
ᠴᠠᠭ ᠲᠦᠷᠦ
·ᠨᠠᠮ᠎ᠤᠨ ᠲᠦᠪ ᠬᠤᠷᠢᠶᠠᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ
ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ 18᠎ᠤ ᠦᠳᠡ ᠵᠢᠨ ᠡᠮᠦᠨ᠎ᠡ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠ ᠶᠢᠰᠦᠳᠦᠭᠡᠷ
ᠬᠤᠭᠤᠴᠠᠭᠠᠨ᠎ᠤ ᠲᠦᠪ᠎ᠤᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ᠎ᠤ ᠵᠢᠷᠭᠤᠳᠤᠭᠠᠷ ᠪᠦᠭᠦᠳᠡ ᠬᠤᠷᠠᠯ
ᠳᠡᠭᠡᠷ᠎ᠡ ᠴᠢᠬᠤᠯᠠ ᠶᠠᠷᠢᠶ᠎ᠠ ᠳᠠᠯᠪᠢᠵᠤ᠂ ᠴᠢᠩᠭ᠎ᠠ ᠪᠠᠢᠬᠤ ᠭᠤᠤᠯ ᠬᠦᠭ ᠠᠶᠠᠰ᠎ᠢ ᠭᠤᠢᠪᠢᠰᠢ ᠦᠭᠡᠢ
ᠪᠠᠷᠢᠮᠳᠠᠯᠠᠵᠤ᠂ ᠪᠦᠬᠦ ᠲᠠᠯ᠎ᠠ ᠪᠡᠷ ᠨᠠᠮ᠎ᠢ ᠴᠢᠩᠭ᠎ᠠ ᠵᠠᠰᠠᠬᠤ ᠵᠢ ᠴᠦᠬᠦᠷᠡᠰᠢ ᠦᠭᠡᠢ
ᠭᠦᠨᠵᠡᠭᠡᠢᠷᠡᠭᠦᠯᠦᠨ ᠠᠬᠢᠭᠤᠯᠬᠤ ᠬᠡᠷᠡᠭᠳᠡᠢ ᠭᠡᠵᠤ ᠴᠢᠬᠤᠯᠠᠴᠢᠯᠠᠪᠠ᠃

·ᠤᠯᠤᠰ ᠲᠦᠷᠦ ᠵᠢᠨ ᠵᠦᠪᠯᠡᠯᠭᠡᠨ᠎ᠤ ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ
ᠬᠤᠶᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠠᠪᠤᠳᠤᠭᠠᠷ ᠬᠤᠷᠠᠯ ᠦᠨᠤᠳᠤᠷ ᠬᠦᠬᠡᠬᠤᠳᠠ᠎ᠳᠤ ᠡᠬᠢᠯᠡᠨ ᠬᠤᠷᠠᠯᠳᠤᠨ᠎ᠠ᠃
ᠨᠡᠢᠭᠡᠮ

·ᠦᠤᠰᠢᠨ ᠬᠤᠰᠢᠭᠤᠨ᠎ᠤ ᠰᠦᠯᠳᠡ ᠰᠤᠮᠤᠨ᠎ᠤ ᠲᠦᠩᠽᠢ ᠭᠠᠴᠠᠭᠠᠨ᠎ᠤ ᠮᠠᠯᠴᠢᠨ ᠴᠡᠩᠭᠡᠯ᠎ᠤᠨ《ᠨᠠᠷᠢᠠᠴᠠᠢᠳᠠᠮ ᠠᠮᠢ ᠠᠬᠤᠢ ᠵᠢᠨ ᠭᠡᠷ ᠪᠦᠯᠢ ᠵᠢᠨ ᠮᠠᠯᠵᠢᠯ᠎ᠤᠨ ᠳᠠᠯᠠᠪᠠᠢ》᠎ᠨᠢ ᠤᠷᠴᠢᠮᠬᠠᠨ ᠪᠦᠬᠦ ᠤᠯᠤᠰ᠎ᠤᠨ ᠭᠡᠷ ᠪᠦᠯᠢ ᠵᠢᠨ ᠮᠠᠯᠵᠢᠯ᠎ᠤᠨ ᠳᠠᠯᠠᠪᠠᠢ
ᠪᠡᠷ ᠦᠨᠡᠯᠡᠭᠳᠡᠵᠤ᠂ ᠮᠠᠨ᠎ᠤ ᠤᠷᠤᠨ᠎ᠳᠠᠭᠠᠨ ᠳᠤᠰ ᠢᠷᠠᠭᠤ ᠠᠯᠳᠠᠷ᠎ᠢ ᠭᠦᠷᠳᠡᠭᠰᠡᠨ ᠬᠤᠶᠠᠷ ᠮᠠᠯᠵᠢᠯ᠎ᠤᠨ
ᠳᠠᠯᠠᠪᠠᠢ ᠵᠢᠨ ᠨᠢᠭᠡ ᠨᠢ ᠪᠤᠯᠵᠠᠢ᠃

·ᠤᠢᠷ᠎ᠠ᠎ᠳᠤ ᠤᠯᠤᠰ᠎ᠤᠨ ᠨᠢᠭᠡᠳᠦᠭᠡᠷ ᠳᠡᠰ᠎ᠤᠨ ᠭᠤᠤᠯᠳᠠᠯᠭ᠎ᠠ ᠲᠠᠢ ᠬᠠᠮᠠᠭᠠᠯᠠᠯᠳᠠ ᠵᠢᠨ ᠠᠮᠢᠲᠠᠨ
ᠪᠤᠯᠬᠤ ᠵᠠᠭᠠᠯᠠᠢ ᠠᠩᠬ᠎ᠠ ᠤᠳᠠᠭ᠎ᠠ ᠬᠢᠩᠭᠠᠨ ᠠᠢᠮᠠᠭ᠎ᠲᠦ ᠢᠯᠡᠷᠡᠭᠰᠡᠨ ᠪᠠᠢᠵᠤ᠂ ᠵᠠᠭᠠᠯᠠᠢ ᠨᠢ《ᠳᠡᠯᠡᠬᠡᠢ ᠵᠢᠨ ᠪᠠᠢᠭᠠᠯᠢ ᠵᠢᠨ ᠬᠠᠮᠠᠭᠠᠯᠠᠯᠳᠠ ᠵᠢᠨ ᠬᠤᠯᠪᠤᠭ᠎ᠠ》ᠵᠢᠨ ᠤᠰᠠᠳᠬᠤ ᠰᠢᠬᠠᠬᠰᠠᠨ ᠠᠮᠢᠲᠠᠨ᠎ᠤ ᠲᠦᠷᠦᠯ᠎ᠤᠨ ᠨᠡᠷᠡᠰ᠎ᠲᠦ
