1 ᠰᠠᠷ᠎ᠠ ᠎ᠶ᠋ᠢᠨ 22 ᠎ᠦᠨ ᠡᠳᠦᠷ
ᠡᠬᠢᠯᠡᠬᠦ᠌ ᠴᠠᠭ᠄
2022-01-22 07:30:17
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

100新 语音播报 封面.jpg


ᠴᠠᠭ ᠲᠦᠷᠦ

·ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ᠎ᠤᠨ ᠰᠠᠬᠢᠯᠭ᠎ᠠ ᠪᠠᠳᠤ ᠪᠠᠢᠴᠠᠭᠠᠬᠤ ᠬᠤᠷᠢᠶᠠᠨ᠎ᠤ ᠵᠢᠷᠭᠤᠳᠤᠭᠠᠷ  ᠪᠦᠭᠦᠳᠡ ᠬᠤᠷᠠᠯ 2022 ᠤᠨ᠎ᠤ 1 ᠰᠠᠷ᠎ᠠ ᠵᠢᠨ 18᠎ᠤ ᠡᠳᠤᠷ ᠡᠴᠡ 20᠎ᠤ ᠡᠳᠤᠷ ᠪᠤᠯᠳᠠᠯ᠎ᠠ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠦᠪ ᠬᠤᠷᠢᠶᠠᠨ᠎ᠤ ᠶᠡᠷᠤᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠠᠷᠢᠭᠦᠯᠡᠭᠴᠢ ᠰᠢ ᠵᠢᠨ ᠫᠢᠩ ᠪᠦᠭᠦᠳᠡ ᠬᠤᠷᠠᠯ᠎ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠵᠠᠢ᠃

·ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠡᠨᠡ ᠡᠳᠦᠷ ᠲᠦᠯᠦᠭᠡᠯᠡᠭᠴᠢᠳ᠎ᠤᠨ ᠪᠦᠯᠬᠦᠮ᠎ᠤᠨ ᠬᠤᠷᠠᠯ ᠬᠤᠷᠠᠯᠳᠤᠭᠤᠯᠵᠤ᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ᠎ᠢ ᠬᠢᠨᠠᠨ ᠵᠦᠪᠯᠡᠨ᠎ᠡ᠃


ᠨᠡᠢᠭᠡᠮ

·ᠬᠦᠬᠡᠬᠤᠳᠠ ᠵᠢᠨ ᠶᠠᠳᠠᠭᠤ ᠡᠴᠡ ᠠᠩᠬᠢᠵᠢᠷᠠᠬᠰᠠᠨ ᠡᠷᠦᠬᠡ ᠵᠢᠨ ᠳᠤᠮᠳᠠᠴᠢ ᠤᠷᠤᠯᠭ᠎ᠠ ᠨᠢᠭᠡᠨᠳᠡ 3.2 ᠲᠦᠮᠡ ᠭᠠᠷᠤᠢ ᠲᠦᠭᠦᠷᠢᠭ᠎ᠲᠦ ᠬᠦᠷᠴᠠᠢ᠃

·ᠪᠠᠶᠠᠠᠨᠠᠭᠤᠷ ᠬᠤᠳᠠ 《ᠨᠤᠲᠤᠭ ᠲᠠᠭᠠᠨ ᠪᠤᠴᠠᠬᠤ》ᠨᠡᠢᠭᠡᠮ᠎ᠤᠨ ᠤᠢᠯᠡᠳᠦᠯᠭᠡ ᠵᠢᠨ ᠠᠵᠢᠯᠯᠠᠭ᠎ᠠ ᠵᠢ ᠢᠳᠡᠪᠬᠢᠳᠠᠢ ᠦᠷᠨᠢᠬᠦᠯᠵᠤ᠂ ᠤᠳᠤᠬᠠᠨ ᠪᠤᠯᠳᠠᠯ᠎ᠠ 3073 ᠤᠶᠤᠲᠠᠨ ᠦᠨᠳᠦᠰᠦᠨ ᠱᠠᠳᠤᠨ᠎ᠳᠤ ᠳᠤᠰᠢᠶᠠᠯ ᠡᠭᠦᠷᠭᠡᠯᠡᠨ ᠪᠤᠯᠪᠠᠰᠤᠷᠠᠬᠤ᠎ᠳᠤ ᠤᠷᠤᠯᠴᠠᠵᠠᠢ᠃

·1 ᠰᠠᠷ᠎ᠠ  ᠵᠢᠨ 20᠎ᠤ ᠡᠳᠤᠷ ᠪᠤᠭᠤᠳᠤ  ᠬᠤᠳᠠ ᠵᠢᠨ ᠨᠠᠮ ᠎ᠤᠨ ᠬᠤᠷᠢᠶᠠᠨ᠎ᠤ ᠤᠬᠠᠭᠤᠯᠬᠤ ᠭᠡᠯᠳᠡᠰ᠂ ᠪᠤᠯᠪᠠᠰᠤᠨ᠎ᠤ ᠠᠯᠪᠠᠨ ᠭᠡᠷ ᠡᠴᠡ ᠡᠷᠬᠢᠯᠡᠭᠰᠡᠨ ᠪᠤᠭᠤᠳᠤ ᠬᠤᠳᠠ ᠵᠢᠨ ᠠᠩᠬᠠᠳᠤᠭᠠᠷ ᠬᠤᠭᠤᠴᠠᠭᠠᠨ᠎ᠤ 《ᠬᠠᠮᠤᠭ᠎ᠤᠨ ᠭᠤᠶᠤ ᠪᠤᠭᠤᠳᠤ ᠵᠢᠨ ᠬᠦᠮᠦᠨ》᠎ᠤ ᠱᠠᠩᠨᠠᠯ ᠤᠯᠭᠤᠬᠤ ᠶᠤᠰᠤᠯᠠᠯ ᠪᠤᠭᠤᠳᠤ ᠬᠤᠲᠠ᠎ᠳᠤ ᠶᠠᠪᠤᠬᠳᠠᠵᠤ᠂ 10 ᠬᠦᠮᠦᠨ᠎ᠳᠤ《ᠬᠠᠮᠤᠭ᠎ᠤᠨ  ᠭᠤᠶᠤ  ᠪᠤᠭᠤᠳᠤ ᠵᠢᠨ ᠬᠦᠮᠦᠨ》᠎ᠤ ᠱᠠᠩᠨᠠᠯ᠂ 20 ᠬᠦᠮᠦᠨ᠎ᠳᠤ《ᠬᠠᠮᠤᠭ᠎ᠤᠨ ᠭᠤᠶᠤ ᠪᠤᠭᠤᠳᠤ ᠵᠢᠨ ᠬᠦᠮᠦᠨ》᠎ᠤ ᠨᠡᠷ᠎ᠡ ᠳᠤᠷᠠᠳᠤᠬᠳᠠᠬᠰᠠᠨ ᠱᠠᠩᠨᠠᠯ ᠤᠯᠭᠤᠬᠰᠠᠨ ᠪᠠᠢᠨ᠎ᠠ᠃


微信图片_20220121202723.jpg


·ᠤᠷᠠᠳ᠎ᠤᠨ ᠳᠤᠮᠳᠠᠳᠤ ᠬᠤᠰᠢᠭᠤ 30 ᠮᠠᠯᠴᠢᠨ ᠡᠷᠦᠬᠡ᠎ᠳᠤ ᠠᠯᠤᠰ ᠳᠤᠷᠠᠨᠳᠠᠭᠤᠷ᠂ ᠠᠦ᠋ᠲ᠋ᠣ᠋ ᠡᠵᠡᠮᠰᠢᠯ ᠲᠠᠢ ᠤᠶᠤᠨᠴᠢ ᠮᠠᠯᠵᠢᠯ᠎ᠤᠨ ᠳᠦᠬᠦᠭᠡᠷᠤᠮᠵᠢ ᠵᠢ ᠳᠤᠷᠰᠢᠨ ᠬᠡᠷᠡᠭᠯᠡᠭᠦᠯᠵᠤ᠂ ᠬᠦᠳᠡᠯᠮᠤᠷᠢ ᠭᠦᠴᠦᠨ᠎ᠢ ᠠᠷᠪᠢᠯᠠᠨ᠂ ᠰᠢᠨ᠎ᠡ ᠮᠡᠷᠭᠡᠵᠢᠯ᠎ᠢ ᠮᠠᠯᠵᠢᠬᠤ ᠠᠮᠢᠳᠤᠷᠠᠯ ᠲᠠᠢ ᠤᠶᠠᠯᠳᠤᠭᠤᠯᠤᠬᠰᠠᠨ ᠡᠴᠡ ᠮᠠᠯᠴᠢᠨ ᠲᠦᠮᠡᠨ᠎ᠳᠡᠭᠡᠨ ᠬᠦᠷᠢᠶᠡᠯᠡᠭᠳᠡᠵᠤ ᠪᠠᠢᠨ᠎ᠠ᠃

