3 ᠰᠠᠷ᠎ᠠ᠎ᠶ᠋ᠢᠨ 15 ᠎ᠤ ᠡᠳᠣᠷ
ᠡᠬᠢᠯᠡᠬᠦ᠌ ᠴᠠᠭ᠄
2019-03-15 10:39:43
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

     ᠡᠷᠭᠢᠮ ᠭᠦᠨᠳᠦᠳᠦ ᠰᠦᠯᠵᠢᠶᠠᠨ ᠠᠨᠳᠠ ᠨᠠᠷ ᠮᠢᠨᠢ᠂ ᠰᠠᠢᠨ ᠪᠠᠢᠨᠠᠦ?
     ᠦᠨᠦᠳᠦᠷ ᠪᠤᠯ 2019 ᠤᠨ᠎ᠤ 3 ᠰᠠᠷ᠎ᠠ᠎ᠶ᠋ᠢᠨ 15᠂ ᠪᠢᠯᠢᠭ᠎ᠤᠨ ᠤᠯᠠᠷᠢᠯ᠎ᠤᠨ ᠱᠢᠷᠠᠭ᠍ᠴᠢᠨ ᠭᠠᠭ᠍ᠠᠢ ᠵᠢᠯ᠎ᠤᠨ 2 ᠰᠠᠷ᠎ᠠ᠎ᠶ᠋ᠢᠨ ᠱᠢᠨ᠎ᠡ᠎ᠶ᠋ᠢᠨ ᠶᠢᠰᠦᠨ᠂ ᠭᠠᠷᠠᠭ᠎ᠤᠨ ᠳᠠᠪᠤᠨ᠂ ᠤᠯᠠᠨ ᠤᠯᠤᠰ᠎ᠤᠨ ᠬᠡᠷᠡᠭ᠌ᠯᠡᠭ᠌ᠴᠢᠳ᠎ᠤᠨ ᠡᠷᠬᠡ ᠠᠱᠢᠬ᠎ᠢ ᠬᠠᠮᠠᠭᠠᠯᠠᠬᠤ ᠡᠳᠦᠷ᠃ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ᠎ᠶ᠋ᠢᠨ ᠬᠠᠮ ᠵᠠᠭᠤᠴᠢᠯᠠᠭᠤᠷ᠎ᠤᠨ 《ᠦᠷᠯᠥᠭᠡ᠎ᠶ᠋ᠢᠨ ᠮᠡᠳᠡᠭᠡ》 ᠲᠠ ᠪᠦᠬᠦᠨ᠎ᠲᠠᠢ᠎ᠪᠠᠨ ᠮᠡᠨᠳᠦᠴᠢᠯᠡᠨ ᠵᠤᠯᠭᠠᠵᠤ ᠪᠠᠢᠨ᠎ᠠ᠃
     ᠪᠦᠬᠦ᠌ ᠤᠯᠤᠰ᠎ᠤᠨ ᠬᠤᠶᠠᠷ ᠬᠤᠷᠠᠯ᠎ᠤᠨ ᠮᠡᠳᠡᠭᠡ
     • 3 ᠰᠠᠷ᠎ᠠ᠎ᠶ᠋ᠢᠨ 14 ᠎ᠤ ᠦᠳᠡ᠎ᠶ᠋ᠢᠨ ᠬᠤᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ᠎ᠤᠨ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠭᠦᠮ ᠰᠠᠭᠤᠭ᠎ᠠ ᠭᠠᠵᠠᠷ᠎ᠲᠠᠭᠠᠨ ᠪᠦᠭᠦᠳᠡ ᠬᠤᠷᠠᠯ ᠬᠢᠵᠦ᠍᠂ ᠡᠯ᠎ᠠ ᠵᠦᠢᠯ᠎ᠤᠨ ᠱᠢᠢᠳᠪᠤᠷᠢ᠎ᠶ᠋ᠢᠨ ᠲᠦᠰᠦᠯ ᠪᠠ ᠭᠠᠳᠠᠭᠠᠳᠤ᠎ᠶ᠋ᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠤᠨ ᠰᠠᠨᠠᠭᠤᠯᠭ᠎ᠠ᠎ᠶ᠋ᠢᠨ ᠪᠠᠳᠤᠯᠠᠬᠤ ᠨᠤᠤᠷᠠᠬ᠎ᠢ ᠬᠢᠨᠠᠨ ᠵᠦᠪᠯᠡᠵᠦ᠍᠂ ᠲᠦᠯᠦᠭᠡᠯᠡᠭ᠌ᠴᠢᠳ ᠶᠡᠭᠡ ᠬᠤᠷᠠᠯ᠎ᠤᠨ ᠵᠤᠷᠢᠭ ᠰᠠᠨᠠᠭ᠎ᠠ᠎ᠶ᠋ᠢ ᠲᠦᠷᠦᠭᠦᠯᠡᠨ ᠰᠤᠷᠤᠯᠴᠠᠵᠦ᠍ ᠤᠬᠠᠭᠤᠯᠤᠨ ᠲᠤᠭᠤᠱᠢᠯᠠᠭᠤᠯᠬᠤ᠎ᠳᠤ ᠱᠠᠭᠠᠷᠳᠠᠯᠭ᠎ᠠ ᠲᠤᠷᠠᠳᠪᠠ᠃ ᠲᠦᠯᠦᠭᠡᠯᠡᠭ᠌ᠴᠢᠳ᠎ᠤᠨ ᠪᠦᠯᠭᠦᠮ᠎ᠤᠨ ᠲᠠᠷᠤᠭ᠎ᠠ ᠯᠢ ᠵᠶ᠋ᠢ ᠾᠸᠡᠭ ᠬᠤᠷᠠᠯ᠎ᠢ ᠡᠷᠬᠢᠯᠡᠭᠦ᠎ᠶ᠋ᠢᠨ ᠬᠠᠮᠳᠤ ᠶᠠᠷᠢᠶ᠎ᠠ ᠲᠠᠯᠪᠢᠵᠦ᠍᠂ ᠪᠦᠯᠭᠦᠮ᠎ᠤᠨ ᠲᠡᠳ᠋ ᠲᠠᠷᠤᠭ᠎ᠠ ᠪᠦ᠋ ᠱᠢᠶᠤᠤ ᠯᠢᠨ᠂ ᠯᠢ ᠱᠢᠤ ᠯᠢᠩ ᠨᠠᠷ ᠬᠤᠷᠠᠯ᠎ᠳᠤ ᠤᠷᠤᠯᠴᠠᠵᠠᠢ᠃