ᠵᠢᠬᠰᠠᠭᠠᠬᠳᠠᠬᠰᠠᠨ ᠰᠢᠪᠠᠭᠤ ᠪᠤᠯᠬᠤᠷ ᠪᠦᠬᠦ ᠤᠷᠤᠨ᠎ᠤ ᠬᠡᠪᠴᠢᠶᠡᠨᠳᠤᠴᠦ ᠬᠤᠪᠤᠷᠬᠠᠨ ᠬᠠᠷᠠᠬᠳᠠᠳᠠᠭ
ᠪᠠᠢᠨ᠎ᠠ᠃
·ᠰᠢᠯᠢᠩᠬᠤᠲᠠ ᠵᠢᠨ ᠪᠤᠯᠠᠭᠠᠨ ᠰᠤᠮᠤᠨ᠎ᠤ ᠰᠢᠷᠠᠲᠠᠯ᠎ᠠ ᠭᠠᠴᠠᠭᠠᠨ᠎ᠤ ᠮᠠᠯᠴᠢᠨ ᠪᠠᠶᠠᠰᠬᠤᠯᠠᠩ ᠬᠤᠲᠠ
ᠡᠴᠡ ᠤᠢᠷᠠᠬᠠᠨ ᠳᠠᠪᠠᠭᠤᠯᠢᠭ ᠵᠢᠡᠨ ᠠᠰᠢᠬᠯᠠᠨ᠂ ᠳᠦᠷᠪᠡᠨ ᠤᠯᠠᠷᠢᠯ ᠵᠢᠡᠷ ᠭᠡᠬᠦᠦ ᠰᠠᠭᠠᠵᠤ ᠴᠡᠭᠡ
ᠬᠤᠳᠠᠯᠳᠤᠭᠠᠳ ᠵᠢᠯ᠎ᠤᠨ ᠴᠡᠭᠡ ᠬᠤᠳᠠᠯᠳᠤᠬᠰᠠᠨ ᠤᠷᠤᠯᠭ᠎ᠠ ᠨᠢ 40 ᠲᠦᠮᠡᠨ ᠲᠦᠭᠦᠷᠢᠭ᠎ᠢ ᠳᠠᠪᠠᠵᠠᠢ᠃

·ᠤᠷᠠᠳ᠎ᠤᠨ ᠳᠤᠮᠳᠠᠳᠤ ᠬᠤᠰᠢᠭᠤᠨ᠎ᠤ ᠵᠠᠮ ᠲᠡᠭᠡᠭᠡᠪᠤᠷᠢ ᠵᠢᠨ ᠬᠠᠮᠢᠶᠠᠷᠤᠯᠳᠠ ᠵᠢᠨ ᠶᠡᠬᠡ ᠠᠩᠬᠢ ᠵᠢᠨ
ᠬᠢᠨ ᠴᠠᠭᠠᠨ ᠰᠠᠷ᠎ᠠ ᠵᠢᠨ ᠵᠦᠭᠡᠭᠡᠪᠤᠷᠢ ᠵᠢᠨ ᠵᠠᠮ ᠬᠠᠷᠢᠯᠴᠠᠭᠠᠨ᠎ᠤ ᠠᠮᠤᠷ ᠳᠦᠪᠰᠢᠨ᠎ᠤ ᠤᠬᠠᠭᠤᠯᠭ᠎ᠠ
ᠬᠦᠮᠦᠵᠢᠯ᠎ᠤᠨ ᠠᠵᠢᠯᠯᠠᠭ᠎ᠠ ᠦᠷᠨᠢᠬᠦᠯᠵᠤ᠂ ᠤᠬᠠᠭᠤᠯᠭ᠎ᠠ ᠵᠢᠨ ᠡᠯᠭᠦᠭᠡ ᠪᠢᠴᠢᠭᠡᠰᠤ᠂ ᠤᠬᠠᠭᠤᠯᠭ᠎ᠠ ᠵᠢᠨ