·ᠤᠢᠷ᠎ᠠ ᠵᠢᠨ ᠡᠳᠤᠷ ᠠᠷᠤ ᠬᠤᠷᠴᠢᠨ ᠬᠤᠰᠢᠭᠤᠨ᠎ᠤ ᠬᠤᠨᠳᠤ ᠪᠠᠯᠭᠠᠰᠤᠨ᠎ᠤ ᠨᠠᠷᠢᠨᠴᠠᠪ ᠭᠠᠴᠠᠭᠠᠨ᠎ᠤ ᠭᠡᠰᠡᠭ ᠤᠶᠤᠳᠠᠨ ᠵᠠᠯᠠᠭᠤᠴᠤᠳ ᠨᠤᠲᠤᠭ ᠤᠰᠤᠨ᠎ᠤ ᠬᠢᠨ ᠳ᠋ᠡᠭᠡᠨ ᠪᠠᠭ᠎ᠠ᠎ᠴᠦ ᠬᠡᠰᠡᠨ ᠬᠠᠪᠰᠤᠷᠤᠯᠭ᠎ᠠ ᠦᠵᠡᠭᠦᠯᠬᠦ ᠪᠠᠷ ᠵᠤᠷᠢᠵᠤ᠂ ᠭᠠᠴᠠᠭᠠᠨ᠎ᠤ ᠪᠡᠨ ᠭᠦᠴᠢᠷᠳᠡᠯᠳᠡᠢ ᠡᠷᠦᠬᠡ ᠪᠡᠷ ᠬᠦᠷᠴᠤ ᠮᠠᠯ᠎ᠤᠨ ᠲᠡᠵᠢᠭᠡᠯ ᠪᠤᠷᠳᠤᠭ᠎ᠠ ᠬᠦᠷᠭᠡᠭᠰᠡᠨ ᠶᠠᠪᠤᠳᠠᠯ ᠨᠢ ᠬᠦᠮᠦᠰ᠎ᠤᠨ ᠬᠦᠷᠢᠶᠡᠯᠡᠯ᠎ᠢ ᠤᠯᠵᠤ᠂ ᠡᠷᠡᠬᠡᠢ ᠱᠠᠩᠨᠠᠭᠤᠯᠤᠬᠰᠠᠨ ᠤᠢᠯᠡ ᠠᠵᠢᠯᠯᠠᠭ᠎ᠠ ᠪᠤᠯᠵᠠᠢ᠃