     • 3 ᠰᠠᠷ᠎ᠠ᠎ᠶ᠋ᠢᠨ 13 ᠎ᠤ ᠡᠳᠦᠷ᠂ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠥᠪᠡᠷᠳᠡᠭᠡᠨ ᠵᠠᠰᠠᠬᠤ ᠤᠷᠤᠨ᠎ᠤ ᠲᠡᠷᠢᠭᠦᠯᠡᠭ᠌ᠴᠢ ᠪᠦ᠋ ᠱᠢᠶᠤᠤ ᠯᠢᠨ 《ᠠᠷᠠᠳ᠎ᠤᠨ ᠡᠳᠦᠷ᠎ᠤᠨ ᠰᠤᠨᠢᠨ》 ᠎ᠳᠤ 《ᠪᠠᠢᠯᠳᠤᠬᠤ ᠪᠤᠳᠤᠯᠭ᠎ᠠ᠎ᠶ᠋ᠢᠨ ᠳᠤᠬ᠍ᠳᠠᠯ ᠬᠦᠴᠦᠨ᠎ᠢᠶᠠᠨ ᠪᠠᠳᠤᠯᠠᠵᠤ ᠠᠮᠢ ᠠᠬᠤᠢ ᠤᠷᠴᠢᠨ ᠲᠤᠭᠤᠷᠢᠨ᠎ᠢ ᠨᠠᠨᠳᠢᠩᠨᠠᠶ᠎ᠠ》 ᠬᠡᠬᠦ᠌ ᠭᠠᠷᠴᠠᠭ᠎ᠢᠶᠠᠷ ᠨᠡᠷ᠎ᠡ ᠬᠠᠳᠠᠬ᠍ᠰᠠᠨ ᠵᠤᠬᠢᠶᠠᠯ ᠨᠡᠢᠳᠡᠯᠡᠵᠡᠢ᠃ ᠪᠦ᠋ ᠱᠢᠶᠤᠤ ᠯᠢᠨ ᠲᠡᠷᠢᠭᠦᠯᠡᠭ᠌ᠴᠢ ᠵᠤᠬᠢᠶᠠᠯ᠎ᠳᠠᠭᠠᠨ ᠪᠢᠲᠡ ᠨᠤᠳᠤᠭ ᠪᠡᠯᠴᠢᠭᠡᠷ᠂ ᠤᠢ ᠱᠢᠭᠤᠢ᠎ᠶ᠋ᠢ ᠬᠠᠮᠠᠭᠠᠯᠠᠬᠤ᠎ᠪᠠᠷ ᠠᠮᠢ ᠠᠬᠤᠢ᠎ᠶ᠋ᠢᠨ ᠱᠢᠰᠲ᠋ᠧᠮ᠎ᠤᠨ ᠬᠠᠮᠠᠭᠠᠯᠠᠯᠲᠠ᠎ᠶ᠋ᠢᠨ ᠲᠡᠷᠢᠭᠦᠨ ᠴᠢᠬᠤᠯᠠ ᠡᠭᠦᠷᠭᠡ ᠪᠤᠯᠭᠠᠵᠦ᠍᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠵᠤ ᠪᠤᠬᠢᠷᠲᠦᠯ ᠦᠭᠡᠢ ᠬᠦᠭ᠌ᠵᠢᠯᠲᠡ᠎ᠪᠠᠷ ᠤᠲᠤᠷᠢᠲᠤᠮᠵᠢ ᠪᠤᠯᠭᠠᠬ᠍ᠰᠠᠨ ᠴᠢᠨᠠᠷ ᠰᠠᠢᠲᠠᠢ ᠬᠦᠭ᠌ᠵᠢᠯᠲᠡ᠎ᠶ᠋ᠢᠨ ᠱᠢᠨ᠎ᠡ ᠵᠠᠮ᠎ᠢ ᠴᠢᠷᠮᠠᠢᠨ ᠰᠦᠪᠡᠭ᠌ᠴᠢᠯᠡᠵᠦ᠍᠂ ᠡᠬᠡ ᠤᠯᠤᠰ᠎ᠤᠨ ᠤᠮᠠᠷᠠᠲᠦ᠎ᠶ᠋ᠢᠨ ᠡᠨᠡ ᠬᠦ᠌ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠤᠷᠤᠨ᠎ᠢᠶᠠᠨ ᠰᠠᠢᠲᠦᠷ ᠰᠠᠬᠢᠨ ᠬᠠᠮᠠᠭᠠᠯᠠᠨ᠎ᠠ ᠭᠡᠵᠦ᠍ ᠵᠢᠭᠠᠨ ᠭᠠᠷᠭᠠᠵᠠᠢ᠃
     • ᠦᠨᠦᠳᠦᠷ ᠦᠳᠡ᠎ᠶ᠋ᠢᠨ ᠡᠮᠦᠨ᠎ᠡ᠎ᠶ᠋ᠢᠨ 9 ᠴᠠᠭ᠎ᠲᠤ᠌᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠤᠷᠠᠯ ᠲᠦᠷᠪᠡᠳᠦᠭᠡᠷ ᠪᠦᠭᠦᠳᠡ ᠬᠤᠷᠠᠯ (ᠲᠡᠭᠦᠰᠭᠦ ᠬᠤᠷᠠᠯ) ᠬᠢᠵᠦ᠍᠂ ᠵᠠᠰᠠᠬ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠳᠤᠬᠠᠢ ᠱᠢᠢᠳᠪᠦᠷᠢ᠎ᠶ᠋ᠢᠨ ᠲᠦᠰᠦᠯ᠎ᠢ ᠪᠠᠳᠤᠯᠠᠨ᠎ᠠ; ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭᠠᠳᠤ᠎ᠶ᠋ᠢᠨ ᠠᠷᠠᠯᠵᠢᠶᠠᠴᠢᠨ᠎ᠤ ᠪᠡᠯᠡ ᠤᠷᠤᠭᠤᠯᠤᠯᠳᠠ᠎ᠶ᠋ᠢᠨ ᠬᠠᠤᠯᠢ᠎ᠶ᠋ᠢᠨ ᠲᠦᠰᠦᠯ᠎ᠢ ᠪᠠᠳᠤᠯᠠᠨ᠎ᠠ; 2018 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠬᠡᠮ᠎ᠤᠨ ᠬᠦᠭ᠌ᠵᠢᠯᠳᠡ᠎ᠶ᠋ᠢᠨ ᠲᠦᠯᠦᠪᠯᠡᠭᠡ᠎ᠶ᠋ᠢ ᠬᠦᠢᠴᠡᠳᠭᠡᠭ᠌ᠰᠡᠨ ᠪᠠᠢᠳᠠᠯ ᠪᠠ 2019 ᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠬᠡᠮ᠎ᠤᠨ ᠬᠦᠭ᠌ᠵᠢᠯᠳᠡ᠎ᠶ᠋ᠢᠨ ᠲᠦᠯᠦᠪᠯᠡᠭᠡ᠎ᠶ᠋ᠢᠨ ᠱᠢᠢᠳᠪᠦᠷᠢ᠎ᠶ᠋ᠢᠨ ᠲᠦᠰᠦᠯ᠎ᠢ ᠪᠠᠳᠤᠯᠠᠨ᠎ᠠ; 2018 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠢ ᠬᠦᠢᠴᠡᠳᠭᠡᠭ᠌ᠰᠡᠨ ᠪᠠᠢᠳᠠᠯ ᠪᠠ 2019 ᠤᠨ᠎ᠤ ᠲᠦᠪ᠎ᠤᠨ ᠪᠠ ᠤᠷᠤᠨ ᠨᠤᠳᠤᠭ᠎ᠤᠨ ᠲᠦᠰᠦᠪ᠎ᠤᠨ ᠱᠢᠢᠳᠪᠦᠷᠢ᠎ᠶ᠋ᠢᠨ ᠲᠦᠰᠦᠯ᠎ᠢ ᠪᠠᠳᠤᠯᠠᠨ᠎ᠠ; ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠢᠯᠡᠳᠭᠡᠯ᠎ᠤᠨ ᠱᠢᠢᠳᠪᠦᠷᠢ᠎ᠶ᠋ᠢᠨ ᠲᠦᠰᠦᠯ᠎ᠢ ᠪᠠᠳᠤᠯᠠᠨ᠎ᠠ; ᠠᠷᠠᠳ᠎ᠤᠨ ᠲᠡᠭᠡᠳᠦ ᠱᠢᠬᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢᠨ ᠱᠢᠢᠳᠪᠦᠷᠢ᠎ᠶ᠋ᠢᠨ ᠲᠦᠰᠦᠯ᠎ᠢ ᠪᠠᠳᠤᠯᠠᠨ᠎ᠠ; ᠠᠷᠠᠳ᠎ᠤᠨ ᠲᠡᠭᠡᠳᠦ ᠪᠠᠢᠴᠠᠭᠠᠬᠤ ᠬᠤᠷᠢᠶᠠᠨ᠎ᠤ ᠠᠵᠢᠯ᠎ᠤᠨ ᠮᠡᠳᠡᠭᠦᠯᠦᠯᠳᠡ᠎ᠶ᠋ᠢᠨ ᠱᠢᠢᠳᠪᠦᠷᠢ᠎ᠶ᠋ᠢᠨ ᠲᠦᠰᠦᠯ᠎ᠢ ᠪᠠᠳᠤᠯᠠᠨ᠎ᠠ; ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠠᠴᠠ ᠵᠠᠩ ᠷᠦᠩ ᠱᠦᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠡᠱᠢᠭᠦᠨ᠎ᠤ ᠳᠤᠱᠢᠶᠠᠯ᠎ᠠᠴᠠ᠎ᠪᠠᠨ ᠪᠠᠭᠤᠬᠤ ᠭᠤᠶᠤᠴᠢᠯᠠᠯ᠎ᠤᠨ ᠱᠢᠢᠳᠪᠦᠷᠢ᠎ᠶ᠋ᠢᠨ ᠲᠦᠰᠦᠯ᠎ᠢ ᠪᠠᠳᠤᠯᠠᠨ᠎ᠠ᠃
     • ᠬᠤᠷᠠᠯ ᠲᠡᠭᠦᠰᠦᠨ᠎ᠡ᠃ ᠬᠤᠷᠠᠯ ᠲᠡᠭᠦᠰᠦᠭ᠌ᠰᠡᠨ᠎ᠤ ᠳᠠᠷᠠᠭ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶ᠎ᠠ ᠰᠤᠷᠪᠤᠯᠵᠢᠯᠠᠬ᠍ᠴᠢ᠎ᠶ᠋ᠢᠨ ᠬᠤᠷᠠᠯ ᠬᠢᠨ᠎ᠡ᠃
     ᠨᠡᠢᠭᠡᠮ᠎ᠤᠨ ᠰᠣᠨᠢᠨ ᠮᠡᠳᠡᠭᠡ
     • ᠬᠤᠷᠢᠨ ᠲᠦᠷᠪᠡᠳᠦᠭᠡᠷ ᠬᠤᠭᠤᠴᠠᠭᠠᠨ᠎ᠤ ᠥᠪᠦᠷ ᠮᠤᠩᠭᠤᠯ᠎ᠤᠨ ᠤᠯᠠᠨ ᠤᠯᠤᠰ᠎ᠤᠨ ᠲᠠᠷᠢᠶᠠᠯᠠᠩ᠎ᠤᠨ ᠦᠵᠡᠰᠭᠦᠯᠡᠩ ᠵᠢᠴᠢ ᠭᠤᠷᠪᠠᠳᠤᠭᠠᠷ ᠬᠤᠭᠤᠴᠠᠭᠠᠨ᠎ᠤ ᠥᠪᠦᠷ ᠮᠤᠩᠭᠤᠯ᠎ᠤᠨ ᠤᠢ ᠱᠢᠭᠤᠢ᠎ᠶ᠋ᠢᠨ ᠠᠵᠤ ᠦᠢᠯᠡᠰ᠎ᠤᠨ ᠦᠵᠡᠰᠭᠦᠯᠡᠩ ᠦᠨᠦᠳᠦᠷ᠎ᠠᠴᠠ 17 ᠎ᠤ ᠡᠳᠦᠷ ᠪᠤᠯᠳᠠᠯ᠎ᠠ ᠥᠪᠦᠷ ᠮᠤᠩᠭᠤᠯ᠎ᠤᠨ ᠤᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠦᠪ᠎ᠲᠤ ᠶᠠᠪᠤᠬ᠍ᠳᠠᠨ᠎ᠠ᠃
