ᠠᠪᠠᠭ᠍ᠠᠢ ᠴᠣᠯᠠ᠎ᠲᠠᠢ ᠬᠤᠯᠤᠭᠠᠨ᠎ᠠ ᠵᠢᠯ
ᠡᠬᠢᠯᠡᠬᠦ᠌ ᠴᠠᠭ᠄
2019-06-04 10:08:58
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄


《ᠳᠤᠮᠳᠠᠳᠤ ᠤᠯᠤᠰ᠎ᠤᠨ ᠠᠷᠠᠳ ᠳᠦᠮᠡᠨ᠎ᠳᠤ ᠵᠤᠯ ᠵᠢᠷᠭᠠᠯ ᠡᠳ᠋ᠯᠡᠬᠦᠯᠵᠤ᠂ ᠳᠤᠮᠳᠠᠳᠤ᠎ᠶ᠋ᠢᠨ ᠦᠨᠳᠦᠰᠦᠳᠡᠨ᠎ᠤ ᠰᠡᠷᠬᠦᠨ ᠮᠠᠨᠳᠤᠯᠳᠠ᠎ᠶ᠋ᠢ ᠪᠡᠶᠡᠯᠡᠬᠦᠯᠬᠦ᠌ ᠶᠠᠪᠤᠳᠠᠯ ᠪᠤᠯ ᠳᠤᠮᠳᠠᠳᠤ ᠤᠯᠤᠰ᠎ᠤᠨ ᠡᠪ ᠬᠠᠮᠳᠤᠴᠤᠳ᠎ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠤᠯᠤᠨ᠎ᠠ᠂ ᠡᠨᠡ ᠪᠤᠯ ᠦᠶ᠎ᠡ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠳᠤᠴᠤᠳ᠎ᠢ ᠤᠷᠮᠠᠱᠢᠭᠤᠯᠤᠨ ᠵᠤᠷᠢᠬ᠍ᠵᠢᠭᠤᠯᠵᠥ᠍  ᠬᠤᠢᠨᠠᠬᠢ   ᠡᠮᠦᠨᠡᠬᠢ᠎ᠪᠠᠨ ᠵᠠᠯᠭᠠᠮᠵᠢᠯᠠᠨ ᠡᠷᠡᠯᠬᠡᠭ᠌ᠯᠡᠨ ᠤᠷᠤᠬ᠍ᠰᠢᠯᠠᠭᠤᠯᠬᠤ ᠦᠨᠳᠦᠰᠦᠨ ᠬᠦᠳᠡᠯᠬᠡᠬᠦ᠌ ᠬᠦᠴᠦᠨ ᠮᠦᠨ》᠃ 《ᠤᠬ ᠰᠠᠨᠠᠭ᠎ᠠ᠎ᠪᠠᠨ ᠦᠯᠦ᠍ ᠮᠠᠷᠳᠠᠵᠥ᠍᠂ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠬᠦ᠌》 ᠭᠤᠤᠯ ᠰᠡᠳᠦᠪᠳᠤ ᠬᠦᠮᠦᠵᠢᠯ᠎ᠤᠨ ᠠᠵᠢᠯ᠎ᠤᠨ ᠬᠤᠷᠠᠯ ᠳᠡᠬᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠦᠨᠳᠦᠰᠦᠨ ᠵᠤᠷᠢᠯᠳᠠ᠎ᠶ᠋ᠢ ᠦᠢᠯᠡᠳᠦᠯᠬᠡᠵᠢᠬᠦᠯᠬᠦ᠂ ᠨᠠᠮ᠎ᠤᠨ ᠳᠡᠥᠬᠡᠳᠤ ᠡᠬᠦᠷᠬᠡ᠎ᠶ᠋ᠢ ᠪᠡᠶᠡᠯᠡᠬᠦᠯᠬᠦ᠌ ᠦᠨᠳᠦᠷᠴᠡ᠎ᠠᠴᠠ ᠳᠤᠮᠳᠠᠳᠤ ᠤᠯᠤᠰ᠎ᠤᠨ ᠡᠪ ᠬᠠᠮᠳᠤᠴᠤᠳ᠎ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ᠎ᠶ᠋ᠢ ᠬᠦᠨᠵᠡᠬᠡᠢ ᠦᠬᠦᠯᠡᠵᠥ᠍᠂ ᠭᠤᠤᠯ ᠰᠡᠳᠦᠪᠳᠤ ᠬᠦᠮᠦᠵᠢᠯ ᠦᠷᠨᠢᠬᠦᠯᠬᠦ᠌᠎ᠳᠤ ᠳᠤᠳᠤᠷᠬᠠᠢ ᠱᠠᠭᠠᠷᠳᠠᠯᠭ᠎ᠠ ᠳᠤᠷᠠᠳᠴᠤ᠌᠂ ᠪᠦᠬᠦ᠌ ᠳᠠᠯ᠎ᠠ᠎ᠶ᠋ᠢᠨ ᠪᠠᠢᠷᠢᠯᠠᠭᠤᠯᠤᠯᠲᠠ ᠬᠢᠵᠥ᠍᠂ ᠪᠦᠬᠦ᠌ ᠨᠠᠮ᠎ᠳᠤ ᠭᠤᠤᠯ ᠰᠡᠳᠦᠪᠳᠤ ᠬᠦᠮᠦᠵᠢᠯ ᠦᠷᠨᠢᠬᠦᠯᠬᠦ᠌᠎ᠳᠤ ᠴᠢᠷᠮᠠᠢᠬᠤ ᠴᠢᠭ᠌ᠯᠡᠯ᠎ᠢ ᠳᠤᠳᠤᠷᠬᠠᠢ ᠵᠢᠭᠠᠵᠥ᠍᠂ ᠦᠨᠳᠦᠰᠦᠨ ᠵᠢᠷᠤᠮᠯᠠᠯ ᠬᠠᠩᠭᠠᠵᠥ᠍ ᠦᠭ᠌ᠴᠤ᠂ ᠪᠦᠬᠦ᠌ ᠨᠠᠮ᠎ᠤᠨ ᠨᠦᠬᠦᠳ᠎ᠤᠨ ᠦᠵᠡᠯ ᠰᠠᠨᠠᠭᠠᠨ᠎ᠤ ᠳᠠᠯ᠎ᠠ᠎ᠪᠠᠷ᠎ᠢᠶᠠᠨ ᠳᠠᠬᠢᠨᠳᠠ ᠳᠠᠪᠱᠢᠵᠥ᠍᠂ ᠤᠶᠤᠨ ᠰᠠᠨᠠᠭᠠᠨ᠎ᠤ ᠳᠠᠯ᠎ᠠ᠎ᠪᠠᠷ᠎ᠢᠶᠠᠨ ᠳᠠᠬᠢᠨᠳᠠ ᠠᠷᠢᠭᠤᠳᠭᠠᠵᠥ᠍᠂  ᠨᠡᠢᠲᠡ᠎ᠶ᠋ᠢᠨ ᠲᠦᠯᠦᠭᠡ ᠨᠠᠮ ᠪᠠᠢᠭᠤᠯᠵᠤ ᠠᠷᠠᠳ᠎ᠤᠨ ᠲᠦᠯᠦᠭᠡ ᠵᠠᠰᠠᠭ ᠶᠠᠪᠤᠭᠤᠯᠬᠤ ᠦᠷᠳᠡᠭ᠎ᠤᠨ ᠦᠢᠯᠠᠭᠠᠬ᠍ᠳᠠᠬᠤᠨ᠎ᠢ ᠪᠠᠳᠤ ᠪᠤᠢ ᠪᠤᠯᠭᠠᠵᠥ᠍᠂ ᠤᠬ ᠰᠠᠨᠠᠭ᠎ᠠ᠎ᠪᠠᠨ ᠦᠯᠦ᠍ ᠮᠠᠷᠳᠠᠵᠥ᠍᠂ ᠡᠬᠦᠷᠬᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠬᠦ᠌ ᠵᠤᠷᠢᠬ ᠰᠠᠨᠠᠭᠠᠨ᠎ᠤ ᠬᠡᠪ ᠴᠢᠨᠠᠷ᠎ᠢ ᠲᠠᠪᠳᠠᠵᠤ᠂ ᠨᠡᠩ ᠤᠬᠠᠮᠰᠠᠷ᠎ᠠᠴᠠ᠎ᠪᠠᠨ ᠱᠢᠨ᠎ᠡ ᠴᠠᠬ ᠦᠶ᠎ᠡ᠎ᠶ᠋ᠢᠨ ᠨᠠᠮ᠎ᠤᠨ ᠳᠡᠥᠬᠡᠳᠤ ᠡᠬᠦᠷᠬᠡ᠎ᠶ᠋ᠢᠨ ᠳᠦᠯᠦᠬᠡ  ᠴᠢᠷᠮᠠᠢᠨ ᠳᠡᠮᠡᠴᠡᠬᠦ᠌᠎ᠶ᠋ᠢ ᠳᠠᠢᠴᠢᠯᠠᠨ ᠵᠤᠷᠢᠬ᠍ᠵᠢᠭᠤᠯᠪᠠ᠃

ᠬᠤᠪᠢᠶᠠᠯᠴᠠᠬᠤ᠄
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号