ᠬᠠᠭᠤᠳᠠᠰᠤ ᠵᠡᠷᠭᠡ ᠵᠢ ᠠᠰᠢᠬᠯᠠᠨ ᠵᠠᠮ ᠬᠠᠷᠢᠯᠴᠠᠭᠠᠨ᠎ᠤ ᠠᠮᠤᠷ ᠳᠦᠪᠰᠢᠨ᠎ᠤ ᠰᠠᠨᠠᠭᠤᠯᠤᠮᠵᠢ ᠦᠭᠴᠠᠢ᠃

·ᠤᠷᠴᠢᠮᠬᠠᠨ ᠤᠲᠤᠭ᠎ᠤᠨ ᠡᠮᠦᠨᠡᠳᠤ ᠬᠤᠰᠢᠭᠤᠨ᠎ᠤ ᠮᠠᠯ᠎ᠤᠨ ᠮᠢᠬ᠎ᠠ ᠵᠢᠨ ᠭᠤᠤᠯ ᠭᠠᠷᠤᠯᠳᠠ ᠵᠢᠨ ᠤᠷᠤᠨ᠎ᠤ
ᠨᠢᠭᠡ ᠪᠤᠯᠬᠤ ᠱᠠᠩᠬᠠᠢ ᠵᠢᠨ ᠰᠦᠮ᠎ᠡ ᠪᠠᠯᠭᠠᠰᠤᠨ᠎ᠤ ᠪᠠᠢ᠎ᠳᠤ ᠭᠠᠴᠠᠭ᠎ᠠ《ᠬᠦᠳᠡᠭᠡ ᠳᠤᠰᠬᠤᠨ᠎ᠢ ᠬᠦᠭᠵᠢᠬᠦᠯᠦᠨ ᠮᠠᠨᠳᠤᠭᠤᠯᠵᠤ᠂ ᠮᠠᠯ ᠲᠠᠷᠢᠶᠠᠯᠠᠩ᠎ᠤᠨ
ᠪᠦᠲᠦᠭᠡᠭᠳᠡᠬᠦᠨ ᠵᠢᠡᠨ ᠰᠢᠭᠤᠳ ᠨᠡᠪᠲᠡᠷᠡᠬᠦᠯᠭᠡ ᠪᠡᠷ ᠪᠤᠷᠤᠯᠠᠭᠤᠯᠬᠤ》ᠠᠵᠢᠯᠯᠠᠭ᠎ᠠ ᠶᠠᠪᠤᠬᠳᠠᠭᠤᠯᠵᠤ᠂ ᠪᠦᠬᠦ ᠤᠯᠤᠰ᠎ᠤᠨ ᠵᠠᠬ᠎ᠠ ᠳᠡᠯᠭᠡᠭᠦᠷ᠎ᠲᠦ
ᠪᠤᠷᠤᠯᠠᠭᠤᠯᠬᠤ ᠵᠠᠮ ᠵᠢᠡᠨ ᠨᠡᠭᠡᠭᠡᠵᠡᠢ᠃
·1 ᠰᠠᠷ᠎ᠠ ᠵᠢᠨ 18᠎ᠤ ᠡᠳᠤᠷ ᠡᠴᠡ
ᠡᠬᠢᠯᠡᠨ ᠰᠢᠨ᠎ᠡ ᠪᠠᠷᠭᠤ ᠪᠠᠷᠠᠭᠤᠨ ᠬᠤᠰᠢᠭᠤᠨ᠎ᠤ ᠲᠦᠭᠡᠮᠡᠯ ᠬᠠᠷᠠᠭᠠᠯᠵᠠᠯ᠎ᠤᠨ ᠴᠢᠨᠠᠷᠳᠠᠢ ᠮᠦᠰᠦᠨ
ᠳᠠᠯᠠᠪᠠᠢ ᠵᠢ ᠰᠤᠢᠳᠬᠡᠯ ᠬᠤᠷᠢᠶᠠᠬᠤ ᠦᠭᠡᠢ ᠪᠡᠷ ᠨᠡᠭᠡᠭᠡᠯᠳᠡ ᠬᠢᠪᠡ᠃


·1 ᠰᠠᠷ᠎ᠠ ᠵᠢᠨ 18᠎ᠤ ᠡᠳᠤᠷ ᠤᠷᠠᠳ᠎ᠤᠨ