     • ᠤᠢ᠍ᠢᠷ᠎ᠠ᠎ᠶ᠋ᠢᠨ ᠵᠢᠯ᠎ᠠᠴᠠ ᠤᠷᠤᠨ ᠨᠤᠳᠤᠭ᠎ᠤᠨ ᠤᠠᠴᠠᠯᠢᠬ᠍ᠳᠠᠢ ᠪᠦᠲᠦᠭᠡᠭ᠌ᠳᠡᠭᠦᠨ ᠦᠢᠯᠡᠳᠴᠦ᠍ ᠵᠠᠬ᠎ᠠ ᠲᠡᠯᠭᠡᠭᠦᠷ᠎ᠲᠤ ᠭᠠᠷᠭᠠᠨ ᠤᠷᠤᠯᠭ᠎ᠠ ᠡᠭᠦᠳᠴᠦ᠍ ᠪᠠᠢᠭ᠎ᠠ ᠬᠦᠮᠦᠰ ᠤᠤᠯ᠎ᠠᠴᠠ᠎ᠪᠠᠨ ᠤᠯᠠᠱᠢᠷᠠᠵᠠᠢ᠃ ᠤᠷᠴᠢᠮ ᠠᠯᠠᠱᠠ ᠵᠡᠬᠦᠨ ᠬᠤᠱᠢᠭᠤᠨ᠎ᠤ ᠪᠠᠶᠠᠨᠬᠤᠳᠠ ᠪᠠᠯᠭᠠᠰᠤᠨ᠎ᠤ ᠳᠤᠩᠭᠠᠯᠠᠭ ᠨᠠᠭᠤᠷ᠎ᠢᠶᠠᠷ ᠨᠤᠳᠤᠭ᠎ᠲᠠᠢ ᠡᠷᠳᠡᠨᠢᠰᠤᠪᠤᠳ ᠭᠤᠷᠪᠠ ᠶᠢᠰᠦ᠎ᠶ᠋ᠢᠨ ᠭᠤᠷᠪᠠᠳᠤᠭᠠᠷ ᠡᠳᠦᠷ᠎ᠤᠨ ᠤᠯᠠᠭᠠᠨ ᠭᠤᠶᠤᠤ᠎ᠪᠠᠷ ᠱᠢᠬᠢᠷ ᠬᠢᠵᠦ᠍ ᠬᠤᠳᠠᠯᠳᠤᠭᠠᠳ ᠰᠠᠷ᠎ᠠ᠎ᠶ᠋ᠢᠨ ᠬᠤᠭᠤᠴᠠᠭᠠᠨ᠎ᠳᠤ 2 ᠲᠦᠮᠡᠨ ᠲᠦᠬᠦᠷᠢᠭ᠎ᠤᠨ ᠤᠷᠤᠯᠭ᠎ᠠ ᠡᠭᠦᠳᠦᠭ᠌ᠰᠡᠨ ᠪᠠᠢᠨ᠎ᠠ᠃
     • 3 ᠰᠠᠷ᠎ᠠ᠎ᠶ᠋ᠢᠨ 15 ᠎ᠤ ᠬᠡᠷᠡᠭ᠌ᠯᠡᠭ᠌ᠴᠢᠳ᠎ᠤᠨ ᠡᠷᠬᠡ ᠠᠱᠢᠬ᠎ᠢ ᠬᠠᠮᠠᠭᠠᠯᠠᠬᠤ ᠡᠳᠦᠷ ᠬᠦᠷᠴᠦ᠍ ᠢᠷᠡᠬᠦ᠌ ᠳᠠᠱᠢᠷᠠᠮ᠎ᠢᠶᠠᠷ᠂ ᠵᠠᠬ᠎ᠠ ᠳᠡᠯᠬᠡᠬᠦᠷ᠎ᠤᠨ ᠬᠢᠨᠠᠨ ᠬᠠᠮᠢᠶᠠᠷᠤᠯᠳᠠ᠎ᠶ᠋ᠢᠨ ᠶᠡᠷᠦᠩᠬᠡᠢ ᠳᠤᠪᠴᠢᠶ᠎ᠠ᠎ᠠᠴᠠ ᠴᠣ᠌ ᠱᠢᠨ᠎ᠠ ᠳᠤᠭ᠎ᠠ ᠪᠦᠷᠢᠳᠭᠡᠯ ᠭᠠᠷᠭᠠᠬ᠍ᠰᠠᠨ ᠪᠠᠢᠨ᠎ᠠ᠃ 2018 ᠤᠨ᠎ᠳᠤ᠂ ᠬᠡᠷᠡᠭ᠌ᠯᠡᠭ᠌ᠴᠢ᠎ᠶ᠋ᠢᠨ ᠵᠠᠭᠠᠯᠳᠤᠬ᠍ᠰᠠᠨ᠂ ᠢᠯᠡᠴᠢᠯᠡᠨ ᠮᠡᠳᠡᠭᠦᠯᠦᠭ᠌ᠰᠡᠨ᠂ ᠠᠰᠠᠭᠤᠨ ᠯᠠᠪᠯᠠᠬ᠍ᠰᠠᠨ ᠬᠡᠷᠡᠭ 1124.96 ᠲᠦᠮᠡ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 20.74% ᠎ᠪᠠᠷ ᠨᠡᠮᠡᠭ᠌ᠳᠡᠭ᠌ᠰᠡᠨ ᠪᠠᠢᠨ᠎ᠠ᠃ ᠡᠭᠦᠨ᠎ᠠᠴᠠ ᠭᠠᠳᠠᠨ᠎ᠠ ᠪᠦᠬᠦ᠌ ᠤᠯᠤᠰ᠎ᠤᠨ ᠵᠠᠬ᠎ᠠ ᠳᠡᠯᠬᠡᠬᠦᠷ᠎ᠤᠨ ᠬᠢᠨᠠᠨ ᠬᠠᠮᠢᠶᠠᠷᠤᠯᠳᠠ᠎ᠶ᠋ᠢᠨ ᠰᠠᠯᠠᠭ᠎ᠠ ᠮᠦᠴᠢᠷ᠎ᠤᠨ ᠬᠠᠪᠰᠤᠷᠤᠯᠭ᠎ᠠ ᠳᠡᠮᠵᠢᠯᠬᠡ ᠳᠤᠤᠷ᠎ᠠ ᠬᠡᠷᠡᠭ᠌ᠯᠡᠭ᠌ᠴᠢᠳ᠎ᠲᠤ 31.17 ᠳ᠋ᠦᠩᠱᠢᠭᠤᠷ ᠲᠦᠬᠦᠷᠢᠭ᠎ᠤᠨ ᠠᠵᠤ ᠠᠬᠤᠢ᠎ᠶ᠋ᠢᠨ ᠬᠤᠬᠢᠷᠠᠯ᠎ᠢ ᠡᠬᠡᠬᠦᠯᠦᠨ ᠦᠭ᠌ᠴᠠᠢ᠃ ᠡᠢᠮᠦ᠎ᠠᠴᠠ ᠦᠷᠬᠡᠨ ᠤᠯᠠᠨ ᠬᠡᠷᠡᠭ᠌ᠯᠡᠭ᠌ᠴᠢᠳ ᠮᠠᠨᠢ ᠬᠠᠤᠯᠢ᠎ᠪᠠᠷ ᠥᠪᠡᠷ᠎ᠤᠨ ᠡᠷᠬᠡ ᠠᠱᠢᠬ᠎ᠢᠶᠠᠨ ᠬᠠᠮᠠᠭᠠᠯᠠᠭᠠᠷᠠᠢ!