·ᠤᠢᠷ᠎ᠠ ᠵᠢᠨ ᠵᠢᠯ ᠵᠡᠬᠦᠨ ᠦᠵᠦᠮᠦᠴᠢᠨ ᠬᠤᠰᠢᠭᠤ ᠮᠠᠯ ᠠᠵᠤ ᠠᠬᠤᠢ ᠵᠢᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠵᠤ᠂ 3.5 ᠲᠦᠮᠡᠨ ᠰᠢᠯᠢᠳᠡᠭ ᠡᠭᠦᠯᠳᠡᠷ᠎ᠤᠨ ᠮᠢᠬᠠᠨ᠎ᠤ ᠦᠬᠡᠷ ᠤᠷᠤᠭᠤᠯᠵᠤ᠂ ᠠᠢᠮᠠᠭ᠎ᠤᠨ ᠳᠡᠰ᠎ᠤᠨ ᠮᠢᠬᠠᠨ᠎ᠤ ᠦᠬᠡᠷ᠎ᠤᠨ 29 ᠭᠤᠤᠯᠳᠠᠯᠭᠠᠳᠤ ᠰᠦᠷᠦᠭ᠎ᠢ ᠪᠤᠢᠵᠢᠭᠤᠯᠵᠤ᠂ ᠳᠡᠭᠡᠳᠤ ᠳᠡᠰ᠎ᠤᠨ ᠮᠢᠬᠠᠨ᠎ᠤ ᠦᠬᠡᠷ ᠲᠡᠵᠢᠭᠡᠬᠦ ᠬᠡᠪᠴᠢᠶ᠎ᠡ ᠪᠡᠷ ᠰᠢᠯᠢ ᠵᠢᠨ ᠭᠤᠤᠯ ᠠᠢᠮᠠᠭ ᠲᠠᠭᠠᠨ ᠤᠷᠤᠢᠯᠠᠬᠰᠠᠨ ᠪᠠᠢᠨ᠎ᠠ᠃

·ᠤᠢᠷ᠎ᠠ ᠎ᠳᠤ ᠬᠤᠷᠢᠨᠭᠡᠷ ᠰᠢᠶᠠᠨ ᠎ᠤ ᠬᠤᠶᠠᠳᠤᠭᠠᠷ ᠬᠤᠭᠤᠴᠠᠭᠠᠨ᠎ᠤ 《ᠱᠸᠩ ᠯᠸ ᠵᠢᠨ ᠦᠨᠤᠷ ᠠᠮᠳᠠ》 ᠴᠠᠭᠠᠨ ᠰᠠᠷ᠎ᠠ ᠵᠢᠨ ᠪᠠᠷᠠᠭ᠎ᠠ ᠵᠢᠨ ᠳᠡᠳᠬᠦᠨ ᠪᠤᠷᠤᠯᠠᠭᠤᠯᠭ᠎ᠠ ᠵᠢᠨ ᠠᠵᠢᠯᠯᠠᠭ᠎ᠠ ᠡᠬᠢᠯᠡᠨ ᠶᠠᠪᠤᠬᠳᠠᠬᠰᠠᠨ ᠪᠠᠢᠨ᠎ᠠ᠃


微信图片_20220121203657.jpg



·ᠤᠢᠷ᠎ᠠ ᠵᠢᠨ ᠡᠳᠤᠷ ᠲᠦᠪ᠎ᠤᠨ ᠤᠬᠠᠭᠤᠯᠬᠤ ᠭᠡᠯᠳᠡᠰ ᠵᠡᠷᠭᠡ 15 ᠰᠠᠯᠠᠭ᠎ᠠ ᠮᠦᠴᠢᠷ ᠮᠡᠳᠡᠭᠳᠡᠯ ᠳᠠᠷᠤᠮᠠᠯᠯᠠᠨ ᠳᠠᠷᠬᠠᠭᠠᠵᠤ᠂ 2022 ᠤᠨ᠎ᠤ ᠰᠤᠶᠤᠯ ᠰᠢᠨᠵᠢᠯᠡᠬᠦ ᠤᠬᠠᠭᠠᠨ ᠡᠷᠡᠬᠦᠯ ᠬᠠᠮᠠᠭᠠᠯᠠᠯ᠎ᠤᠨ《ᠭᠤᠷᠪᠠ ᠵᠢ ᠬᠦᠳᠡᠭᠡ ᠪᠠᠭᠤᠯᠭᠠᠬᠤ》ᠠᠵᠢᠯᠯᠠᠭ᠎ᠠ ᠵᠢ ᠳᠤᠬᠢᠷᠠᠭᠤᠯᠤᠨ ᠪᠠᠢᠷᠢᠯᠠᠭᠤᠯᠵᠠᠢ᠃

