ᠢᠷᠭᠡᠨ᠎ᠤ ᠬᠠᠤᠯᠢ᠎ᠶ᠋ᠢᠨ ᠪᠢᠴᠢᠭ᠎ᠤᠨ ᠠᠰᠠᠭᠤᠯᠳᠠ ᠬᠠᠷᠢᠭᠤᠯᠳᠠ (14)
ᠡᠬᠢᠯᠡᠬᠦ᠌ ᠴᠠᠭ᠄
2021-01-21 18:28:13
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

ᠠᠰᠠᠭᠤᠯᠳᠠ᠄

ᠵᠠᠷᠢᠮ ᠠᠶᠠᠨᠴᠢᠳ᠎ᠤᠨ ᠠᠶᠤᠯ ᠦᠭᠡᠢ᠎ᠶ᠋ᠢᠨ ᠪᠠᠢᠴᠠᠭᠠᠯᠲᠠ᠎ᠳᠤ ᠬᠠᠮᠵᠢᠯᠴᠠᠬᠤ ᠦᠭᠡᠢ᠂ 《ᠤᠢᠷ᠎ᠠ ᠦᠷᠳᠡᠭᠡᠨ᠎ᠤ ᠪᠢᠯᠧᠲ ᠠᠪᠴᠤ᠌ ᠬᠤᠯᠠ ᠭᠠᠵᠠᠷ ᠵᠠᠮᠨᠠᠬᠤ》᠂ 《ᠰᠠᠭᠤᠳᠠᠯ ᠡᠵᠡᠷᠬᠡᠬᠦ᠌》 ᠵᠡᠷᠭᠡ ᠠᠵᠢᠯᠯᠠᠭ᠎ᠠ᠎ᠳᠤ ᠴᠢᠭ᠌ᠯᠡᠭᠦᠯᠦᠨ 《ᠢᠷᠭᠡᠨ᠎ᠤ ᠬᠠᠤᠯᠢ᠎ᠶ᠋ᠢᠨ ᠪᠢᠴᠢᠭ》 ᠎ᠲᠤ ᠶᠠᠮᠠᠷ ᠶᠠᠮᠠᠷ ᠲᠣᠭ᠍ᠲᠠᠭᠠᠯ ᠲᠤᠭ᠍ᠳᠠᠭᠠᠭ᠍ᠰᠠᠨ ᠪᠣᠶ?


图片1.jpg


ᠬᠠᠷᠢᠭᠤᠯᠲᠠ᠄

《ᠢᠷᠭᠡᠨ᠎ᠤ ᠬᠠᠤᠯᠢ᠎ᠶ᠋ᠢᠨ ᠪᠢᠴᠢᠭ》 ᠎ᠤᠨ ᠨᠠᠢ᠍ᠮᠠᠨ ᠵᠠᠭᠤ ᠠᠷᠪᠠᠨ ᠲᠠᠪᠤᠳᠤᠭᠠᠷ ᠵᠦᠢᠯ᠎ᠳᠤ᠂ ᠠᠶᠠᠨᠴᠢᠨ ᠬᠦᠴᠦᠨ ᠪᠦᠬᠦᠢ ᠪᠢᠯᠧᠲ᠎ᠲᠤ ᠲᠡᠮᠳᠡᠭ᠌ᠯᠡᠭ᠌ᠰᠡᠨ ᠴᠠᠭ᠂ ᠡᠭᠡᠯᠵᠢ ᠤᠳᠠᠭ᠎ᠠ ᠪᠠ ᠰᠠᠭᠤᠳᠠᠯ᠎ᠤᠨ ᠨᠤᠮᠧᠷ᠎ᠢᠶᠠᠷ ᠰᠠᠭᠤᠬᠤ ᠬᠡᠷᠡᠭ᠌ᠲᠡᠶ᠃ ᠠᠶᠠᠨᠴᠢᠨ ᠪᠢᠯᠧᠲ ᠦᠬᠡᠢ᠎ᠪᠠᠷ ᠰᠠᠭᠤᠬᠤ᠂ ᠠᠶᠠᠯᠠᠯ᠎ᠤᠨ ᠵᠠᠶ᠎ᠠᠴᠠ ᠬᠡᠲᠦᠷᠡᠭᠦᠯᠦᠨ ᠰᠠᠭᠤᠬᠤ᠂ ᠳᠡᠰ᠎ᠠᠴᠠ ᠳᠠᠪᠠᠵᠤ ᠰᠠᠭᠤᠬᠤ ᠪᠤᠶᠤ ᠦᠨ᠎ᠡ᠎ᠶ᠋ᠢ᠎ᠨᠢ ᠪᠠᠭᠤᠷᠠᠭᠤᠯᠬᠤ ᠨᠦᠬᠦᠴᠡᠯ᠎ᠳᠤ ᠦᠯᠦ᠍ ᠨᠡᠢᠴᠡᠬᠦ᠌ ᠬᠠᠷᠠᠭᠠᠯᠵᠠᠯᠳᠤ ᠦᠨ᠎ᠡ᠎ᠶ᠋ᠢᠨ ᠠᠶᠠᠨᠴᠢᠨ᠎ᠤ ᠪᠢᠯᠧᠲ᠎ᠢᠶᠠᠷ ᠰᠠᠭᠤᠪᠠᠯ᠂ ᠪᠢᠯᠧᠲ᠎ᠤᠨ ᠵᠣᠭᠤᠰ᠎ᠢ ᠨᠥᠬᠦᠵᠦ᠍ ᠲᠤᠱᠢᠶᠠᠬᠤ ᠬᠡᠷᠡᠭ᠌ᠲᠡᠶ᠂ ᠳᠠᠭᠠᠭᠠᠨ ᠲᠡᠭᠡᠭᠡᠪᠦᠷᠢᠯᠡᠭ᠌ᠴᠢ ᠲᠣᠭ᠍ᠲᠠᠭᠠᠯ ᠶᠣᠰᠣᠭᠠᠷ ᠪᠢᠯᠧᠲ᠎ᠤᠨ ᠵᠣᠭᠤᠰ᠎ᠢ ᠨᠡᠮᠡᠨ ᠠᠪᠴᠤ᠌ ᠪᠣᠯᠤᠨ᠎ᠠ; ᠠᠶᠠᠨᠴᠢᠨ ᠪᠢᠯᠧᠲ᠎ᠤᠨ ᠵᠣᠭᠤᠰ᠎ᠢ ᠲᠦᠯᠦᠬᠦ᠌ ᠦᠬᠡᠢ ᠪᠣᠯ᠂ ᠳᠠᠭᠠᠭᠠᠨ ᠲᠡᠭᠡᠭᠡᠪᠦᠷᠢᠯᠡᠭ᠌ᠴᠢ ᠲᠡᠭᠡᠭᠡᠪᠦᠷᠢᠯᠡᠬᠦ᠌᠎ᠶ᠋ᠢ ᠲᠡᠪᠴᠢᠵᠦ᠍ ᠪᠣᠯᠤᠨ᠎ᠠ ᠭᠡᠵᠦ᠍ ᠲᠣᠭ᠍ᠲᠠᠭᠠᠵᠠᠢ᠃


