
ᠴᠠᠭ ᠲᠦᠷᠦ

·ᠲᠥᠪ ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠬᠤᠷᠠᠩᠳᠠ ᠭᠧᠨᠧᠷᠠᠯ ᠤᠨ ᠴᠡᠷᠢᠭ ᠤᠨ ᠴᠤᠯᠠ
ᠴᠠᠭ᠍ᠳᠠᠭ᠎ᠠ ᠶ᠋ᠢᠨ ᠴᠣᠯᠠ ᠳᠤ ᠳᠡᠪᠱᠢᠭᠦᠯᠬᠦ᠌ ᠶᠣᠰᠣᠯᠠᠯ 21᠎ᠤ᠋ ᠡᠳᠦᠷ ᠪᠡᠭᠡᠵᠢᠩ᠎ᠦᠨ《8·1》 ᠶᠡᠬᠡ ᠠᠰᠠᠷ᠎ᠲᠤ ᠦᠪᠡᠳᠡᠭ᠌ᠰᠢ ᠶᠡᠬᠡ ᠪᠡᠷ ᠶᠠᠪᠤᠭ᠍ᠳᠠᠪᠠ᠃ ᠲᠥᠪ᠎ᠦᠨ ᠴᠡᠷᠢᠭ᠎ᠦᠨ
ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠬᠤᠷᠠᠩᠳᠠ ᠭᠧᠨᠧᠷᠠᠯ᠎ᠤᠨ ᠴᠡᠷᠢᠭ᠎ᠤᠨ ᠴᠤᠯᠠ
ᠴᠠᠭ᠍ᠳᠠᠭ᠎ᠠ᠎ᠶ᠋ᠢᠨ ᠴᠣᠯᠠ᠎ᠳᠤ ᠳᠡᠪᠱᠢᠭ᠌ᠰᠡᠨ ᠣᠹᠢᠼᠧᠷ ᠴᠠᠭ᠍ᠳᠠᠭ᠎ᠠ᠎ᠳᠤ ᠵᠠᠷᠯᠢᠭ᠎ᠤᠨ ᠪᠢᠴᠢᠭ ᠭᠠᠷᠳᠠᠭᠤᠯᠵᠤ
ᠪᠠᠶᠠᠷ ᠬᠦᠷᠭᠡᠵᠡᠢ᠃
·ᠪᠦᠬᠦ ᠤᠯᠤᠰ᠎ᠤᠨ ᠨᠠᠮ᠎ᠤᠨ ᠪᠠᠢᠭᠤᠯᠤᠯᠲᠠ ᠶ᠋ᠢᠨ ᠰᠤᠳᠤᠯᠭᠠᠨ᠎ᠤ ᠨᠡᠢᠭᠡᠮᠯᠢᠭ᠎ᠤᠨ ᠳᠣᠯᠣᠳᠤᠭᠠᠷ
ᠤᠳᠠᠭ᠎ᠠ ᠶ᠋ᠢᠨ ᠭᠡᠱᠢᠭᠦᠳ ᠦᠨ ᠲᠥᠯᠥᠭᠡᠯᠡᠭ᠌ᠴᠢᠳ᠎ᠦᠨ ᠶᠡᠬᠡ ᠬᠤᠷᠠᠯ 21 ᠤ᠋ ᠡᠳᠦᠷ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ
ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠨᠠᠮ᠎ᠤᠨ
ᠪᠠᠢᠭᠤᠯᠤᠯᠲᠠ᠎ᠶ᠋ᠢᠨ ᠰᠤᠳᠤᠯᠭᠠᠨ᠎ᠤ ᠠᠵᠢᠯ᠎ᠳᠤ ᠴᠢᠬᠤᠯᠠ ᠵᠢᠭᠠᠪᠤᠷᠢ ᠥᠭ᠌ᠴᠦ᠂ ᠱᠢᠨ᠎ᠡ ᠴᠠᠭ ᠦᠶ᠎ᠡ᠎ᠶ᠋ᠢᠨ
ᠨᠠᠮ᠎ᠤᠨ ᠪᠠᠢᠭᠤᠯᠤᠯᠲᠠ᠎ᠶ᠋ᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠦ᠍᠂ ᠱᠢᠨ᠎ᠡ
ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢ ᠠᠬᠢᠭᠤᠯᠬᠤ᠎ᠳᠤ ᠦᠷᠭᠦᠯᠵᠢᠯᠡᠨ ᠤᠶᠤᠨ ᠤᠬᠠᠭᠠᠨ ᠪᠠ ᠬᠦᠴᠦᠨ
ᠴᠢᠳᠠᠯ᠎ᠢᠶᠠᠨ ᠡᠷᠭᠦᠬᠦ᠌ ᠬᠡᠷᠡᠭᠲᠡᠢ ᠭᠡᠵᠦ᠍ ᠴᠢᠬᠤᠯᠠᠴᠢᠯᠠᠪᠠ᠃
ᠨᠡᠢᠭᠡᠮ
·ᠤᠢᠷ᠎ᠠ ᠵᠢᠨ ᠡᠳᠤᠷ ᠮᠠᠨ᠎ᠤ ᠤᠷᠤᠨ ᠪᠢᠴᠢᠭ ᠮᠠᠲᠸᠷᠢᠶᠡᠯ ᠪᠠᠭᠤᠯᠭᠠᠵᠤ 17 ᠵᠤᠷᠪᠤᠰ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ
ᠨᠡᠢᠲᠡᠯᠡᠵᠤ᠂ ᠶᠡᠬᠡ ᠳᠡᠭᠡᠳᠤ ᠰᠤᠷᠭᠠᠭᠤᠯᠢ ᠲᠡᠭᠦᠰᠦᠭᠰᠡᠨ ᠤᠶᠤᠲᠠᠳ᠎ᠢ ᠬᠢᠯᠢ ᠵᠢᠨ ᠬᠤᠰᠢᠭᠤ ᠰᠢᠶᠠᠨ ᠪᠠ
ᠴᠦᠬᠡᠨ ᠳᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠵᠤ ᠪᠠᠢᠭ᠎ᠠ ᠬᠤᠰᠢᠭᠤ ᠰᠢᠶᠠᠨ᠎ᠤ ᠦᠨᠳᠦᠰᠦᠨ
ᠱᠠᠳᠤᠨ᠎ᠳᠤ ᠬᠦᠷᠴᠤ᠂ ᠠᠵᠢᠯ ᠤᠯᠵᠤ ᠤᠢᠯᠡᠰ ᠪᠤᠰᠬᠠᠬᠤ ᠵᠢ ᠵᠤᠷᠢᠬᠵᠢᠭᠤᠯᠤᠨ ᠵᠢᠯᠤᠭᠤᠳᠪᠠ᠃
·ᠤᠢᠷ᠎ᠠ᠎ᠳᠤ ᠪᠤᠭᠤᠳᠤ ᠵᠢᠨ ᠪᠤᠯᠤᠳ ᠳᠡᠮᠤᠷ᠎ᠤᠨ ᠪᠦᠯᠦᠭᠯᠡᠯ᠎ᠤᠨ 1500 ᠲᠤᠨ ᠪᠦᠲᠦᠴᠡ᠎ᠳᠤ ᠪᠤᠯᠤᠳ ᠪᠡᠭᠡᠵᠢᠩ᠎ᠤᠨ ᠡᠪᠤᠯ᠎ᠤᠨ ᠤᠯᠠᠷᠢᠯ᠎ᠤᠨ
ᠤᠯᠢᠮᠫᠢᠺ᠎ᠤᠨ ᠳᠠᠮᠢᠷ᠎ᠤᠨ ᠴᠤᠬᠯᠠᠭᠠᠨ᠎ᠤ ᠴᠢᠭᠤᠯᠤᠯᠳᠤ ᠬᠠᠭᠠᠯᠭ᠎ᠠ ᠵᠢᠨ ᠤᠷᠤᠯᠳᠤᠭᠠᠨ᠎ᠤ ᠲᠤᠭᠤᠷᠢᠭ᠎ᠤᠨ
ᠭᠤᠤᠯ ᠳᠠᠯᠠᠪᠤᠷ᠎ᠤᠨ ᠠᠭᠤᠯᠠᠨ ᠭᠠᠵᠠᠷ᠎ᠤᠨ ᠳᠠᠮᠵᠢᠭᠤᠯᠤᠨ ᠨᠡᠪᠲᠡᠷᠡᠬᠦᠯᠬᠦ ᠲᠦᠪ᠎ᠤᠨ ᠪᠠᠷᠢᠯᠭ᠎ᠠ᠎ᠳᠤ ᠬᠡᠷᠡᠭᠯᠡᠭᠳᠡᠵᠤ᠂
ᠪᠡᠭᠡᠵᠢᠩ᠎ᠤᠨ ᠡᠪᠤᠯ᠎ᠤᠨ ᠤᠯᠠᠷᠢᠯ᠎ᠤᠨ ᠤᠯᠢᠮᠫᠢᠺ᠎ᠤᠨ ᠳᠠᠮᠢᠷ᠎ᠤᠨ ᠴᠤᠬᠯᠠᠭᠠᠨ᠎ᠳᠤ ᠦᠪᠤᠷ ᠮᠤᠩᠭᠤᠯ᠎ᠤᠨ
ᠭᠦᠴᠦᠨ᠎ᠢ ᠨᠡᠮᠡᠷᠢᠯᠡᠭᠰᠡᠨ ᠪᠠᠢᠨ᠎ᠠ᠃
·ᠤᠯᠠᠭᠠᠠᠬᠤᠳᠠ ᠵᠢᠨ ᠮᠤᠩᠭᠤᠯ ᠦᠨᠳᠦᠰᠦᠳᠡᠨ᠎ᠤ ᠪᠠᠭ᠎ᠠ ᠰᠤᠷᠭᠠᠭᠤᠯᠢ ᠪᠦᠬᠦ ᠤᠷᠤᠨ᠎ᠤ ᠦᠨᠳᠦᠰᠦᠳᠡᠨ᠎ᠤ
ᠪᠦᠯᠬᠦᠮᠳᠡᠯ ᠳᠠᠪᠰᠢᠯᠳᠠ ᠵᠢᠨ ᠵᠢᠱ᠌ᠢᠶᠡᠴᠢ ᠨᠢᠭᠡᠴᠢ ᠪᠡᠷ ᠦᠨᠡᠯᠡᠭᠳᠡᠪᠡ᠃

·2021 ᠤᠨ᠎ᠳᠤ ᠰᠢᠯᠢ ᠵᠢᠨ ᠭᠤᠤᠯ ᠠᠢᠮᠠᠭ ᠭᠤᠤᠯ ᠨᠠᠭᠤᠷ᠎ᠤᠨ ᠳᠠᠷᠤᠭ᠎ᠠ᠂ ᠤᠢ
ᠰᠢᠭᠤᠢ ᠵᠢᠨ ᠳᠠᠷᠤᠭ᠎ᠠ ᠵᠢᠨ ᠳᠦᠷᠢᠮ᠎ᠢ ᠪᠦᠬᠦ ᠳᠠᠯ᠎ᠡ ᠪᠡᠷ ᠬᠡᠷᠡᠭᠵᠢᠬᠦᠯᠵᠤ᠂ 80 ᠲᠦᠮᠡᠨᠮᠦ᠍ ᠵᠢᠨ ᠳᠠᠴᠢᠷᠰᠢᠬᠰᠠᠨ ᠳᠠᠯ᠎ᠠ ᠨᠤᠲᠤᠭ᠎ᠢ ᠰᠡᠷᠭᠦᠭᠡᠵᠤ᠂ ᠬᠦᠨᠳᠤ
ᠨᠤᠴᠢᠳᠠᠢ ᠡᠯᠡᠰᠦᠷᠬᠡᠭᠵᠢᠭᠰᠡᠨ 36 ᠲᠦᠮᠡᠨᠮᠦ᠍
ᠭᠠᠵᠠᠷ᠎ᠢ ᠵᠠᠰᠠᠨ ᠰᠠᠢᠵᠢᠷᠠᠭᠤᠯᠵᠤ᠂ ᠳᠠᠯ᠎ᠠ ᠨᠤᠲᠤᠭ᠎ᠤᠨ ᠤᠷᠭᠤᠮᠠᠯ᠎ᠤᠨ ᠪᠦᠷᠬᠦᠴᠡ ᠵᠢᠨ ᠨᠤᠷᠮ᠎ᠠ ᠵᠢ 50.7%᠎ᠳᠤ ᠬᠦᠷᠬᠡᠭᠰᠡᠨ
ᠪᠠᠢᠨ᠎ᠠ᠃
·ᠤᠯᠤᠰ᠎ᠤᠨ ᠲᠤᠭ᠎ᠠ ᠪᠦᠷᠢᠳᠬᠡᠯ᠎ᠤᠨ ᠳᠤᠪᠴᠢᠶ᠎ᠠ ᠵᠢᠨ ᠪᠠᠶᠠᠠᠨᠠᠭᠤᠷ ᠤᠨ ᠪᠠᠢᠴᠠᠭᠠᠯᠳᠠ ᠵᠢᠨ ᠠᠩᠬᠢ
ᠡᠴᠡ ᠤᠢᠯᠠᠭᠠᠬᠰᠠᠨ ᠵᠢᠡᠷ᠂ 2021 ᠤᠨ᠎ᠳᠤ ᠪᠠᠶᠠᠠᠨᠠᠭᠤᠷ
ᠬᠤᠳᠠ ᠵᠢᠨ ᠠᠮᠤ ᠪᠤᠳᠠᠭᠠᠨ᠎ᠤ ᠬᠤᠷᠢᠶᠠᠯᠳᠠ 56.21 ᠳ᠋ᠦᠩᠰᠢᠭᠤᠷ
ᠵᠢᠩ᠎ᠳᠤ ᠬᠦᠷᠴᠤ᠂ ᠳᠠᠬᠢᠨᠳᠠ ᠰᠢᠨ᠎ᠡ ᠳᠡᠮᠳᠡᠭᠯᠡᠯ᠎ᠢ ᠡᠭᠦᠳᠦᠭᠰᠡᠨ ᠪᠠᠢᠨ᠎ᠠ᠃
·ᠤᠢᠷ᠎ᠠ᠎ᠳᠤ ᠤᠯᠠᠭᠠᠠᠬᠠᠳᠠ ᠪᠤᠭᠤᠮᠳᠠ ᠨᠦᠬᠦᠴᠡᠯ᠎ᠳᠤ ᠨᠡᠢᠴᠡᠭᠰᠡᠨ ᠠᠵᠤ ᠠᠬᠤᠢᠯᠠᠯ᠎ᠤᠳ᠎ᠲᠦ ᠮᠠᠨᠵᠤᠤᠷ
ᠪᠤᠭᠤᠮᠳᠠ ᠵᠢᠨ ᠤᠷᠤᠨ᠎ᠤ ᠠᠩᠬᠠᠳᠠᠬᠴᠢ RCEP ᠤᠭ ᠭᠠᠷᠤᠯᠳᠠ ᠵᠢᠨ ᠤᠷᠤᠨ᠎ᠤ ᠦᠨᠡᠮᠯᠡᠯ᠎ᠢ ᠳᠠᠷᠬᠠᠭᠠᠪᠠ᠃
·ᠤᠷᠴᠢᠮᠬᠠᠨ ᠠᠯᠠᠱᠠ ᠵᠡᠬᠦᠨ ᠬᠤᠰᠢᠭᠤᠨ᠎ᠤ ᠳᠤᠳᠤᠭᠠᠳᠤ ᠵᠢ ᠬᠠᠮᠠᠭᠠᠯᠠᠬᠤ ᠳᠤᠪᠴᠢᠶ᠎ᠠ ᠬᠤᠯᠠᠭᠠᠢᠯᠠᠨ
ᠮᠡᠬᠡᠯᠡᠭᠰᠡᠨ ᠡᠳ᠋ ᠪᠤᠳᠠᠰ ᠮᠦᠩᠬᠦ ᠵᠢ ᠪᠤᠴᠠᠭᠠᠬᠤ ᠪᠤᠯᠤᠨ ᠴᠠᠬᠢᠯᠭᠠᠨ ᠬᠤᠯᠪᠤᠭ᠎ᠠ ᠰᠦᠯᠵᠢᠶᠡᠨ
ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠠᠵᠢᠯᠯᠠᠭ᠎ᠠ ᠦᠷᠨᠢᠬᠦᠯᠪᠡ᠃
·ᠤᠢᠷ᠎ᠠ ᠵᠢᠨ ᠡᠳᠤᠷ ᠮᠠᠯᠴᠢᠨ ᠠᠵᠤ ᠠᠬᠤᠢᠯᠠᠯᠳᠠᠨ ᠰᠤᠶᠤᠯᠳᠤ ᠰᠢᠯᠤᠭᠤᠨ ᠬᠦᠬᠡ ᠬᠤᠰᠢᠭᠤᠨ᠎ᠤ
ᠪᠤᠱᠤᠤᠳᠠᠢ ᠰᠤᠮᠤᠨ᠎ᠤ ᠪᠠᠶᠠᠠᠪᠤᠯᠠᠭ ᠭᠠᠴᠠᠭᠠᠨ᠎ᠤ 22 ᠭᠦᠴᠢᠷᠳᠡᠯᠳᠡᠢ ᠡᠷᠦᠬᠡ᠎ᠳᠤ ᠮᠠᠯ ᠤᠨᠤᠭᠠᠨ᠎ᠤ ᠲᠡᠵᠢᠭᠡᠯ ᠪᠤᠷᠳᠤᠭ᠎ᠠ ᠬᠦᠷᠭᠡᠵᠤ ᠳᠡᠮᠵᠢᠯᠭᠡ
ᠦᠵᠡᠬᠦᠯᠦᠭᠰᠡᠨ ᠪᠠᠢᠨ᠎ᠠ᠃
·ᠬᠦᠪᠡᠭᠡᠳᠤ ᠰᠢᠷ᠎ᠠ ᠬᠤᠰᠢᠭᠤᠨ᠎ᠤ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ
ᠵᠦᠪᠯᠡᠯ ᠨᠢ ᠳᠤᠯᠠᠭᠠᠯᠠᠭ᠎ᠠ ᠵᠢᠨ ᠬᠦᠷᠢᠶᠡᠨ᠎ᠤ ᠠᠰᠠᠭᠤᠳᠠᠯ᠎ᠢ《ᠪᠢ ᠤᠯᠠᠨ ᠲᠦᠮᠡᠨ᠎ᠳᠤ ᠪᠤᠳᠠᠳᠤ ᠶᠠᠪᠤᠳᠠᠯ ᠬᠢᠬᠦ》ᠤᠢᠯᠡᠳᠦᠯᠭᠡ ᠵᠢᠨ ᠠᠵᠢᠯᠯᠠᠭ᠎ᠠ᠎ᠳᠤ ᠤᠷᠤᠭᠤᠯᠵᠤ᠂ 31 ᠤᠳᠠᠭᠠᠨ᠎ᠤ ᠬᠢᠨᠠᠨ ᠪᠠᠢᠴᠠᠭᠠᠯᠳᠠ ᠦᠷᠨᠢᠬᠦᠯᠵᠤ᠂ 17 ᠠᠰᠠᠭᠤᠳᠠᠯ᠎ᠢ ᠢᠯᠡᠷᠡᠬᠦᠯᠵᠤ ᠠᠷᠠᠳ ᠤᠯᠠᠨ᠎ᠤ ᠨᠢᠳᠤᠨ ᠡᠮᠦᠨᠡᠬᠢ ᠠᠰᠠᠭᠤᠳᠠᠯ᠎ᠢ ᠦᠨᠡᠨᠬᠦ
ᠰᠢᠢᠳᠪᠤᠷᠢᠯᠡᠭᠰᠡᠨ ᠪᠠᠢᠨ᠎ᠠ᠃
·ᠰᠦᠨᠢᠳ ᠪᠠᠷᠠᠭᠤᠨ ᠬᠤᠰᠢᠭᠤᠨ᠎ᠤ ᠰᠠᠢᠬᠠᠠᠠᠦ᠋ᠯᠵᠠᠢ ᠰᠤᠮᠤᠨ᠎ᠤ ᠡᠬᠢᠡᠠᠤᠰᠤ ᠭᠠᠴᠠᠭ᠎ᠠ ᠬᠠᠮᠳᠤ ᠵᠢᠨ 6600 ᠮᠦ᠍ ᠨᠤᠲᠤᠭ ᠪᠡᠯᠴᠢᠭᠡᠷᠲᠡᠭᠡᠨ ᠰᠢᠯᠢᠳᠡᠭ ᠡᠭᠦᠯᠳᠡᠷ᠎ᠤᠨ ᠮᠢᠬᠠᠨ᠎ᠤ
ᠦᠬᠡᠷ᠎ᠤᠨ ᠲᠡᠵᠢᠭᠡᠨ ᠦᠷᠡᠵᠢᠬᠦᠯᠬᠦ ᠰᠠᠭᠤᠷᠢᠨ ᠪᠠᠢᠭᠤᠯᠵᠠᠢ᠃
·2022 ᠤᠨ᠎ᠤ ᠬᠤᠶᠠᠷ ᠤᠳᠠᠭᠠᠨ᠎ᠤ ᠴᠡᠷᠢᠭ ᠡᠯᠰᠡᠬᠦ ᠴᠠᠭ᠎ᠢ ᠲᠦᠷᠦᠭᠦᠭᠡᠨ
ᠳᠤᠬᠳᠠᠵᠤ᠂ ᠲᠤᠰ ᠪᠦᠷᠢ 2 ᠰᠠᠷ᠎ᠠ ᠵᠢᠨ 15 ᠡᠴᠡ 3 ᠰᠠᠷ᠎ᠠ ᠵᠢᠨ 31᠎ᠤ ᠡᠳᠤᠷ ᠪᠤᠯᠳᠠᠯ᠎ᠠ᠂ 8 ᠰᠠᠷ᠎ᠠ ᠵᠢᠨ 15 ᠡᠴᠡ 9 ᠰᠠᠷ᠎ᠠ ᠵᠢᠨ 30᠎ᠤ ᠡᠳᠤᠷ ᠪᠤᠯᠳᠠᠯ᠎ᠠ ᠶᠠᠪᠤᠬᠳᠠᠨ᠎ᠠ᠃
ᠰᠤᠶᠤᠯ

·ᠤᠢᠷ᠎ᠠ᠎ᠳᠤ ᠳᠠᠯ᠎ᠠ ᠨᠤᠲᠤᠭ᠎ᠤᠨ ᠺᠢᠨᠣ᠋ ᠵᠢᠨ ᠬᠤᠪᠢᠰᠬᠠᠯᠳᠤ ᠠᠶᠠᠨ ᠵᠢᠴᠢ ᠪᠡᠭᠡᠵᠢᠩ᠎ᠤᠨ
ᠦᠨᠳᠦᠰᠦᠳᠡᠨ᠎ᠤ ᠺᠢᠨᠣ᠋ ᠵᠢᠨ ᠦᠵᠡᠬᠦᠯᠬᠡ(ᠬᠦᠬᠡᠬᠤᠳᠠ ᠦᠷᠳᠡᠭᠡ)ᠵᠢᠨ ᠠᠵᠢᠯᠯᠠᠭ᠎ᠠ ᠬᠦᠬᠡᠬᠤᠳᠠ ᠵᠢᠨ ᠮᠦᠽᠸᠢ᠎ᠳᠤ ᠶᠠᠪᠤᠬᠳᠠᠵᠠᠢ᠃

·1 ᠰᠠᠷ᠎ᠠ ᠵᠢᠨ 20᠎ᠤ ᠡᠳᠤᠷ ᠦᠪᠡᠷᠲᠡᠭᠡᠨ
ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠳᠢᠩᠬᠢᠮ ᠡᠴᠡ ᠭᠤᠤᠯᠯᠠᠨ ᠡᠷᠬᠢᠯᠡᠵᠤ᠂ ᠰᠢᠯᠢ ᠵᠢᠨ ᠭᠤᠤᠯ
ᠠᠢᠮᠠᠭ᠎ᠤᠨ ᠰᠤᠷᠭᠠᠨ ᠬᠦᠮᠦᠵᠢᠯ᠎ᠤᠨ ᠳᠤᠪᠴᠢᠶ᠎ᠠ᠂ ᠰᠢᠯᠢᠩᠬᠤᠲᠠ ᠵᠢᠨ ᠰᠤᠷᠭᠠᠨ ᠬᠦᠮᠦᠵᠢᠯ᠎ᠤᠨ ᠳᠤᠪᠴᠢᠶ᠎ᠠ
ᠡᠴᠡ ᠳᠠᠭᠠᠭᠠᠴᠢᠯᠠᠨ ᠡᠷᠬᠢᠯᠡᠭᠰᠡᠨ《ᠬᠦᠰᠡᠯ
ᠲᠡᠷᠭᠡᠯᠰᠢᠬᠦᠯᠦᠭᠰᠡᠨ ᠡᠪᠤᠯ᠎ᠤᠨ ᠤᠯᠢᠮᠫᠢᠺ᠂ ᠰᠤᠷᠭᠠᠭᠤᠯᠢ ᠵᠢᠨ ᠬᠦᠷᠢᠶᠡᠨ᠎ᠳᠡᠬᠢ ᠴᠠᠰᠤ ᠮᠦᠰᠦᠨ᠎ᠤ
ᠠᠵᠢᠯᠯᠠᠭ᠎ᠠ》ᠶᠠᠪᠤᠬᠳᠠᠵᠤ᠂ ᠬᠠᠬᠢᠷ ᠬᠦᠢᠳᠡᠨ ᠡᠪᠤᠯᠢ
ᠬᠠᠯᠠᠭᠤᠨ ᠳᠤᠯᠠᠭᠠᠨ ᠵᠢᠡᠷ ᠪᠢᠯᠬᠠᠭᠤᠯᠵᠠᠢ᠃
ᠤᠢᠯᠡᠴᠢᠯᠡᠭᠡ

·ᠪᠤᠭᠤᠳᠤ ᠬᠤᠳᠠ ᠵᠢᠨ ᠡᠷᠡᠭᠦᠯ ᠬᠠᠮᠠᠭᠠᠯᠠᠯ ᠡᠷᠡᠬᠦᠯ ᠮᠡᠨᠳᠤ ᠵᠢᠨ ᠵᠦᠪᠯᠡᠯ᠎ᠤᠨ ᠬᠠᠷᠢᠶ᠎ᠠ ᠠᠵᠢᠯ
ᠤᠢᠯᠡᠰ᠎ᠤᠨ ᠨᠢᠭᠡᠴᠢ 135 ᠠᠵᠢᠯ ᠤᠢᠯᠡᠰ᠎ᠤᠨ
ᠨᠢᠭᠡᠴᠢ ᠵᠢᠨ ᠤᠷᠤᠨ ᠲᠤᠭ᠎ᠠ ᠲᠠᠢ ᠠᠵᠢᠯᠳᠠᠨ ᠡᠯᠰᠡᠬᠦ
ᠪᠡᠷ ᠪᠤᠢ᠃ ᠨᠠᠷᠢᠨ ᠠᠭᠤᠯᠭ᠎ᠠ ᠵᠢ ᠳᠤᠤᠷᠠᠬᠢ《阅读原文》ᠭᠡᠬᠦ ᠦᠰᠦᠭ᠎ᠢ
ᠳᠤᠪᠴᠢᠳᠠᠵᠤ ