ᠠᠰᠠᠭᠤᠯᠲᠠ᠄
AI ᠶ᠋ᠢᠨ ᠵᠢᠰᠦ ᠰᠣᠯᠢᠬᠤ ᠮᠡᠷᠭᠡᠵᠢᠯ᠎ᠢᠶᠠᠷ ᠪᠤᠰᠤᠳ᠎ᠤᠨ ᠴᠢᠷᠠᠶ᠎ᠶ᠋ᠢ ᠬᠠᠭᠤᠷᠮᠠᠭ᠍ᠯᠠᠨ ᠵᠣᠬᠢᠶᠠᠬᠤ᠎ᠨᠢ ᠡᠷᠬᠡ᠎ᠳᠤ ᠬᠠᠯᠳᠠᠭ᠍ᠰᠠᠨ᠎ᠳᠤ ᠲᠤᠭᠠᠴᠠᠭ᠍ᠳᠠᠨ᠎ᠠ ᠤᠤ?

ᠬᠠᠷᠢᠭᠤᠯᠲᠠ᠄
ᠬᠦᠷᠦᠭ ᠵᠢᠷᠤᠭ᠎ᠤᠨ ᠡᠷᠬᠡ᠎ᠳᠤ ᠬᠠᠯᠳᠠᠭ᠍ᠰᠠᠨ᠎ᠳᠤ ᠲᠤᠭᠠᠴᠠᠭ᠍ᠳᠠᠨ᠎ᠠ᠃
• 《ᠢᠷᠭᠡᠨ᠎ᠤ ᠬᠠᠤᠯᠢ᠎ᠶ᠋ᠢᠨ ᠪᠢᠴᠢᠭ》 ᠤᠨ ᠮᠢᠩᠭ᠎ᠠ ᠠᠷᠪᠠ ᠶᠢᠰᠦᠳᠦᠭᠡᠷ ᠵᠦᠢᠯ᠎ᠳᠤ᠂ ᠶᠠᠮᠠᠷᠪᠠ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ ᠮᠠᠭᠤᠱᠢᠶᠠᠬᠤ᠂ ᠪᠤᠵᠠᠷᠲᠤᠭᠤᠯᠵᠤ ᠬᠤᠬᠢᠷᠠᠭᠤᠯᠬᠤ᠂ ᠡᠰᠡᠬᠦᠯ᠎ᠡ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠠᠷᠭ᠎ᠠ ᠪᠠᠷᠢᠯ᠎ᠢ ᠠᠱᠢᠬ᠍ᠯᠠᠨ ᠬᠠᠭᠤᠷᠮᠠᠭ᠍ᠯᠠᠨ ᠵᠣᠬᠢᠶᠠᠬᠤ ᠵᠡᠷᠭᠡ ᠠᠷᠭ᠎ᠠ ᠮᠠᠶᠢᠭ᠎ᠢᠶᠠᠷ ᠪᠤᠰᠤᠳ᠎ᠤᠨ ᠬᠦᠷᠦᠭ ᠵᠢᠷᠤᠭ᠎ᠤᠨ ᠡᠷᠬᠡ᠎ᠳᠤ ᠬᠠᠯᠳᠠᠵᠤ ᠪᠣᠯᠬᠤ ᠦᠭᠡᠢ᠃ ᠬᠥᠷᠥᠭ ᠵᠢᠷᠤᠭ᠎ᠤᠨ ᠡᠷᠬᠡᠲᠦ ᠬᠥᠮᠦᠨ᠎ᠤ ᠵᠥᠪᠱᠢᠶᠡᠷᠡᠯ ᠦᠭᠡᠢ᠎ᠪᠠᠷ ᠬᠥᠷᠥᠭ ᠵᠢᠷᠤᠭ᠎ᠤᠨ ᠡᠷᠬᠡᠲᠦ ᠬᠥᠮᠦᠨ᠎ᠤ ᠬᠥᠷᠥᠭ ᠵᠢᠷᠤᠭ᠎ᠢ ᠵᠤᠬᠢᠶᠠᠵᠤ᠂ ᠬᠡᠷᠡᠭ᠌ᠯᠡᠵᠦ᠍᠂ ᠢᠯᠡ ᠪᠣᠯᠭᠠᠵᠤ ᠪᠣᠯᠬᠤ ᠦᠭᠡᠢ᠂ ᠭᠡᠪᠡᠴᠦ᠍ ᠬᠠᠤᠯᠢ ᠴᠠᠭᠠᠵᠠ᠎ᠳᠤ ᠠᠰᠲᠠᠭᠠᠨ ᠲᠣᠭ᠍ᠲᠠᠭᠠᠯ᠎ᠲᠠᠢ᠎ᠨᠢ ᠡᠭᠦᠨ᠎ᠳᠤ ᠪᠠᠭ᠍ᠲᠠᠬᠤ ᠦᠭᠡᠢ᠃

• ᠬᠥᠷᠥᠭ ᠵᠢᠷᠤᠭ᠎ᠤᠨ ᠡᠷᠬᠡᠲᠦ ᠬᠥᠮᠦᠨ᠎ᠤ ᠵᠥᠪᠱᠢᠶᠡᠷᠡᠯ ᠦᠭᠡᠢ᠎ᠪᠠᠷ ᠬᠥᠷᠥᠭ ᠵᠢᠷᠤᠭ᠎ᠤᠨ ᠪᠦᠳᠦᠭᠡᠯ᠎ᠤᠨ ᠡᠷᠬᠡᠲᠦ ᠬᠥᠮᠦᠨ᠎ᠨᠢ ᠨᠡᠢᠲᠡᠯᠡᠬᠦ᠂ ᠬᠠᠭᠤᠯᠪᠤᠷᠢᠯᠠᠬᠤ᠂ ᠲᠠᠷᠬᠠᠭᠠᠬᠤ᠂ ᠲᠦᠷᠢᠶᠡᠰᠦᠯᠡᠭᠦᠯᠬᠦ᠂ ᠳᠡᠯᠭᠡᠨ ᠦᠵᠡᠭᠦᠯᠬᠦ᠌ ᠵᠡᠷᠭᠡ ᠠᠷᠭ᠎ᠠ ᠮᠠᠶᠢᠭ᠎ᠢᠶᠠᠷ ᠬᠥᠷᠥᠭ ᠵᠢᠷᠤᠭ᠎ᠤᠨ ᠡᠷᠬᠡᠲᠦ ᠬᠥᠮᠦᠨ᠎ᠤ ᠬᠥᠷᠥᠭ ᠵᠢᠷᠤᠭ᠎ᠢ ᠬᠡᠷᠡᠭ᠌ᠯᠡᠬᠦ᠌ ᠪᠤᠶᠤ ᠢᠯᠡ ᠪᠣᠯᠭᠠᠵᠤ ᠪᠣᠯᠬᠤ ᠦᠭᠡᠢ ᠭᠡᠵᠤ ᠲᠤᠭ᠍ᠳᠠᠭᠠᠪᠠ᠃