ᠬᠤᠢᠳᠤ ᠬᠤᠰᠢᠭᠤᠨ᠎ᠤ《ᠬᠦᠳᠡᠭᠡ ᠳᠤᠰᠬᠤᠨ᠎ᠢ ᠬᠦᠭᠵᠢᠬᠦᠯᠦᠨ ᠮᠠᠨᠳᠤᠭᠤᠯᠬᠤ ᠳᠤ ᠬᠦᠴᠦ
ᠨᠡᠮᠡᠷᠢᠯᠡᠵᠤ᠂ ᠬᠠᠮᠳᠤ ᠵᠢᠨ ᠠᠵᠤ ᠠᠬᠤᠢ ᠵᠢ ᠪᠤᠵᠠᠭᠠᠢᠷᠠᠭᠤᠯᠬᠤ》ᠲᠠᠷᠢᠶᠠᠴᠢᠨ ᠪᠠ ᠠᠵᠤ
ᠠᠬᠤᠢᠯᠠᠯ᠎ᠤᠨ ᠠᠰᠢᠭ ᠳᠤᠰᠠ ᠵᠢ ᠬᠤᠯᠪᠤᠯᠳᠤᠭᠤᠯᠬᠤ ᠵᠠᠬᠪᠤᠷ᠎ᠢ ᠳᠠᠨᠢᠯᠴᠠᠭᠤᠯᠬᠤ ᠵᠢᠴᠢ ᠠᠰᠢᠭ ᠤᠷᠤᠯᠭ᠎ᠠ
ᠳᠠᠷᠬᠠᠭᠠᠬᠤ ᠬᠤᠷᠠᠯ ᠪᠠᠶᠠᠠᠪᠤᠯᠠᠭ ᠪᠠᠯᠭᠠᠰᠤᠨ᠎ᠤ ᠳ᠋ᠦᠩ ᠱᠸᠩ ᠼᠦᠨ ᠳᠤᠰᠬᠤᠨ᠎ᠤ ᠵᠢᠨ ᠼᠤᠤ ᠶᠤᠸᠠᠨ
ᠲᠡᠵᠢᠭᠡᠨ ᠦᠷᠡᠵᠢᠬᠦᠯᠬᠦ ᠰᠠᠭᠤᠷᠢᠨ ᠭᠠᠵᠠᠷ᠎ᠲᠦ ᠶᠠᠪᠤᠬᠳᠠᠵᠠᠢ᠃
·2021 ᠤᠨ᠎ᠳᠤ ᠪᠦᠬᠦ ᠤᠯᠤᠰ᠎ᠤᠨ ᠪᠠᠢᠴᠠᠭᠠᠬᠤ ᠪᠠᠢᠭᠤᠯᠭ᠎ᠠ ᠢᠯᠵᠡᠷᠡᠯ᠎ᠢ ᠡᠰᠡᠷᠭᠦᠴᠡᠬᠦ ᠳᠡᠮᠡᠴᠡᠯ᠎ᠤᠨ
ᠠᠵᠢᠯ ᠳᠤᠮᠳᠠ ᠪᠡᠨ ᠡᠷᠬᠡ ᠳᠤᠰᠢᠶᠠᠯ ᠵᠢᠡᠨ ᠠᠰᠢᠬᠯᠠᠨ ᠶᠠᠯ᠎ᠠ ᠬᠢᠭᠰᠡᠨ 1.9 ᠲᠦᠮᠡᠨ ᠬᠦᠮᠦᠨ᠎ᠢ
ᠵᠠᠭᠠᠯᠳᠤᠬᠰᠠᠨ ᠪᠠᠢᠨ᠎ᠠ᠃
·ᠡᡁᠸᠨᠡᠨ ᠮᠤᠵᠢ ᠰᠠᠨᠠᠯ ᠳᠠᠷᠤᠮᠠᠯᠯᠠᠨ ᠳᠠᠷᠬᠠᠭᠠᠵᠤ᠂ ᠰᠢᠨ᠎ᠡ ᠪᠡᠷ ᠪᠠᠢᠭᠤᠯᠤᠬᠰᠠᠨ ᠤᠯᠤᠰ᠎ᠤᠨ
ᠭᠤᠤᠯᠳᠠᠯᠭ᠎ᠠ ᠲᠠᠢ ᠳᠤᠷᠰᠢᠯᠳᠠ ᠵᠢᠨ ᠳᠠᠰᠤᠭ ᠲᠦ 5000 ᠲᠦᠮᠡᠨ ᠲᠦᠭᠦᠷᠢᠭ᠎ᠤᠨ ᠳᠡᠮᠵᠢᠯᠭᠡ ᠦᠵᠡᠬᠦᠯᠦᠨ᠎ᠡ
ᠭᠡᠵᠤ ᠳᠤᠷᠠᠳᠪᠠ᠃
ᠰᠤᠶᠤᠯ
·1 ᠰᠠᠷ᠎ᠠ ᠵᠢᠨ 18᠎ᠤ ᠡᠳᠤᠷ ᠬᠦᠯᠦᠨ
ᠪᠤᠢᠷ ᠬᠤᠲᠠ ᠵᠢᠨ ᠳᠦᠷᠪᠡᠳᠦᠭᠡᠷ ᠬᠤᠭᠤᠴᠠᠭᠠᠨ᠎ᠤ ᠡᠪᠤᠯ᠎ᠤᠨ ᠤᠯᠠᠷᠢᠯ᠎ᠤᠨ ᠪᠡᠶ᠎ᠡ ᠵᠢᠨ ᠳᠠᠮᠢᠷ᠎ᠤᠨ
ᠴᠤᠬᠯᠠᠭᠠᠨ ᠵᠢᠴᠢ 2022 ᠤᠨ᠎ᠤ ᠤᠯᠠᠨ ᠲᠦᠮᠡᠨ᠎ᠤ ᠮᠦᠰᠦ ᠴᠠᠰᠤᠨ᠎ᠤ ᠤᠯᠠᠷᠢᠯ᠎ᠤᠨ ᠠᠵᠢᠯᠯᠠᠭ᠎ᠠ ᠵᠢᠨ
ᠡᠬᠢᠯᠡᠯᠳᠡ ᠵᠢᠨ ᠶᠤᠰᠤᠯᠠᠯ ᠦᠪᠤᠷ ᠮᠤᠩᠭᠤᠯ᠎ᠤᠨ ᠮᠦᠰᠦᠨ ᠳᠡᠭᠡᠷᠡᠬᠢ ᠪᠡᠶ᠎ᠡ ᠵᠢᠨ ᠳᠠᠮᠢᠷ᠎ᠤᠨ
ᠬᠦᠳᠡᠯᠭᠡᠭᠡᠨ᠎ᠤ ᠪᠤᠯᠪᠠᠰᠤᠷᠠᠯ᠎ᠤᠨ ᠲᠦᠪ᠎ᠲᠦ ᠶᠠᠪᠤᠬᠳᠠᠪᠠ᠃

·ᠤᠢᠷ᠎ᠠ᠎ᠳᠤ 2022 ᠤᠨ᠎ᠤ ᠰᠢᠯᠢ ᠵᠢᠨ ᠭᠤᠤᠯ ᠠᠢᠮᠠᠭ᠎ᠤᠨ ᠤᠯᠠᠨ ᠲᠦᠮᠡᠨᠴᠢ ᠰᠤᠶᠤᠯ᠎ᠤᠨ ᠨᠠᠭᠠᠳᠤᠮ᠎ᠤᠨ
ᠰᠠᠷ᠎ᠠ ᠰᠢᠨ᠎ᠡ ᠵᠢᠨ ᠳᠤᠬᠯᠠᠯᠳᠠ ᠵᠢ ᠰᠢᠯᠢᠩᠬᠤᠲᠠ᠎ᠳᠤ ᠰᠢᠩᠭᠡᠭᠡᠵᠤ ᠳᠠᠭᠤᠰᠬᠠᠪᠠ᠃
·ᠪᠠᠭᠠᠷᠢᠨ ᠪᠠᠷᠠᠭᠤᠨ ᠬᠤᠰᠢᠭᠤᠨ᠎ᠤ ᠴᠠᠭᠠᠠᠮᠦ᠋ᠷᠡᠨ ᠰᠤᠮᠤᠨ᠎ᠤ ᠨᠠᠮ᠎ᠤᠨ ᠬᠤᠷᠢᠶ᠎ᠠ᠂ ᠵᠠᠰᠠᠭ᠎ᠤᠨ
ᠤᠷᠳᠤᠨ ᠡᠴᠡ ᠭᠤᠤᠯᠯᠠᠨ ᠡᠷᠬᠢᠯᠡᠭᠰᠡᠨ《ᠳᠤᠮᠳᠠᠳᠤ ᠵᠢᠨ
ᠰᠢᠯᠢᠳᠡᠭ ᠤᠯᠠᠮᠵᠢᠯᠠᠯᠳᠤ ᠰᠤᠶᠤᠯ᠎ᠢ ᠪᠠᠳᠠᠷᠠᠭᠤᠯᠵᠤ ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ
ᠵᠢᠨ ᠤᠬᠠᠮᠰᠠᠷ᠎ᠢ ᠪᠠᠳᠤ ᠴᠤᠬᠴᠠᠯᠠᠬᠤ — ᠬᠡᠷᠤᠯᠤᠨᠤ ᠤᠷᠠᠨ ᠪᠢᠴᠢᠯᠭᠡ ᠵᠢᠨ ᠦᠵᠡᠭᠦᠯᠭᠡ》1 ᠰᠠᠷ᠎ᠠ ᠵᠢᠨ 18᠎ᠤ ᠡᠳᠤᠷ ᠴᠠᠭᠠᠠᠮᠦ᠋ᠷᠡᠨ ᠰᠤᠮᠤᠨ᠎ᠤ ᠰᠤᠶᠤᠯ᠎ᠤᠨ ᠠᠵᠢᠯᠯᠠᠭᠠᠨ᠎ᠤ ᠠᠯᠪᠠᠨ ᠭᠡᠷ᠎ᠲᠦ ᠠᠮᠵᠢᠯᠳᠠ
ᠳᠦᠭᠦᠷᠡᠩ ᠶᠠᠪᠤᠬᠳᠠᠵᠠᠢ᠃
·1 ᠰᠠᠷ᠎ᠠ ᠵᠢᠨ 18᠎ᠤ ᠡᠳᠤᠷ ᠠᠷᠤ
ᠬᠤᠷᠴᠢᠨ ᠬᠤᠰᠢᠭᠤᠨ᠎ᠤ ᠪᠠᠶᠠᠠᠠᠦ᠋ᠨᠳᠤᠷ ᠰᠤᠮᠤᠨ᠎ᠤ ᠠᠮᠠᠰᠠᠷ ᠭᠠᠴᠠᠭ᠎ᠠ ᠡᠴᠡ ᠵᠤᠬᠢᠶᠠᠨ ᠪᠠᠢᠭᠤᠯᠵᠤ
ᠶᠠᠪᠤᠬᠳᠠᠭᠤᠯᠤᠬᠰᠠᠨ ᠠᠷᠤ ᠬᠤᠷᠴᠢᠨ ᠬᠤᠰᠢᠭᠤᠨ᠎ᠤ ᠶᠢᠰᠦᠳᠦᠭᠡᠷ ᠤᠳᠠᠭᠠᠨ᠎ᠤ ᠠᠷᠭᠠᠢ ᠨᠠᠭᠠᠳᠤᠮ ᠨᠢ
ᠳᠠᠯᠠᠷᠤᠨ ᠭᠤᠤᠯ᠎ᠤᠨ ᠦᠷᠦᠴᠡᠨ᠎ᠳᠤ ᠬᠦᠷ ᠬᠦᠭᠵᠢᠶᠡᠨ ᠲᠠᠢ ᠶᠠᠪᠤᠬᠳᠠᠵᠠᠢ᠃
ᠤᠢᠯᠡᠴᠢᠯᠡᠭᠡ

·ᠳᠤᠮᠳᠠᠳᠤ ᠤᠯᠤᠰ᠎ᠤᠨ ᠨᠦᠭᠡᠴᠡ ᠠᠮᠤ ᠪᠤᠳᠠᠭᠠᠨ᠎ᠤ ᠬᠠᠮᠢᠶᠠᠷᠤᠯᠳᠠ ᠵᠢᠨ ᠪᠦᠯᠦᠭᠯᠡᠯ ᠬᠢᠵᠠᠭᠠᠷᠳᠤ
ᠺᠤᠮᠫᠠᠨᠢ ᠵᠢᠨ ᠦᠪᠤᠷ ᠮᠤᠩᠭᠤᠯ᠎ᠤᠨ ᠬᠤᠪᠢᠶᠠᠷᠢ ᠺᠤᠮᠫᠠᠨᠢ ᠠᠵᠢᠯᠳᠠᠨ ᠡᠯᠰᠡᠬᠦ ᠪᠡᠷ ᠪᠤᠢ᠃ ᠨᠠᠷᠢᠨ
ᠠᠭᠤᠯᠭ᠎ᠠ ᠵᠢ ᠳᠤᠤᠷᠠᠬᠢ《阅读原文》ᠭᠡᠬᠦ ᠦᠰᠦᠭ᠎ᠢ ᠳᠤᠪᠴᠢᠳᠠᠵᠤ ᠯᠠᠪᠯᠠᠬᠤ ᠪᠤᠯᠪᠠᠤ᠃
·ᠦᠵᠦᠮ᠎ᠳᠤ ᠤᠨᠳᠠᠯᠭ᠎ᠠ ᠵᠢ ᠳᠤᠰᠠᠯᠠᠬᠤ ᠬᠤᠷᠮᠤᠨ ᠠᠭᠤᠯᠵᠤ ᠪᠠᠢᠳᠠᠭ ᠪᠤᠯᠬᠤᠷ ᠦᠷᠭᠦᠯᠵᠢ ᠢᠳᠡᠵᠤ
ᠪᠠᠢᠪᠠᠯ ᠨᠤᠢᠷ ᠬᠤᠯᠵᠢᠬᠤ ᠵᠢ ᠰᠡᠷᠭᠡᠢᠯᠡᠵᠤ᠂ ᠤᠨᠳᠠᠯᠭ᠎ᠠ᠎ᠳᠤ ᠳᠤᠰᠠᠳᠠᠢ ᠪᠠᠢᠳᠠᠭ᠃

ᠵᠠᠯᠭᠠᠭᠠᠳ《ᠨᠤᠲᠤᠭ ᠰᠠᠢᠬᠠᠨ》ᠳᠠᠭᠤᠤ ᠪᠡᠷ ᠠᠶ᠎ᠠ ᠪᠠᠷᠢᠵᠤ ᠨᠡᠪᠲᠡᠷᠡᠬᠦᠯᠭᠡ ᠪᠡᠨ ᠵᠢᠷᠭᠠᠭᠠᠶ᠎ᠠ᠃ ᠨᠡᠪᠲᠡᠷᠡᠬᠦᠯᠭᠡ ᠮᠠᠨᠢ ᠲᠠ
ᠪᠦᠬᠦᠨ᠎ᠳᠤ ᠲᠠᠭᠠᠯᠠᠬᠳᠠᠬᠰᠠᠨ ᠪᠤᠯ᠂ ᠤᠳᠤᠨ ᠳᠡᠮᠳᠡᠭ ᠱᠠᠩᠨᠠᠵᠦ ᠪᠢᠳᠡᠨ᠎ᠳᠤ ᠤᠷᠮ᠎ᠡ ᠬᠠᠢᠷᠠᠯᠠᠭᠠᠷᠠᠢ!ᠲᠠ
ᠪᠦᠬᠦᠨ ᠤ ᠬᠦᠯᠢᠶᠡᠨ ᠠᠪᠴᠤ ᠰᠤᠨᠤᠰᠤᠬᠰᠠᠨ᠎ᠳᠤ ᠪᠠᠶᠠᠷᠯᠠᠯ᠎ᠠ᠂ ᠪᠠᠶᠠᠷᠲᠠᠢ!
ᠨᠠᠢᠷᠠᠭᠤᠯᠤᠨ
ᠨᠡᠪᠲᠡᠷᠡᠬᠦᠯᠦᠭᠴᠢ/ ᠮᠡᠷᠭᠡᠵᠢᠯ᠄ ᠤᠷᠠᠨᠳᠠᠨ᠎ᠠ
ᠬᠢᠨᠠᠬᠴᠢ᠄ ᠰᠢᠯᠢᠨᠭᠡᠷᠡᠯ