·ᠳᠤᠮᠳᠠᠳᠤ ᠤᠯᠤᠰ᠎ᠤᠨ ᠴᠢᠯᠠᠭᠤᠨ ᠳᠤᠰᠤ ᠰᠢᠲᠠᠮᠠᠬᠠᠢ ᠬᠡᠢ ᠵᠢᠨ ᠬᠤᠪᠢᠴᠠᠭᠠᠲᠤ ᠬᠢᠵᠠᠭᠠᠷᠲᠤ ᠺᠤᠮᠫᠠᠨᠢ ᠨᠢ ᠭᠠᠳᠠᠭᠠᠳᠤ ᠡᠴᠡ ᠤᠷᠤᠭᠤᠯᠤᠬᠰᠠᠨ ᠳᠦᠭᠦᠭᠡᠢ ᠳᠤᠰᠤ ᠵᠢ 1.795 ᠲᠦᠮᠡᠨ ᠳᠤᠨ ᠰᠠᠷᠢᠭᠠᠯᠠᠬᠰᠠᠨ ᠬᠡᠷᠡᠭ ᠵᠢᠡᠷ ᠪᠠᠢᠴᠠᠭᠠᠬᠳᠠᠪᠠ᠃

·ᠤᠯᠤᠰ᠎ᠤᠨ ᠡᠨ᠋ᠸᠷᠬᠢ ᠵᠢᠨ ᠳᠤᠪᠴᠢᠶ᠎ᠠ ᠵᠢᠨ 20᠎ᠤ ᠡᠳᠤᠷ ᠨᠡᠢᠲᠡᠯᠡᠭᠰᠡᠨ ᠲᠤᠭ᠎ᠠ ᠪᠠᠷᠢᠮᠳᠠ᠎ᠳᠤ ᠢᠯᠡᠷᠡᠬᠦᠯᠦᠭᠰᠡᠨ ᠵᠢᠡᠷ᠂ 2021 ᠤᠨ᠎ᠤ ᠡᠴᠤᠰ ᠪᠤᠯᠳᠠᠯ᠎ᠠ ᠮᠠᠨ᠎ᠤ ᠤᠯᠤᠰ᠎ᠤᠨ ᠭᠡᠷᠡᠯᠴᠢ ᠴᠡᠨᠡᠭ ᠵᠢᠡᠷ ᠴᠠᠬᠢᠯᠭᠠᠨ ᠭᠠᠷᠭᠠᠵᠤ ᠳᠤᠤᠷ᠎ᠲᠦ ᠨᠡᠢᠯᠡᠭᠦᠯᠦᠭᠰᠡᠨ ᠮᠠᠰᠢᠨ ᠴᠤᠬᠴᠠᠯᠠᠪᠤᠷᠢ ᠵᠢᠨ ᠪᠠᠬᠲᠠᠭᠠᠮᠵᠢ 3᠎ᠳ᠋ᠦᠩᠰᠢᠭᠤᠷ ᠺᠢᠯᠤᠸᠠᠲ᠎ᠤᠨ ᠶᠡᠬᠡ ᠪᠤᠭᠤᠮᠳᠠ ᠵᠢ ᠳᠠᠪᠠᠵᠤ᠂ 7 ᠵᠢᠯ ᠳᠠᠷᠠᠭᠠᠯᠠᠨ ᠪᠦᠬᠦ ᠳᠡᠯᠡᠬᠡᠢ ᠵᠢᠨ ᠲᠦᠷᠦᠭᠦᠨ᠎ᠳᠤ ᠤᠷᠤᠪᠠ᠃


微信图片_20220121203056.jpg


ᠰᠤᠶᠤᠯ

·ᠤᠯᠠᠭᠠᠠᠬᠠᠳᠠ ᠵᠢᠨ ᠤᠯᠤᠰ ᠲᠦᠷᠦ ᠵᠢᠨ ᠵᠦᠪᠯᠡᠯᠭᠡᠨ᠎ᠤ ᠰᠤᠶᠤᠯ ᠲᠡᠤᠬᠡ ᠵᠢᠨ ᠰᠢᠨ᠎ᠡ ᠤᠷᠳᠤᠨ ᠲᠦᠷᠦᠭᠦᠬᠡᠨ ᠡᠷᠦᠬᠡ ᠪᠡᠨ ᠰᠡᠬᠦᠬᠦ ᠶᠤᠰᠤᠯᠠᠯ ᠶᠠᠪᠤᠬᠳᠠᠭᠤᠯᠵᠠᠢ᠃