     • 3 ᠰᠠᠷ᠎ᠠ᠎ᠶ᠋ᠢᠨ 12 ᠎ᠤᠨ ᠡᠳᠦᠷ᠂ ᠲᠥᠪ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠠᠬᠢᠭᠤᠯᠬᠤ ᠬᠤᠷᠠᠯ ᠬᠥᠬᠡᠬᠤᠲᠠ᠎ᠳᠤ ᠬᠤᠷᠠᠯᠳᠤᠪᠠ᠃
     • ᠤᠷᠢᠨ ᠳᠤᠯᠠᠭᠠᠨ ᠬᠠᠪᠤᠷ᠎ᠤᠨ ᠤᠯᠠᠷᠢᠯ ᠬᠦᠷᠴᠦ᠍ ᠢᠷᠡᠬᠦ᠌᠎ᠶ᠋ᠢ ᠲᠠᠭᠠᠯᠳᠤᠨ ᠤᠢ᠍ᠢᠷ᠎ᠠ᠎ᠳᠤ ᠮᠠᠨ᠎ᠤ ᠤᠷᠤᠨ᠎ᠤ ᠬᠡᠰᠡᠭ ᠭᠠᠵᠠᠷ᠎ᠢᠶᠠᠷ ᠬᠤᠨ ᠭᠠᠯᠠᠭᠤᠳ ᠨᠡᠭᠦᠳᠡᠯᠯᠡᠨ ᠢᠷᠡᠵᠦ᠍᠂ ᠤᠮᠠᠷᠠᠳᠤ ᠬᠢᠯᠢ᠎ᠶ᠋ᠢᠨ ᠦᠵᠡᠰᠭᠦᠯᠡᠩᠳᠤ ᠤᠷᠤᠨ᠎ᠳᠤ ᠮᠠᠨᠢ ᠤᠨᠴᠠᠭᠠᠢ ᠰᠠᠢᠬᠠᠨ ᠥᠩᠬᠡ ᠦᠵᠡᠮᠵᠢ ᠨᠡᠮᠡᠷᠢᠯᠡᠵᠦ᠍ ᠪᠤᠢ᠃ ᠵᠢᠷᠤᠬ ᠪᠤᠯ ᠮᠠᠨ᠎ᠤ ᠤᠷᠤᠨ᠎ᠤ ᠤᠷᠳᠤᠰ᠎ᠤᠨ ᠳᠠᠯᠠᠳ ᠬᠤᠱᠢᠭᠤᠨ᠎ᠤ ᠬᠠᠳᠤᠨ ᠭᠤᠤᠯ᠎ᠤᠨ ᠬᠦᠪᠡᠭᠡ ᠳᠠᠭᠠᠤ ᠭᠠᠵᠠᠷ ᠤᠷᠤᠨ᠎ᠳᠤ ᠰᠡᠭᠦᠳᠡᠷᠯᠡᠭ᠌ᠰᠡᠨ ᠬᠤᠨ ᠬᠠᠯᠠᠭᠤᠳ᠎ᠤᠨ ᠰᠡᠭᠦᠳᠡᠷ ᠪᠤᠯᠤᠨ᠎ᠠ᠃
     • 3 ᠰᠠᠷ᠎ᠠ᠎ᠶ᠋ᠢᠨ 12 ᠎ᠤ ᠡᠳᠦᠷ᠂ ᠪᠠᠶᠠᠨᠨᠠᠭᠤᠷ ᠬᠤᠳᠠ᠎ᠶ᠋ᠢᠨ ᠬᠠᠮᠢᠶ᠎ᠠ ᠪᠦᠬᠦᠢ ᠳᠠᠯ᠎ᠠ᠎ᠶ᠋ᠢᠨ᠎ᠬᠢᠨ ᠯᠠᠩᠱᠠᠨ ᠰᠦᠢᠳᠭᠡᠯ ᠬᠤᠷᠢᠶᠠᠬᠤ ᠦᠷᠳᠡᠭᠡᠨ᠎ᠳᠤ ᠳᠤᠤᠵᠠ ᠬᠠᠢᠴᠢᠯᠠᠬᠤ ᠶᠤᠰᠤᠯᠠᠯ ᠶᠠᠪᠤᠭᠤᠯᠵᠤ᠂ 242 ᠤᠯᠤᠰ᠎ᠤᠨ ᠵᠠᠮ᠎ᠤᠨ ᠭᠠᠭ᠍ᠴᠠᠮᠤᠳᠤ ᠬᠢᠯᠢ᠎ᠶ᠋ᠢᠨ ᠪᠤᠭᠤᠮᠳᠠ᠎ᠠᠴᠠ ᠯᠢᠨ ᠾᠧ ᠬᠦᠷᠬᠦ᠌ ᠨᠢᠬᠡᠳᠦᠬᠡᠷ ᠳᠡᠰ᠎ᠤᠨ ᠵᠠᠰᠠᠮᠠᠯ ᠵᠠᠮ ᠵᠢᠩᠬᠢᠨᠢ᠎ᠪᠠᠷ ᠲᠡᠷᠭᠡ ᠨᠡᠪᠳᠡᠷᠡᠭ᠌ᠰᠡᠨ᠎ᠢ ᠵᠠᠷᠯᠠᠬ᠍ᠰᠠᠨ ᠪᠠᠢᠨ᠎ᠠ᠃ ᠵᠠᠰᠠᠮᠠᠯ ᠵᠠᠮ᠎ᠤᠨ ᠪᠦᠬᠦ᠌ ᠤᠷᠳᠤ᠎ᠨᠢ 183 ᠺᠢᠯᠦᠮᠧᠲᠷ᠎ᠲᠤ ᠬᠦᠷᠴᠦ᠍᠂ ᠪᠠᠶᠠᠨᠨᠠᠭᠤᠷ ᠬᠤᠳᠠ᠎ᠶ᠋ᠢᠨ 3 ᠬᠤᠱᠢᠭᠤ ᠱᠢᠶᠠᠨ᠂ 7 ᠰᠤᠮᠤ ᠪᠠᠯᠭᠠᠰᠤ᠂ 24 ᠭᠠᠴᠠᠭ᠎ᠠ ᠳᠤᠰᠭᠤᠨ᠎ᠢᠶᠠᠷ ᠦᠩᠬᠡᠷᠡᠵᠦ᠍᠂ ᠤᠷᠢᠳ ᠬᠤᠵᠢᠳ 3 ᠵᠢᠯ ᠭᠠᠷᠤᠢ᠎ᠶ᠋ᠢᠨ ᠬᠤᠭᠤᠴᠠᠭ᠎ᠠ ᠬᠡᠷᠡᠭ᠌ᠰᠡᠵᠡᠢ᠃
     • ᠤᠢᠯᠠᠭᠠᠭ᠍ᠰᠡᠨ᠎ᠢᠶᠠᠷ᠂ ᠬᠦᠪᠡᠭᠡᠳᠦ ᠱᠢᠷ᠎ᠠ ᠬᠤᠱᠢᠭᠤᠨ᠎ᠤ ᠴᠠᠬᠠᠷ ᠡᠮ᠎ᠡ ᠬᠤᠨᠢ 18 ᠲᠦᠮᠡ᠎ᠳᠤ ᠬᠦᠷᠴᠦ᠍᠂ ᠤᠳᠤ ᠪᠤᠯᠳᠠᠯ᠎ᠠ 8 ᠲᠦᠮᠡ 9000 ᠭᠠᠷᠦᠢ ᠴᠠᠬᠠᠷ ᠬᠤᠨᠢᠨ᠎ᠤ ᠲᠦᠯ ᠲᠤᠰᠴᠦ᠍᠂ ᠪᠤᠢᠵᠢᠯᠳᠠ᠎ᠶ᠋ᠢᠨ ᠨᠤᠷᠮ᠎ᠠ 99.7 % ᠎ᠳᠤ ᠬᠦᠷᠴᠠᠢ᠃
     • ᠤᠢ᠍ᠢᠷ᠎ᠠ᠎ᠳᠤ᠂ ᠬᠦᠷᠢᠶ᠎ᠠ ᠬᠤᠱᠢᠭᠤ ᠰᠤᠮᠤ ᠪᠠᠯᠭᠠᠰᠤ᠎ᠶ᠋ᠢ ᠭᠦᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠱᠠᠭᠠᠷᠳᠠᠯᠭ᠎ᠠ᠎ᠪᠠᠷ᠂ ᠶᠠᠳᠠᠭᠤ᠎ᠶ᠋ᠢ ᠲᠡᠳᠬᠦᠨ ᠪᠤᠭᠤᠮᠳᠠ ᠱᠢᠪᠳᠤᠯᠬᠤ ᠪᠤᠳᠠᠳᠠᠢ ᠠᠷᠭ᠎ᠠ ᠠᠪᠴᠠᠯ᠎ᠢ ᠠᠪᠴᠤ᠌᠂ 2019 ᠤᠨ᠎ᠤ ᠨᠢᠭᠡᠳᠦᠭᠡᠷ ᠬᠤᠭᠤᠴᠠᠭᠠᠨ᠎ᠤ ᠱᠢᠨ᠎ᠠ ᠬᠡᠯᠪᠡᠷᠢ᠎ᠶ᠋ᠢᠨ ᠮᠠᠯᠴᠢᠨ ᠲᠠᠷᠢᠶᠠᠴᠢᠨ᠎ᠤ ᠠᠵᠢᠯ ᠮᠡᠷᠭᠡᠵᠢᠯ᠎ᠤᠨ ᠪᠤᠯᠪᠠᠰᠤᠷᠠᠯ᠎ᠢ ᠡᠷᠬᠢᠯᠡᠵᠣ᠂ ᠪᠦᠬᠦ᠌ ᠬᠤᠱᠢᠭᠤᠨ᠎ᠤ ᠮᠠᠯ ᠲᠡᠵᠢᠭᠡᠵᠤ ᠪᠦᠬᠦᠢ ᠡᠷᠦᠭᠡ᠎ᠶ᠋ᠢᠨ 80 ᠭᠠᠷᠤᠢ ᠬᠦᠮᠦᠨ ᠤᠷᠤᠯᠴᠠᠭ᠍ᠰᠠᠨ ᠪᠠᠢᠨ᠎ᠠ᠃
     ᠰᠤᠶᠣᠯ ᠲᠠᠮᠢᠷ᠎ᠤᠨ ᠮᠡᠳᠡᠭᠡ
     • ᠤᠢ᠍ᠢᠷ᠎ᠠ᠎ᠶ᠋ᠢᠨ ᠡᠳᠦᠷ᠂ ᠮᠤᠩᠭᠤᠯ ᠤᠯᠤᠰ᠎ᠤᠨ ᠠᠯᠳᠠᠷᠳᠤ ᠲᠠᠭᠤᠴᠢᠨ ᠲᠡᠯᠭᠡᠷᠮᠦᠷᠡᠨ ᠪᠤᠯᠤᠨ ᠪᠠᠳᠤᠰᠦ᠋ᠬᠡ᠎ᠶ᠋ᠢᠨ ᠬᠠᠮᠳᠤᠷᠠᠨ ᠲᠠᠭᠤᠯᠠᠬ᠍ᠰᠠᠨ ᠱᠢᠨ᠎ᠡ ᠤᠷᠠᠨ ᠪᠦᠲᠦᠭᠡᠯ 《ᠮᠤᠩᠭᠤᠯ ᠪᠦᠰᠡᠬᠦᠢ᠎ᠶ᠋ᠢᠨ ᠭᠠᠢᠬᠠᠮᠱᠢᠬ》 ᠰᠤᠨᠤᠰᠤᠬ᠍ᠴᠢ ᠲᠦᠮᠡᠨ᠎ᠲᠠᠢ᠎ᠪᠠᠨ ᠵᠤᠯᠭᠠᠵᠠᠢ᠃
     • 3 ᠰᠠᠷ᠎ᠠ᠎ᠶ᠋ᠢᠨ 12 ᠎ᠤᠨ ᠡᠳᠦᠷ᠂ 2018-2019 ᠤᠨ᠎ᠤ ᠪᠦᠬᠦ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶ᠋ᠢᠨ ᠬᠦᠷᠢᠶᠡᠨ᠎ᠤ ᠬᠦᠯ ᠪᠦᠮᠪᠦᠭᠡ᠎ᠶ᠋ᠢᠨ ᠬᠤᠯᠪᠤᠭᠠᠳᠤ ᠤᠷᠤᠯᠳᠤᠭᠠᠨ (ᠲᠡᠭᠡᠳᠦ ᠳᠤᠮᠳᠠᠳᠤ᠎ᠶ᠋ᠢᠨ ᠡᠮᠡᠭ᠌ᠳᠡᠢ᠎ᠶ᠋ᠢᠨ ᠳᠤᠭᠤᠢ᠍ᠢᠯᠠᠩ) ᠳᠡᠭᠡᠷ᠎ᠠ ᠬᠦᠬᠡᠬᠤᠳᠠ᠎ᠶ᠋ᠢᠨ ᠮᠤᠩᠭᠤᠯ ᠦᠨᠳᠦᠰᠦᠳᠡᠨ᠎ᠤ ᠰᠤᠷᠭᠠᠭᠤᠯᠢ᠎ᠶ᠋ᠢᠨ ᠡᠮᠡᠭ᠌ᠳᠠᠢ᠎ᠶ᠋ᠢᠨ ᠬᠦᠯ ᠪᠦᠮᠪᠦᠭᠡ᠎ᠶ᠋ᠢᠨ ᠠᠩᠬᠢ ᠰᠧᠴᠤᠸᠠᠨ ᠮᠤᠵᠢ᠎ᠶ᠋ᠢᠨ ᠱᠤᠸᠠᠩ ᠯᠢᠤ ᠳᠠᠩ ᠨᠠᠭᠤᠷ᠎ᠤᠨ ᠳᠤᠮᠳᠠᠳᠤ ᠰᠤᠷᠭᠠᠭᠤᠯᠢ᠎ᠶ᠋ᠢᠨ ᠠᠩᠬᠢ᠎ᠶ᠋ᠢ ᠢᠯᠠᠵᠤ ᠮᠠᠩᠯᠠᠢᠯᠠᠪᠠ᠃
     ᠦᠢᠯᠡᠴᠢᠯᠡᠭᠡᠨ᠎ᠤ ᠮᠡᠳᠡᠭᠡ
     • 2019 ᠤᠨ᠎ᠤ ᠪᠦᠬᠦ᠌ ᠴᠡᠷᠢᠭ᠎ᠤᠨ ᠨᠡᠢᠬᠡᠮ ᠲᠡᠭᠡᠷ᠎ᠡ᠎ᠠᠴᠠ ᠢᠯᠡ᠎ᠪᠠᠷ ᠪᠢᠴᠢᠭ᠎ᠤᠨ ᠳᠤᠱᠢᠶᠠᠯᠳᠠᠨ ᠱᠢᠯᠭᠠᠨ ᠡᠯᠰᠡᠬᠦ᠌ ᠠᠵᠢᠯ ᠪᠦᠬᠦ᠌ ᠳᠠᠯ᠎ᠠ᠎ᠪᠠᠷ ᠡᠬᠢᠯᠡᠭ᠌ᠰᠡᠨ ᠪᠠᠢᠨ᠎ᠠ᠃ ᠱᠢᠯᠭᠠᠭᠤᠯᠬᠤ ᠰᠠᠨᠠᠭᠠᠳᠠᠢ ᠬᠦᠮᠦᠰ 3 ᠰᠠᠷ᠎ᠠ᠎ᠶ᠋ᠢᠨ 13 ᠎ᠤ ᠡᠳᠦᠷ᠎ᠠᠴᠠ 20 ᠎ᠤ ᠡᠳᠦᠷ ᠪᠤᠯᠳᠠᠯ᠎ᠠ᠂ ᠴᠡᠷᠢᠭ ᠠᠩᠬᠢ᠎ᠶ᠋ᠢᠨ ᠴᠢᠳᠠᠪᠤᠷᠢᠳᠠᠨ᠎ᠤ ᠰᠦᠯᠵᠢᠶ᠎ᠡ᠎ᠳᠤ ᠤᠷᠤᠵᠤ ᠨᠡᠷ᠎ᠡ ᠮᠡᠳᠡᠭᠦᠯᠵᠦ᠍ ᠪᠤᠯᠤᠨ᠎ᠠ᠃ 4 ᠰᠠᠷ᠎ᠠ᠎ᠶ᠋ᠢᠨ 28 ᠎ᠤ ᠡᠳᠦᠷ ᠪᠦᠬᠦ᠌ ᠴᠡᠷᠢᠭ᠎ᠠᠴᠠ ᠨᠢᠭᠡᠳᠦᠯᠳᠡᠢ ᠱᠢᠯᠭᠠᠯᠳᠠ ᠵᠤᠬᠢᠶᠠᠨ ᠪᠠᠢᠭᠤᠯᠵᠤ ᠶᠠᠪᠤᠬ᠍ᠳᠠᠭᠤᠯᠤᠨ᠎ᠠ᠃ 9 ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ᠂ ᠨᠢᠭᠤᠷᠳᠠᠨ ᠱᠢᠯᠭᠠᠬᠤ ᠪᠡᠶ᠎ᠡ᠎ᠶ᠋ᠢᠨ ᠪᠠᠢᠴᠠᠭᠠᠯᠳᠠ ᠬᠢᠬᠦ᠂ ᠤᠯᠤᠰ ᠲᠦᠷᠦ᠎ᠶ᠋ᠢᠨ ᠳᠠᠯ᠎ᠠ᠎ᠪᠠᠷ ᠬᠢᠨᠠᠨ ᠱᠢᠯᠭᠠᠬᠤ᠂ ᠶᠡᠷᠦᠩᠬᠡᠢᠯᠡᠨ ᠪᠠᠢᠴᠠᠭᠠᠨ ᠦᠵᠡᠬᠦ᠂ ᠵᠠᠷᠯᠠᠨ ᠨᠡᠢᠳᠡᠯᠡᠬᠦ᠌ ᠬᠢᠨᠠᠨ ᠵᠦᠪᠱᠢᠶᠡᠷᠡᠬᠦ᠌ ᠵᠡᠷᠭᠡ ᠠᠵᠢᠯ᠎ᠢ ᠳᠠᠭᠤᠰᠭᠠᠬᠤ᠎ᠪᠠᠷ ᠪᠤᠢ᠃ (ᠨᠠᠷᠢᠨ ᠠᠭᠤᠯᠭ᠎ᠠ᠎ᠶ᠋ᠢ ᠴᠡᠷᠢᠭ ᠠᠩᠬᠢ᠎ᠶ᠋ᠢᠨ ᠴᠢᠳᠠᠪᠤᠷᠢᠳᠠᠨ᠎ᠤ ᠰᠦᠯᠵᠢᠶ᠎ᠡ᠎ᠠᠴᠠ ᠯᠠᠪᠯᠠᠭᠠᠷᠠᠢ!)
     • ᠦᠪᠡᠷᠲᠡᠭᠡᠨ ᠵᠠᠰᠠᠬᠤ ᠤᠷᠤᠨ᠎ᠤ ᠴᠠᠭ ᠠᠭᠤᠷ᠎ᠤᠨ ᠲᠤᠪᠴᠢᠶᠠᠨ᠎ᠤ ᠮᠡᠳᠡᠭᠡᠯᠡᠭ᠌ᠰᠡᠨ᠎ᠢᠶᠠᠷ᠂ ᠢᠷᠡᠬᠦ᠌ ᠬᠡᠳᠦᠨ ᠡᠳᠦᠷ ᠮᠠᠨ᠎ᠤ ᠤᠷᠤᠨ᠎ᠤ ᠳᠤᠮᠳᠠ ᠵᠡᠬᠦᠨ ᠪᠡᠶ᠎ᠡ ᠪᠤᠯᠤᠨ ᠵᠡᠬᠦᠨ ᠬᠤᠢᠳᠤ ᠪᠡᠶ᠎ᠡ᠎ᠶ᠋ᠢᠨ ᠬᠡᠰᠡᠭ ᠭᠠᠵᠠᠷ᠎ᠢᠶᠠᠷ ᠴᠠᠰᠤ ᠪᠤᠷᠤᠭᠠᠨ ᠤᠷᠤᠬᠤ᠎ᠶ᠋ᠢ ᠭᠠᠷᠭᠠᠪᠠᠯ ᠪᠦᠬᠦ᠌ ᠤᠷᠤᠨ᠎ᠤ ᠦᠯᠡᠳᠡᠭ᠌ᠰᠡᠨ ᠶᠡᠬᠡᠩᠬᠢ ᠭᠠᠵᠠᠷ ᠤᠷᠤᠨ᠎ᠳᠤ ᠳᠤᠩᠭᠠᠯᠠᠬ᠎ᠠᠴᠠ ᠡᠭᠦᠯᠡᠱᠢᠵᠦ᠍᠂ ᠠᠭᠠᠷ᠎ᠤᠨ ᠳᠤᠯᠠᠭᠠᠨ ᠦᠷᠬᠦᠯᠵᠢᠯᠡᠨ ᠲᠡᠭᠡᠭ᠌ᠰᠢᠯᠡᠨ᠎ᠡ᠃ ᠭᠠᠷᠠᠭ᠎ᠤᠨ ᠰᠡᠭᠦᠯᠴᠢ᠎ᠪᠠᠷ ᠪᠦᠬᠦ᠌ ᠤᠷᠤᠨ᠎ᠤ ᠶᠡᠬᠡᠩᠬᠢ ᠭᠠᠵᠠᠷ ᠤᠷᠤᠨ᠎ᠳᠤ ᠰᠠᠯᠬᠢ ᠰᠠᠯᠬᠢᠯᠠᠬᠤ ᠦᠭᠡᠢ᠂ ᠪᠤᠷᠤᠭᠠᠨ ᠴᠠᠰᠤ ᠤᠷᠤᠬᠤ ᠦᠭᠡᠢ᠃ ᠠᠭᠠᠷ᠎ᠤᠨ ᠳᠤᠯᠠᠭᠠᠨ ᠦᠷᠬᠦᠯᠵᠢᠯᠡᠨ ᠲᠡᠭᠡᠭ᠌ᠰᠢᠯᠡᠨ᠎ᠡ᠃
     ᠡᠷᠬᠢᠮ ᠬᠦᠠᠳᠦᠲᠦ ᠰᠦᠯᠵᠢᠶᠡᠨ ᠠᠨᠳᠠ ᠨᠠᠷ ᠡ᠂ ᠦᠨᠦᠳᠦᠷ᠎ᠤᠨ ᠨᠡᠪᠳᠡᠷᠡᠭᠦᠯᠭᠡ ᠮᠠᠨᠢ ᠡᠢᠨᠭᠦ᠌ ᠦᠨᠳᠦᠷᠯᠡᠵᠤ ᠪᠠᠢᠨ᠎ᠠ᠃ ᠲᠠ ᠪᠦᠭᠦᠨ᠎ᠤ ᠭᠦᠯᠢᠶᠠᠨ ᠠᠪᠴᠦ᠍ ᠰᠤᠨᠤᠰᠤᠭ᠍ᠰᠠᠨ᠎ᠳᠤ ᠪᠠᠶᠠᠷᠯᠡᠯ᠎ᠡ᠃ ᠲᠠᠷᠠᠭᠠᠴᠢ᠎ᠶ᠋ᠢᠨ ᠳ᠋ᠤᠭᠠᠷ᠎ᠲᠠᠭᠠᠨ ᠲᠠᠭᠢᠨ ᠵᠤᠯᠭᠠᠶ᠎ᠠ᠂ ᠪᠠᠶᠠᠷᠳᠠᠢ!
                 ᠨᠠᠢᠷᠠᠭᠤᠯᠤᠨ ᠨᠡᠪᠳᠡᠷᠡᠭᠦᠯᠦᠭ᠌ᠴᠢ᠄ ᠪᠠᠶᠠᠷᠴᠡᠩᠭᠡᠯ
                 ᠮᠡᠷᠭᠡᠵᠢᠯ᠄ ᠰᠦᠮᠪᠦᠷ
                 ᠬᠢᠨᠠᠨ ᠦᠢᠯᠡᠳᠦᠭ᠌ᠴᠢ᠄ ᠪᠤᠶᠠᠨᠲᠤ

ᠬᠤᠪᠢᠶᠠᠯᠴᠠᠬᠤ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号