠴᠢ ᠳᠡᠭᠡᠳᠤ ᠳᠡᠰ᠎ᠤᠨ ᠶᠠᠷᠢᠶᠠᠨ᠎ᠤ ᠳᠠᠪᠴᠠᠩ 3 ᠰᠠᠷ᠎ᠠ᠎ᠶ᠋ᠢᠨ 26 ᠤ ᠡᠳᠦᠷ ᠬᠦᠬᠡᠬᠤᠲᠠ᠎ᠳᠤ ᠶᠠᠪᠤᠭ᠍ᠳᠠᠬᠤ᠎ᠪᠠᠷ ᠪᠤᠢ᠃ • 24 ᠳ᠋ᠦ᠍ᠭᠡᠷ ᠬᠤᠭᠤᠴᠠᠭᠠᠨ᠎ᠤ ᠦᠪᠦᠷ ᠮᠤᠩᠭᠤᠯ᠎ᠤᠨ ᠤᠯᠠᠨ ᠤᠯᠤᠰ᠎ᠤᠨ ᠬᠦᠳᠡᠭᠡ ᠠᠵᠦ᠍ ᠠᠬᠤᠢ᠎ᠶ᠋ᠢᠨ ᠦᠵᠡᠰᠭᠦᠯᠡᠩ 3 ᠰᠠᠷ᠎ᠠ᠎ᠶ᠋ᠢᠨ 15 ᠠᠴᠠ 17 ᠤ ᠡᠳᠦᠷ ᠪᠤᠯᠲᠠᠯ᠎ᠠ ᠦᠪᠦᠷ ᠮᠤᠩᠭᠤᠯ᠎ᠤᠨ ᠤᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠦᠪ᠎ᠲᠤ ᠶᠠᠪᠤᠭ᠍ᠳᠠᠨ᠎ᠠ᠃ • ᠤᠢ᠍ᠢᠷ᠎ᠠ᠎ᠳᠤ᠂ ᠱᠢᠯᠢ᠎ᠶ᠋ᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠤᠱᠢᠭᠤᠨ᠎ᠤ ᠤᠯᠠᠭᠠᠢ ᠬᠠᠮᠢᠶᠠᠷᠤᠯᠲᠠ᠎ᠶ᠋ᠢᠨ ᠤᠷᠤᠨ ᠠᠩᠬᠠᠳᠤᠭᠠᠷ ᠬᠤᠭᠤᠴᠠᠭᠠᠨ᠎ᠤ ᠵᠠᠯᠠᠭᠤ ᠪᠠᠭᠠᠴᠤᠳ᠎ᠤᠨ ᠮᠠᠱᠢᠨ ᠬᠦᠮᠦᠨ᠎ᠤ ᠤᠷᠤᠯᠳᠤᠭᠠᠨ᠎ᠢ ᠡᠷᠬᠢᠯᠡᠨ ᠶᠠᠪᠤᠭ᠍ᠳᠠᠭᠤᠯᠵᠤ᠂ ᠡᠯ᠎ᠡ ᠰᠤᠷᠠᠭᠠᠭᠤᠯᠢ᠎ᠶ᠋ᠢᠨ 100 ᠭᠠᠷᠤᠢ ᠪᠠᠭ᠍ᠰᠢ ᠰᠤᠷᠤᠭ᠍ᠴᠢᠳ ᠤᠷᠤᠯᠴᠠᠪᠠ᠃ • 3 ᠰᠠᠷ᠎ᠠ᠎ᠶ᠋ᠢᠨ 12 ᠤᠨ ᠡᠳᠦᠷ᠂ 2019 ᠤᠨ᠎ᠤ ᠱᠢᠯᠢ᠎ᠶ᠋ᠢᠨ ᠭᠤᠤᠯ ᠠᠢᠮᠠᠭ᠎ᠤᠨ ᠠᠩᠬᠠᠳᠤᠭᠠᠷ ᠬᠤᠭᠤᠴᠠᠭᠠᠨ᠎ᠤ ᠤᠯᠠᠭᠠᠨᠮᠦᠴᠢᠷ᠎ᠤᠨ ᠪᠦᠵᠢᠭ᠎ᠤᠨ ᠦᠨᠳᠦᠰᠤᠨ ᠮᠡᠷᠭᠡᠵᠢᠯ᠎ᠤᠨ ᠪᠤᠯᠪᠠᠰᠤᠷᠠᠯ᠎ᠤᠨ ᠠᠩᠭᠢ ᠱᠢᠯᠢᠩᠬᠤᠲᠠ᠎ᠳᠤ ᠰᠤᠷᠤᠯᠭ᠎ᠠ ᠲᠡᠭᠦᠰᠴᠤ᠌᠂ ᠬᠤᠶᠠᠳᠤᠭᠠᠷ ᠬᠤᠭᠤᠴᠠᠭᠠᠨ᠎ᠤ ᠪᠤᠯᠪᠠᠰᠤᠷᠠᠯ 3 ᠰᠠᠷ᠎ᠠ᠎ᠶ᠋ᠢᠨ 13 ᠤ ᠡᠳᠦᠷ ᠡᠬᠢᠯᠡᠪᠡ᠃ • 2019 ᠤᠨ᠎ᠤ ᠳᠡᠯᠡᠬᠡᠢ᠎ᠶ᠋ᠢᠨ ᠬᠦᠯ ᠪᠦᠮᠪᠦᠭᠡ᠎ᠶ᠋ᠢᠨ 《ᠴᠢᠯᠦᠭᠡᠲᠤ ᠴᠤᠬᠢᠯᠲᠠ᠎ᠶ᠋ᠢᠨ ᠤᠷᠤᠯᠳᠤᠭᠠᠨ》 ᠤ ᠱᠢᠯᠢᠳᠡᠭ ᠲᠠᠮᠢᠷᠴᠢᠳ᠎ᠤᠨ ᠤᠷᠤᠯᠳᠤᠭᠠᠨ ᠡᠨᠡ ᠵᠢᠯ᠎ᠤᠨ 6 ᠰᠠᠷ᠎ᠠ᠎ᠳᠤ ᠬᠦᠬᠡᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠤᠷᠳᠤᠨ᠎ᠳᠤ ᠶᠠᠪᠤᠭ᠍ᠳᠠᠬᠤ᠎ᠪᠠᠷ ᠪᠤᠢ᠃ • ᠡᠨᠡ ᠵᠢᠯ᠎ᠤᠨ 4 ᠰᠠᠷ᠎ᠠ᠎ᠶ᠋ᠢᠨ ᠳᠤᠮᠳᠠᠴᠢ᠎ᠠᠴᠠ 5 ᠰᠠᠷ᠎ᠠ᠎ᠶ᠋ᠢᠨ ᠡᠬᠢᠨ ᠪᠤᠯᠲᠠᠯ᠎ᠠ᠂ ᠳ᠋ᠦᠨᠬᠤᠸᠠᠩ᠎ᠤᠨ ᠮᠦᠸᠧ ᠭᠤᠤ ᠠᠭᠤᠢ ᠨᠡᠢᠭᠡᠮ ᠨᠡᠢᠲᠡ᠎ᠳᠤ 《ᠰᠦᠨᠢ᠎ᠪᠠᠷ ᠮᠦᠸᠧ ᠭᠤᠤ ᠠᠭᠤᠢ᠎ᠪᠠᠷ ᠠᠶᠠᠯᠠᠬᠤᠢ》 ᠱᠢᠷᠢᠰ ᠠᠵᠢᠯᠯᠠᠭ᠎ᠠ᠎ᠶ᠋ᠢ ᠵᠤᠬᠢᠶᠠᠨ ᠪᠠᠢᠭᠤᠯᠬᠤ᠎ᠪᠠᠷ ᠪᠤᠢ᠃ • ᠲᠤᠤᠺᠢᠣ᠋᠎ᠶ᠋ᠢᠨ ᠤᠯᠢᠮᠫᠢᠺ᠎ᠤᠨ ᠵᠤᠬᠢᠶᠠᠨ ᠪᠠᠢᠭᠤᠯᠬᠤ ᠺᠤᠮᠢᠰ᠎ᠠᠴᠠ 3 ᠰᠠᠷ᠎ᠠ᠎ᠶ᠋ᠢᠨ 12 ᠤᠨ ᠡᠳᠦᠷ᠂ 2020 ᠤᠨ᠎ᠤ ᠵᠤᠨ᠎ᠤ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠲᠦᠷᠦᠯ᠎ᠤᠨ ᠵᠢᠷᠤᠭ ᠲᠡᠮᠳᠡᠭ᠎ᠢ ᠨᠡᠢᠲᠡᠯᠡᠪᠡ᠃ ᠦᠢᠯᠡᠴᠢᠯᠡᠭᠡᠨ᠎ᠤ ᠮᠡᠳᠡᠭᠡ • ᠦᠪᠡᠷᠲᠡᠭᠡᠨ ᠵᠠᠰᠠᠬᠤ ᠤᠷᠤᠨ᠎ᠤ ᠴᠠᠭ ᠠᠭᠤᠷ᠎ᠤᠨ ᠲᠤᠪᠴᠢᠶᠠᠨ᠎ᠤ ᠮᠡᠳᠡᠭᠡᠯᠡᠭ᠌ᠰᠡᠨᠢᠶᠠᠷ᠂ ᠦᠨᠦᠳᠦᠷ ᠮᠠᠨ᠎ᠤ ᠤᠷᠤᠨ᠎ᠤ ᠳᠤᠮᠳᠠ ᠪᠡᠶ᠎ᠡ᠎ᠶ᠋ᠢᠨ ᠵᠡᠭᠦᠨ ᠬᠡᠰᠡᠭ ᠪᠠ ᠵᠡᠭᠦᠨ ᠪᠡᠶ᠎ᠡ᠎ᠶ᠋ᠢᠨ ᠭᠠᠵᠠᠷ ᠤᠷᠤᠨ᠎ᠢᠶᠠᠷ ᠡᠭᠦᠯᠡᠱᠢᠨᠡ᠃ ᠡᠭᠦᠨ᠎ᠳᠤ ᠱᠢᠯᠢ᠎ᠶ᠋ᠢᠨ ᠭᠤᠤᠯ ᠠᠢᠮᠠᠭ᠎ᠤᠨ ᠳᠤᠮᠳᠠ ᠵᠡᠭᠦᠨ ᠪᠡᠶ᠎ᠡ᠂ ᠤᠯᠠᠭᠠᠨᠬᠠᠳᠠ᠎ᠶ᠋ᠢᠨ ᠪᠠᠷᠠᠭᠤᠨ ᠬᠤᠢᠲᠤ ᠪᠡᠶ᠎ᠡ᠂ ᠬᠦᠯᠦᠨ ᠪᠤᠢᠷ ᠬᠤᠲᠠ᠎ᠶ᠋ᠢᠨ ᠳᠤᠮᠳᠠ ᠡᠮᠤᠨ᠎ᠡ ᠪᠡᠶ᠎ᠡ᠎ᠪᠠᠷ ᠪᠠᠭ᠎ᠠ ᠴᠠᠰᠤ᠂ ᠴᠠᠰᠤ ᠪᠤᠷᠤᠭᠠᠨ ᠬᠤᠯᠢᠯᠳᠤᠨ ᠤᠷᠤᠬᠤ ᠪᠤᠶᠤ ᠪᠤᠷᠤᠭᠠᠨ ᠤᠷᠤᠵᠤ᠂ ᠪᠤᠰᠤᠳ ᠭᠠᠵᠠᠷ ᠲᠤᠩᠭᠠᠯᠠᠭ᠎ᠠᠴᠠ ᠡᠭᠦᠯᠡᠱᠢᠨᠡ; ᠳᠤᠮᠳᠠ ᠵᠡᠭᠦᠨ ᠪᠡᠶ᠎ᠡ᠎ᠶ᠋ᠢᠨ ᠭᠠᠵᠠᠷ ᠤᠷᠤᠨ᠎ᠢᠶᠠᠷ 5 ᠳᠡᠰ ᠤᠷᠴᠢᠮ᠎ᠤᠨ ᠪᠠᠷᠠᠭᠤᠨ ᠬᠤᠢᠲᠤ᠎ᠶ᠋ᠢᠨ ᠰᠠᠯᠬᠢᠨ᠎ᠲᠠᠢ᠃ ᠮᠠᠷᠭᠠᠰᠢ ᠱᠢᠯᠢ᠎ᠶ᠋ᠢᠨ ᠭᠤᠤᠯ ᠠᠢᠮᠠᠭ᠎ᠤᠨ ᠵᠡᠭᠦᠨ ᠪᠡᠶ᠎ᠡ᠂ ᠬᠢᠩᠭᠠᠨ ᠠᠢᠮᠠᠭ᠎ᠤᠨ ᠪᠠᠷᠠᠭᠤᠨ ᠪᠡᠶ᠎ᠡ᠂ ᠬᠦᠯᠦᠨ ᠪᠤᠢᠷ ᠬᠤᠲᠠ᠎ᠶ᠋ᠢᠨ ᠪᠠᠷᠠᠭᠤᠨ ᠡᠮᠤᠨ᠎ᠡ ᠪᠡᠶ᠎ᠡ᠎ᠪᠠᠷ ᠡᠬᠦᠯᠡᠱᠢᠵᠤ᠂ ᠪᠠᠭ᠎ᠠ ᠴᠠᠰᠤ᠎ᠲᠠᠢ᠂ ᠪᠤᠰᠤᠳ ᠭᠠᠵᠠᠷ ᠤᠷᠤᠨ ᠲᠤᠩᠭᠠᠯᠠᠭ᠎ᠠᠴᠠ ᠡᠭᠦᠯᠡᠱᠢᠨᠡ; ᠳᠤᠮᠳᠠ ᠪᠡᠶ᠎ᠡ᠎ᠶ᠋ᠢᠨ ᠭᠠᠵᠠᠷ ᠤᠷᠤᠨ᠎ᠢᠶᠠᠷ 4 ᠠᠴᠠ 5 ᠳᠡᠰ᠎ᠤᠨ ᠰᠠᠯᠬᠢ ᠰᠠᠯᠬᠢᠯᠠᠨ᠎ᠠ᠃ ᠡᠷᠬᠢᠮ ᠬᠦᠠᠳᠦᠲᠦ ᠰᠦᠯᠵᠢᠶᠡᠨ ᠠᠨᠳᠠ ᠨᠠᠷ ᠡ᠂ ᠦᠨᠦᠳᠦᠷ᠎ᠤᠨ ᠨᠡᠪᠳᠡᠷᠡᠭᠦᠯᠭᠡ ᠮᠠᠨᠢ ᠡᠢᠨᠭᠦ᠌ ᠦᠨᠳᠦᠷᠯᠡᠵᠤ ᠪᠠᠢᠨ᠎ᠠ᠃ ᠲᠠ ᠪᠦᠭᠦᠨ᠎ᠤ ᠭᠦᠯᠢᠶᠠᠨ ᠠᠪᠴᠦ᠍ ᠰᠤᠨᠤᠰᠤᠭ᠍ᠰᠠᠨ᠎ᠳᠤ ᠪᠠᠶᠠᠷᠯᠡᠯᠡ᠃ ᠲᠠᠷᠠᠭᠠᠴᠢ᠎ᠶ᠋ᠢᠨ ᠳ᠋ᠤᠭᠠᠷ᠎ᠲᠠᠭᠠᠨ ᠲᠠᠭᠢᠨ ᠵᠤᠯᠭᠠᠶ᠎ᠠ᠂ ᠪᠠᠶᠠᠷᠳᠠᠢ! ᠨᠠᠢᠷᠠᠭᠤᠯᠤᠨ ᠨᠡᠪᠳᠡᠷᠡᠭᠦᠯᠦᠭ᠌ᠴᠢ᠄ ᠨᠠᠮᠤᠭ ᠮᠡᠷᠭᠡᠵᠢᠯ᠄ ᠨᠠᠮᠤᠭ ᠬᠢᠨᠠᠨ ᠦᠢᠯᠡᠳᠦᠭ᠌ᠴᠢ᠄ ᠪᠤᠶᠠᠨᠲᠤ |
|
|
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|