图片2.jpg


ᠨᠠᠢ᠍ᠮᠠᠨ ᠵᠠᠭᠤ ᠠᠷᠪᠠ ᠶᠢᠰᠦᠳᠦᠭᠡᠷ ᠵᠦᠢᠯ᠎ᠳᠤ᠂ ᠳᠠᠭᠠᠭᠠᠨ ᠲᠡᠭᠡᠭᠡᠪᠦᠷᠢᠯᠡᠭ᠌ᠴᠢ ᠠᠶᠤᠯᠭᠦᠶ ᠲᠡᠭᠡᠭᠡᠪᠦᠷᠢᠯᠡᠬᠦ᠌ ᠡᠭᠦᠷᠭᠡ᠎ᠪᠠᠨ ᠴᠢᠩᠭ᠎ᠠ ᠭᠦᠢᠴᠡᠳᠭᠡᠵᠦ᠍᠂ ᠠᠶᠤᠯᠭᠦᠶ ᠲᠡᠭᠡᠭᠡᠪᠦᠷᠢᠯᠡᠬᠦ᠌᠎ᠳᠤ ᠠᠩᠬᠠᠷᠬᠤ ᠶᠣᠰᠣᠲᠠᠶ ᠵᠦᠢᠯ᠎ᠢ ᠠᠶᠠᠨᠴᠢᠳ᠎ᠲᠤ ᠴᠠᠭ ᠲᠤᠬᠠᠶ᠎ᠳᠤᠨᠢ ᠬᠡᠯᠡᠵᠦ᠍ ᠥᠭ᠌ᠬᠦ ᠬᠡᠷᠡᠭ᠌ᠲᠡᠶ᠃ ᠠᠶᠠᠨᠴᠢᠨ᠎ᠨᠢ ᠳᠠᠭᠠᠭᠠᠨ ᠲᠡᠭᠡᠭᠡᠪᠦᠷᠢᠯᠡᠭ᠌ᠴᠢ᠎ᠶ᠋ᠢᠨ ᠠᠶᠤᠯᠭᠦᠢ ᠲᠡᠭᠡᠭᠡᠪᠦᠷᠢᠯᠡᠬᠦ᠌᠎ᠶ᠋ᠢᠨ ᠲᠥᠯᠥᠭᠡ ᠬᠢᠭ᠌ᠰᠡᠨ ᠵᠦᠶ ᠵᠣᠬᠢᠰᠲᠠᠶ ᠲᠣᠬᠢᠷᠠᠭᠤᠯᠤᠯᠲᠠ᠎ᠶ᠋ᠢ ᠢᠳᠡᠪᠬᠢᠲᠡᠢ ᠬᠠᠮᠵᠢᠯᠴᠠᠬᠤ ᠬᠡᠷᠡᠭ᠌ᠲᠡᠶ ᠭᠡᠵᠤ ᠲᠤᠭ᠍ᠳᠠᠭᠠᠪᠠ᠃


图片3.jpg

ᠬᠤᠪᠢᠶᠠᠯᠴᠠᠬᠤ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号