|
|
|
|
|
ᠲᠡᠭ᠌ᠷᠢ ᠊᠊᠊᠊ ᠪᠢ ᠮᠤᠩᠭᠤᠯ ᠬᠥᠮᠦᠨ ( ᠬᠤᠶᠠᠳᠠᠬᠢ ᠤᠳᠠᠭ᠎ᠠ )
|
|
|
|
|
ᠡᠬᠢᠯᠡᠬᠦ᠌ ᠴᠠᠭ᠄
2019-06-03 14:31:26
|
ᠨᠠᠶ᠋ᠢᠷᠠᠭᠤᠯᠤᠭᠴᠢ ᠄
ᠲᠣᠲᠥᠷᠬᠠᠢ ᠦᠭᠡᠢ
|
ᠨᠡᠪᠲᠡᠷᠡᠬᠦᠯᠦᠭᠴᠢ ᠄
ᠲᠣᠲᠥᠷᠬᠠᠢ ᠦᠭᠡᠢ
|
|
|
6 ᠰᠠᠷ᠎ᠠ᠎ᠶ᠋ᠢᠨ 1 ᠤ ᠡᠳᠦᠷ ᠬᠡᠪᠯᠡᠭ᠌ᠳᠡᠭ᠌ᠰᠡᠨ 11 ᠳ᠋ᠦ᠍ᠭᠡᠷ ᠬᠤᠭᠤᠴᠠᠭᠠᠨ᠎ᠤ 《ᠦᠨᠡᠨ》 ᠰᠡᠳᠬᠦᠯ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ᠎ᠤᠨ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠎ᠶ᠋ᠢ ᠱᠢᠨ᠎ᠡ ᠴᠠᠭ ᠦᠶ᠎ᠡ᠎ᠶ᠋ᠢᠨ 〈ᠬᠥᠳᠡᠭᠡ ᠠᠵᠤ ᠠᠬᠤᠢ ᠬᠥᠳᠡᠭᠡ ᠲᠣᠰᠭᠤᠨ ᠲᠠᠷᠢᠶᠠᠴᠢᠨ〉 ᠤ ᠠᠵᠢᠯ᠎ᠤᠨ ᠶᠡᠷᠦᠩᠬᠡᠢ ᠭᠠᠷᠳᠠᠴᠠ ᠪᠣᠯᠭᠠᠶ᠎ᠠ》 ᠭᠡᠬᠦ᠌ ᠴᠢᠬᠤᠯᠠ ᠵᠣᠬᠢᠶᠠᠯ᠎ᠢ ᠨᠡᠶᠢᠳᠡᠯᠡᠪᠡ᠃ ᠵᠣᠬᠢᠶᠠᠯ᠎ᠳᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠣᠯ ᠨᠠᠮ᠎ᠤᠨ ᠠᠷᠪᠠ ᠵᠢᠰᠦᠳᠦᠭᠡᠷ ᠶᠡᠭᠡ ᠬᠤᠷᠠᠯ᠎ᠠᠴᠠ ᠳᠤᠷᠠᠳᠤᠭ᠍ᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠤᠨ᠎ᠠ᠂ ᠨᠡᠶᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠶᠢᠭᠤᠯᠬᠤ᠎ᠲᠠᠢ ᠬᠤᠯᠪᠣᠭ᠍ᠳᠠᠬᠤ ᠪᠦᠬᠦ᠌ ᠲᠠᠯ᠎ᠠ᠎ᠶ᠋ᠢᠨ ᠴᠢᠨᠠᠷᠲᠠᠢ᠂ ᠲᠡᠦᠬᠡᠲᠦ ᠴᠢᠨᠠᠷᠲᠠᠢ ᠡᠭᠦᠷᠭᠡ ᠪᠣᠯᠤᠨ᠎ᠠ᠂ ᠱᠢᠨ᠎ᠡ ᠴᠠᠭ ᠦᠶ᠎ᠡ᠎ᠶ᠋ᠢᠨ 《ᠬᠥᠳᠡᠭᠡ ᠠᠵᠤ ᠠᠬᠤᠢ ᠬᠥᠳᠡᠭᠡ ᠲᠣᠰᠭᠤᠨ ᠲᠠᠷᠢᠶᠠᠴᠢᠨ》 ᠤ ᠠᠵᠢᠯ᠎ᠤᠨ ᠶᠡᠷᠦᠩᠬᠡᠢ ᠭᠠᠷᠳᠠᠴᠠ ᠪᠣᠯᠤᠨ᠎ᠠ᠃ ᠪᠢᠳᠡ ᠡᠨᠡ ᠬᠦ᠋ ᠴᠢᠬᠤᠯᠠ ᠶᠡᠭᠡ ᠪᠠᠶᠢᠯᠳᠤᠬᠤ ᠪᠣᠳᠣᠯᠭ᠎ᠠ᠎ᠶ᠋ᠢᠨ ᠲᠤᠬᠠᠢ ᠣᠢᠯᠠᠭᠠᠯᠲᠠ᠎ᠪᠠᠨ ᠭᠦᠨᠵᠡᠭᠡᠶᠢᠷᠡᠭᠦᠯᠵᠤ᠂ ᠢᠮᠠᠭ᠍ᠲᠠ 《ᠬᠥᠳᠡᠭᠡ ᠠᠵᠤ ᠠᠬᠤᠢ ᠬᠥᠳᠡᠭᠡ ᠲᠣᠰᠭᠤᠨ ᠲᠠᠷᠢᠶᠠᠴᠢᠨ》 ᠤ ᠠᠰᠠᠭᠤᠳᠠᠯ᠎ᠢ ᠰᠠᠶᠢᠳᠤᠷ ᠱᠢᠢᠳᠪᠦᠷᠢᠯᠡᠬᠦ᠌᠎ᠶ᠋ᠢ ᠪᠦᠬᠦ᠌ ᠨᠠᠮ᠎ᠤᠨ ᠠᠵᠢᠯ᠎ᠤᠨ ᠭᠤᠣᠯᠳᠠᠯᠭ᠎ᠠ᠎ᠶ᠋ᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠰᠡᠳᠭᠢᠴᠡ᠎ᠪᠠᠨ ᠲᠣᠳᠣᠷᠬᠠᠢ ᠪᠣᠯᠭᠠᠵᠤ᠂ ᠲᠠᠨᠢᠯᠲᠠ᠎ᠪᠠᠨ ᠭᠦᠨᠵᠡᠭᠡᠶᠢᠷᠡᠭᠦᠯᠵᠤ᠂ ᠠᠵᠢᠯ᠎ᠢᠶᠠᠨ ᠦᠨᠡᠨ ᠬᠦ᠋ ᠰᠠᠶᠢᠳᠤᠷ ᠬᠢᠵᠦ᠍᠂ ᠬᠥᠳᠡᠭᠡ ᠠᠵᠤ ᠠᠬᠤᠢ᠎ᠶ᠋ᠢ ᠪᠦᠬᠦ᠌ ᠲᠠᠯ᠎ᠠ᠎ᠪᠠᠷ ᠳᠡᠰ ᠳᠡᠪᠱᠢᠭᠦᠯᠬᠦ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠲᠠᠪᠱᠢᠭᠤᠯᠬᠤ᠂ ᠲᠠᠷᠢᠶᠠᠴᠢᠨ᠎ᠢ ᠪᠦᠬᠦ᠌ ᠲᠠᠯ᠎ᠠ᠎ᠪᠠᠷ ᠬᠥᠭ᠌ᠵᠢᠭᠦᠯᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠵᠠᠢ᠃ ᠵᠣᠬᠢᠶᠠᠯ᠎ᠳᠤ᠂ ᠬᠥᠳᠡᠭᠡ ᠠᠵᠤ ᠠᠬᠤᠢ ᠬᠥᠳᠡᠭᠡ ᠲᠣᠰᠭᠤᠨ᠎ᠤ ᠣᠳᠣᠬᠢᠴᠢᠯᠠᠯᠲᠠ ᠪᠠᠶᠢᠬᠤ ᠦᠭᠡᠢ ᠪᠣᠯ ᠪᠦᠬᠦ᠌ ᠤᠯᠤᠰ᠎ᠤᠨ ᠣᠳᠣᠬᠢᠴᠢᠯᠠᠯᠲᠠ ᠪᠠᠶᠢᠬᠤ ᠦᠭᠡᠢ ᠶᠦ᠍ᠮ᠃ ᠣᠳᠣᠬᠢᠴᠢᠯᠠᠯᠲᠠ᠎ᠶ᠋ᠢᠨ ᠠᠬᠢᠴᠠ ᠳᠤᠮᠳᠠ᠂ ᠠᠵᠤ ᠦᠢᠯᠡᠳᠪᠦᠷᠢ ᠪᠣᠯᠤᠨ ᠲᠠᠷᠢᠶᠠᠯᠠᠩ᠎ᠤᠨ ᠬᠠᠷᠢᠴᠠᠭ᠎ᠠ᠂ ᠬᠤᠲᠠ ᠬᠥᠳᠡᠭᠡ᠎ᠶ᠋ᠢᠨ ᠬᠠᠷᠢᠴᠠᠭ᠎ᠠ᠎ᠶ᠋ᠢ ᠬᠡᠷᠬᠢᠨ ᠱᠢᠢᠳᠪᠦᠷᠢᠯᠡᠬᠦ᠌᠎ᠨᠢ ᠵᠣᠬᠢᠬᠤ ᠬᠡᠮᠵᠢᠶᠡᠨ ᠳᠡᠭᠡᠷ᠎ᠡ ᠣᠳᠣᠬᠢᠴᠢᠯᠠᠯᠲᠠ᠎ᠶ᠋ᠢᠨ ᠢᠯᠠᠵᠤ ᠢᠯᠠᠭ᠍ᠳᠠᠬᠤ᠎ᠶ᠋ᠢ ᠲᠣᠭ᠍ᠲᠠᠭᠠᠵᠤ ᠪᠠᠶᠢᠭ᠎ᠠ ᠶᠤᠮ᠃ ᠮᠠᠨ᠎ᠤ ᠤᠯᠤᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠴᠤ᠌ ᠪᠠᠶᠢᠭ᠎ᠠ ᠨᠡᠶᠢᠭᠡᠮ ᠵᠢᠷᠤᠮᠲᠤ ᠤᠯᠤᠰ ᠪᠣᠯᠤᠭ᠍ᠰᠠᠨ᠎ᠤ ᠬᠤᠪᠢ᠎ᠳᠤ᠂ ᠠᠵᠤ ᠦᠢᠯᠡᠳᠪᠦᠷᠢ ᠪᠣᠯᠤᠨ ᠲᠠᠷᠢᠶᠠᠯᠠᠩ᠎ᠤᠨ ᠬᠠᠷᠢᠴᠠᠭ᠎ᠠ᠂ ᠬᠤᠲᠠ ᠬᠥᠳᠡᠭᠡ᠎ᠶ᠋ᠢᠨ ᠬᠠᠷᠢᠴᠠᠭ᠎ᠠ᠎ᠶ᠋ᠢ ᠰᠠᠶᠢᠳᠤᠷ ᠱᠢᠢᠳᠪᠦᠷᠢᠯᠡᠵᠦ᠍᠂ ᠮᠠᠨ᠎ᠤ ᠤᠯᠤᠰ᠎ᠤᠨ ᠨᠡᠶᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠤᠷᠤᠭ᠍ᠰᠢᠲᠠᠢ ᠠᠬᠢᠭᠤᠯᠬᠤ ᠴᠢᠳᠠᠪᠤᠷᠢ᠎ᠲᠠᠢ᠂ ᠨᠥᠬᠦᠴᠡᠯ᠎ᠲᠠᠢ ᠪᠠᠶᠢᠪᠠᠯ ᠵᠣᠬᠢᠨ᠎ᠠ ᠭᠡᠵᠦ᠍ ᠵᠢᠭᠠᠵᠤ ᠭᠠᠷᠭᠠᠵᠠᠢ᠃ ᠵᠣᠬᠢᠶᠠᠯ᠎ᠳᠤ᠂ ᠬᠥᠳᠡᠭᠡ ᠠᠵᠤ ᠠᠬᠤᠢ ᠬᠥᠳᠡᠭᠡ ᠲᠣᠰᠭᠤᠨ᠎ᠤ ᠣᠳᠣᠬᠢᠴᠢᠯᠠᠯᠲᠠ ᠪᠣᠯ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠶᠡᠷᠦᠩᠬᠡᠢ ᠬᠠᠷᠠᠯᠲᠠ ᠪᠣᠯᠤᠨ᠎ᠠ᠂ ᠬᠥᠳᠡᠭᠡ ᠠᠵᠤ ᠠᠬᠤᠢ ᠬᠥᠳᠡᠭᠡ ᠲᠣᠰᠭᠤᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠬᠤ ᠪᠣᠯ ᠶᠡᠷᠦᠩᠬᠡᠢ ᠴᠢᠭ᠌ᠯᠡᠯᠲᠡ ᠪᠣᠯᠤᠨ᠎ᠠ᠂ ᠠᠵᠤ ᠦᠢᠯᠡᠰ᠎ᠨᠢ ᠬᠥᠭ᠌ᠵᠢᠩᠭᠦᠢ᠂ ᠠᠮᠢ ᠠᠬᠤᠢ᠎ᠨᠢ ᠣᠷᠣᠱᠢᠨ ᠠᠮᠢᠳᠤᠷᠠᠬᠤ᠎ᠳᠤ ᠲᠣᠬᠢᠯᠢᠭ᠂ ᠨᠤᠲᠤᠭ᠎ᠤᠨ ᠰᠤᠷᠲᠠᠯ᠎ᠨᠢ ᠪᠣᠯᠪᠠᠰᠤᠨ᠂ ᠵᠠᠰᠠᠯᠲᠠ᠎ᠨᠢ ᠪᠦᠲᠦᠮᠵᠢᠲᠡᠢ᠂ ᠠᠮᠢᠳᠤᠷᠠᠯ᠎ᠨᠢ ᠪᠠᠶᠠᠨ ᠴᠢᠨᠡᠭᠡᠯᠢᠭ ᠪᠠᠶᠢᠬᠤ ᠪᠣᠯ ᠶᠡᠷᠦᠩᠬᠡᠢ ᠬᠠᠷᠠᠯᠲᠠ ᠪᠣᠯᠤᠨ᠎ᠠ᠂ ᠬᠤᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠪᠠᠶᠢᠭᠤᠯᠤᠮᠵᠢ ᠲᠣᠭ᠍ᠲᠠᠴᠠ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠶᠢᠭᠤᠯᠤᠨ ᠪᠦᠷᠢᠨᠱᠢᠭᠦᠯᠬᠦ᠌ ᠪᠣᠯ ᠳᠦᠷᠢᠮ᠎ᠤᠨ ᠪᠠᠲᠤᠯᠠᠭ᠎ᠠ ᠪᠣᠯᠤᠨ᠎ᠠ ᠭᠡᠵᠦ᠍ ᠵᠢᠭᠠᠵᠤ ᠭᠠᠷᠭᠠᠪᠠ᠃ ᠵᠣᠬᠢᠶᠠᠯ᠎ᠳᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠳᠤ᠂ ᠡᠩ ᠲᠡᠷᠢᠭᠦᠨ᠎ᠳᠤ ᠡᠷᠬᠡᠪᠰᠢ ᠵᠢᠮ᠎ᠡ ᠶᠣᠰᠣ᠎ᠪᠠᠷ ᠠᠵᠢᠯ ᠶᠠᠪᠤᠳᠠᠯ ᠬᠢᠬᠦ᠌ ᠬᠡᠷᠡᠭ᠌ᠲᠡᠢ᠃ ᠡᠷᠬᠡᠪᠰᠢ ᠲᠠᠷᠢᠶᠠᠴᠢᠳ᠎ᠤᠨ ᠬᠤᠷᠱᠢᠶ᠎ᠠ ᠪᠣᠯᠤᠨ ᠭᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠢ ᠭᠡᠬᠦ᠌ ᠡᠨᠡ ᠬᠤᠶᠠᠷ ᠲᠥᠷᠥᠯ᠎ᠤᠨ ᠬᠥᠳᠡᠭᠡ ᠠᠵᠤ ᠠᠬᠤᠢ᠎ᠶ᠋ᠢᠨ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠬᠥᠭ᠌ᠵᠢᠯᠲᠡ᠎ᠶ᠋ᠢ ᠰᠠᠶᠢᠳᠤᠷ ᠠᠳᠭᠤᠬᠤ᠎ᠶ᠋ᠢ ᠳᠤᠪᠤᠶᠢᠯᠭᠠᠵᠦ᠍᠂ ᠬᠤᠣᠰ ᠳᠠᠪᠬᠤᠷᠭ᠎ᠠ᠎ᠶ᠋ᠢᠨ ᠡᠵᠡᠩᠨᠡᠯᠲᠡ᠎ᠶ᠋ᠢᠨ ᠪᠠᠶᠢᠭᠤᠯᠤᠮᠵᠢᠳᠤ ᠱᠢᠨ᠎ᠡ ᠠᠭᠤᠯᠤᠭ᠍ᠳᠠᠬᠤᠨ᠎ᠢ ᠣᠷᠣᠭᠤᠯᠵᠤ᠂ ᠬᠥᠳᠡᠭᠡ ᠠᠵᠤ ᠠᠬᠤᠢ᠎ᠶ᠋ᠢᠨ ᠡᠵᠡᠩᠨᠡᠯᠲᠡ᠎ᠶ᠋ᠢᠨ ᠦᠷ᠎ᠡ ᠠᠱᠢᠭ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ; ᠡᠷᠬᠡᠪᠰᠢ ᠶᠣᠰᠣ ᠮᠣᠷᠠᠯ᠎ᠢᠶᠠᠷ ᠵᠠᠰᠠᠬᠤ ᠦᠢᠯᠡᠳᠦᠯ᠎ᠢ ᠰᠠᠶᠢᠳᠤᠷ ᠪᠠᠳᠠᠷᠠᠭᠤᠯᠬᠤ᠎ᠶ᠋ᠢ ᠳᠤᠪᠤᠶᠢᠯᠭᠠᠵᠦ᠍᠂ ᠶᠣᠰᠣᠯᠠᠯ᠎ᠢ ᠡᠷᠬᠢᠮᠯᠡᠳᠡᠭ ᠤᠯᠤᠰ᠂ ᠱᠢᠯᠢᠳᠡᠭ ᠤᠯᠠᠮᠵᠢᠯᠠᠯᠲᠤ ᠰᠣᠶᠣᠯ ᠪᠣᠯᠤᠨ ᠬᠠᠤᠯᠢᠵᠢᠯ᠎ᠤᠨ ᠨᠡᠶᠢᠭᠡᠮᠤᠨ ᠪᠠᠶᠢᠭᠤᠯᠤᠯᠳᠠ᠎ᠶ᠋ᠢ ᠬᠠᠷᠢᠯᠴᠠᠨ ᠨᠦᠬᠦᠴᠡᠯᠳᠦᠬᠦᠯᠬᠦ᠌ᠶ᠋ᠢ ᠠᠬᠢᠭᠤᠯᠬᠤ ᠬᠡᠷᠡᠭ᠌ᠲᠡᠢ; ᠡᠷᠬᠡᠪᠰᠢ ᠬᠤᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠵᠠᠮ᠎ᠢᠶᠠᠷ ᠵᠠᠮᠨᠠᠵᠤ᠂ ᠬᠤᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠪᠠᠢᠭᠤᠯᠤᠮᠵᠢ ᠲᠣᠭ᠍ᠲᠠᠴᠠ ᠪᠣᠯᠤᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠳᠠᠷᠤᠢ ᠲᠦᠷᠭᠡᠨ ᠪᠠᠶᠢᠭᠤᠯᠤᠨ ᠪᠦᠷᠢᠨᠱᠢᠬᠦᠯᠬᠦ᠌ ᠬᠡᠷᠡᠭ᠌ᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠶᠢᠯᠠᠯᠳᠤᠭᠠᠨᠢ ᠰᠠᠶᠢᠳᠤᠷ ᠬᠢᠬᠦ᠌ ᠪᠣᠯ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠎ᠶ᠋ᠢᠨ ᠤᠷᠢᠳ᠎ᠢᠶᠠᠷ ᠪᠣᠳᠣᠯᠬᠢᠯᠠᠬᠤ ᠡᠭᠦᠷᠭᠡ ᠮᠥᠨ ᠭᠡᠵᠦ᠍ ᠵᠢᠭᠠᠵᠤ ᠭᠠᠷᠭᠠᠪᠠ᠃ ᠵᠣᠬᠢᠶᠠᠯ᠎ᠳᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠨᠠᠮ᠎ᠤᠨ ᠵᠣᠬᠢᠶᠠᠨ ᠪᠠᠶᠢᠭᠤᠯᠤᠯᠳᠠ ᠡᠷᠬᠡᠪᠰᠢ ᠤᠳᠤᠷᠢᠳᠤᠯᠭ᠎ᠠ᠎ᠪᠠᠨ ᠴᠢᠩᠭᠠᠳᠭᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠳᠤ ᠡᠷᠡᠰ ᠴᠢᠩᠭ᠎ᠠ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠶᠠᠪᠤᠴᠠ᠎ᠳᠤ ᠡᠷᠬᠡᠪᠰᠢ᠄ ᠤᠷᠲᠤ ᠬᠤᠭᠤᠴᠠᠭᠠᠨ᠎ᠤ ᠬᠠᠷᠠᠯᠲᠠ ᠪᠣᠯᠤᠨ ᠣᠬᠤᠷ ᠬᠤᠭᠤᠴᠠᠭᠠᠨ᠎ᠤ ᠬᠠᠷᠠᠯᠲᠠ᠎ᠶ᠋ᠢᠨ ᠬᠠᠷᠢᠴᠠᠭ᠎ᠠ; ᠦᠵᠦ᠍ ᠲᠥᠯᠥᠪᠯᠡᠭᠡ ᠪᠣᠯᠤᠨ ᠦᠨᠳᠦᠰᠦᠨ ᠱᠠᠲᠤᠨ᠎ᠤ ᠰᠦᠪᠡᠭ᠌ᠴᠢᠯᠡᠯᠲᠡ᠎ᠶ᠋ᠢᠨ ᠬᠠᠷᠢᠴᠠᠭ᠎ᠠ; ᠵᠠᠬ᠎ᠠ ᠳᠡᠯᠭᠡᠭᠦᠷ᠎ᠤᠨ ᠱᠢᠢᠳᠪᠦᠷᠢᠯᠡᠭ᠌ᠴᠢ ᠴᠢᠨᠠᠷ᠎ᠢ ᠭᠦᠢᠴᠡᠳ ᠪᠠᠳᠠᠷᠠᠭᠤᠯᠬᠤ ᠪᠠ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠶᠢᠨ ᠪᠠᠳᠠᠷᠠᠭᠤᠯᠬᠤ᠎ᠶ᠋ᠢᠨ ᠬᠠᠷᠢᠴᠠᠭ᠎ᠠ; ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠎ᠢ ᠨᠡᠮᠡᠭ᠌ᠳᠡᠭᠦᠯᠬᠦ᠌ ᠪᠠ ᠬᠥᠭ᠌ᠵᠢᠯᠲᠡ᠎ᠶ᠋ᠢᠨ ᠱᠠᠲᠤ ᠦᠶ᠎ᠡ᠎ᠳᠤ ᠵᠣᠬᠢᠴᠠᠬᠤ ᠬᠠᠷᠢᠴᠠᠭ᠎ᠠ ᠵᠡᠷᠭᠡ ᠳᠥᠷᠪᠡᠨ ᠬᠠᠷᠢᠴᠠᠭ᠎ᠠ᠎ᠶ᠋ᠢ ᠰᠠᠶᠢᠳᠤᠷ ᠱᠢᠢᠳᠪᠦᠷᠢᠯᠡᠬᠦ᠌᠎ᠶ᠋ᠢ ᠠᠩᠬᠠᠷᠬᠤ ᠬᠡᠷᠡᠭ᠌ᠲᠡᠢ ᠭᠡᠵᠦ᠍ ᠵᠢᠭᠠᠵᠤ ᠭᠠᠷᠭᠠᠵᠠᠢ᠃ |
|
|
|
|
|
|
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6659832
ᠢᠮᠧᠯ᠄tn@mgyxw.net 蒙ICP备10000005号
|