·1 ᠰᠠᠷ᠎ᠠ ᠵᠢᠨ 20᠎ᠤ ᠡᠳᠤᠷ ᠬᠦᠪᠡᠭᠡᠳᠤ ᠰᠢᠷ᠎ᠠ ᠬᠤᠰᠢᠭᠤᠨ᠎ᠤ ᠡᠪᠯᠡᠯ᠎ᠤᠨ ᠬᠤᠷᠢᠶ᠎ᠠ ᠨᠢ ᠬᠠᠰᠢᠶᠠᠳᠤ ᠨᠡᠢᠭᠡᠮ ᠲᠤᠭᠤᠷᠢᠭ᠎ᠲᠦ《ᠤᠢᠯᠡᠰ᠎ᠤᠨ ᠬᠠᠷᠭᠤᠢ᠎ᠳᠤ ᠬᠦᠰᠡᠯ᠎ᠤᠨ ᠵᠢᠯᠤᠭᠤ ᠡᠷᠭᠦᠶ᠎ᠡ》 ᠭᠡᠬᠦ ᠨᠤᠮ ᠬᠦᠷᠭᠡᠬᠦ ᠬᠠᠢᠷ᠎ᠠ ᠬᠠᠯᠠᠮᠵᠢ ᠵᠢᠨ ᠠᠵᠢᠯᠯᠠᠭ᠎ᠠ ᠦᠷᠨᠢᠬᠦᠯᠪᠡ᠃


微信图片_20220121203808.jpg


·ᠤᠷᠴᠢᠮᠬᠠᠨ ᠪᠠᠷᠠᠭᠤᠨ ᠦᠵᠦᠮᠦᠴᠢᠨ ᠬᠤᠰᠢᠭᠤᠨ᠎ᠤ ᠵᠢᠷ᠎ᠤᠨ ᠭᠤᠤᠯ ᠪᠠᠯᠭᠠᠰᠤᠨ ᠡᠴᠡ《2022 ᠤᠨ᠎ᠤ ᠪᠡᠭᠡᠵᠢᠩ᠎ᠤᠨ ᠡᠪᠤᠯ᠎ᠤᠨ ᠤᠯᠠᠷᠢᠯ᠎ᠤᠨ ᠤᠯᠢᠮᠫᠢᠺ᠎ᠤᠨ ᠳᠠᠮᠢᠷ᠎ᠤᠨ ᠴᠤᠬᠯᠠᠭᠠᠨ》᠎ᠢ ᠤᠬᠳᠤᠬᠤ ᠨᠤᠮ ᠤᠩᠰᠢᠬᠤ ᠠᠵᠢᠯᠯᠠᠭ᠎ᠠ ᠵᠢᠴᠢ ᠮᠡᠳᠡᠯᠭᠡ ᠵᠢᠨ ᠤᠷᠤᠯᠳᠤᠭᠠᠨ ᠡᠷᠬᠢᠯᠡᠨ ᠶᠠᠪᠤᠬᠳᠠᠭᠤᠯᠤᠬᠰᠠᠨ ᠪᠠᠢᠨ᠎ᠠ᠃


微信图片_20220121203843.jpg


1.21 气象_01.jpg


ᠤᠢᠯᠡᠴᠢᠯᠡᠭᠡ

·ᠰᠢᠯᠢᠩᠬᠤᠲᠠ ᠵᠢᠨ ᠢ ᠯᠢ ᠰᠦᠨ᠎ᠤ ᠪᠦᠲᠦᠭᠡᠭᠳᠡᠬᠦᠨ᠎ᠤ ᠬᠢᠵᠠᠭᠠᠷᠳᠤ ᠺᠤᠮᠫᠠᠨᠢ ᠠᠵᠢᠯᠳᠠᠨ ᠡᠯᠰᠡᠬᠦ ᠪᠡᠷ ᠪᠤᠢ᠃ 

·ᠦᠷᠯᠦᠭᠡᠨ᠎ᠤ ᠬᠤᠭᠤᠯᠠ ᠢᠳᠡᠬᠦ ᠦᠭᠡᠢ ᠪᠤᠯ ᠪᠡᠶ᠎ᠡ ᠵᠢᠨ ᠡᠷᠡᠬᠦᠯ ᠮᠡᠨᠳᠤ᠎ᠳᠤ ᠠᠰᠢᠭ ᠦᠭᠡᠢ ᠪᠠᠢᠵᠤ᠂ ᠰᠦᠰᠦᠨ ᠤᠭᠤᠳᠠᠨ᠎ᠤ ᠴᠢᠯᠠᠭᠤᠰᠢᠷᠠᠯ᠎ᠳᠤ ᠨᠡᠷᠪᠡᠭᠳᠡᠵᠤ᠂ ᠰᠦᠰᠦᠨ᠎ᠤ ᠠᠷᠬᠠᠭ ᠡᠪᠡᠳᠴᠢᠨ ᠤᠯᠬᠤ ᠪᠤᠯᠤᠮᠵᠢᠳᠠᠢ ᠪᠤᠯᠬᠤᠷ ᠦᠷᠯᠦᠭᠡ ᠪᠤᠯᠭᠠᠨ ᠰᠢᠮ᠎ᠡ ᠲᠡᠵᠢᠭᠡᠯ ᠲᠠᠢ ᠬᠤᠭᠤᠯᠠ ᠤᠮᠳᠠ ᠬᠢᠵᠤ ᠢᠳᠡᠬᠦ ᠴᠢᠬᠤᠯᠠᠳᠡᠢ᠃


src=http___img3.duitang.com_uploads_item_201506_03_20150603084220_wtsnE.jpeg&refer=http___img3.duitang.jpg


ᠵᠠᠯᠭᠠᠭᠠᠳ 《ᠮᠢᠨᠤ ᠬᠤᠶᠠᠷ ᠪᠤᠭᠤᠷᠤᠯ》 ᠳᠠᠭᠤᠤ ᠪᠡᠷ ᠠᠶ᠎ᠠ ᠪᠠᠷᠢᠵᠤ ᠨᠡᠪᠲᠡᠷᠡᠬᠦᠯᠭᠡ ᠪᠡᠨ ᠵᠢᠷᠭᠠᠭᠠᠶ᠎ᠠ᠃ ᠨᠡᠪᠲᠡᠷᠡᠬᠦᠯᠭᠡ ᠮᠠᠨᠢ ᠲᠠ ᠪᠦᠬᠦᠨ᠎ᠳᠤ ᠲᠠᠭᠠᠯᠠᠬᠳᠠᠬᠰᠠᠨ ᠪᠤᠯ᠂ ᠤᠳᠤᠨ ᠳᠡᠮᠳᠡᠭ ᠱᠠᠩᠨᠠᠵᠦ ᠪᠢᠳᠡᠨ᠎ᠳᠤ ᠤᠷᠮ᠎ᠡ ᠬᠠᠢᠷᠠᠯᠠᠭᠠᠷᠠᠢ!ᠲᠠ ᠪᠦᠬᠦᠨ ᠎ᠤ ᠬᠦᠯᠢᠶᠡᠨ ᠠᠪᠴᠤ ᠰᠤᠨᠤᠰᠤᠬᠰᠠᠨ᠎ᠳᠤ ᠪᠠᠶᠠᠷᠯᠠᠯ᠎ᠠ᠂  ᠪᠠᠶᠠᠷᠲᠠᠢ! 

ᠨᠠᠢᠷᠠᠭᠤᠯᠤᠨ ᠨᠡᠪᠲᠡᠷᠡᠬᠦᠯᠦᠭᠴᠢ / ᠮᠡᠷᠭᠡᠵᠢᠯ᠄ ᠤᠷᠠᠨᠳᠠᠨ᠎ᠠ

ᠬᠢᠨᠠᠬᠴᠢ᠄ ᠨᠠᠷᠠᠨᠴᠢᠮᠡᠭ


ᠬᠤᠪᠢᠶᠠᠯᠴᠠᠬᠤ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号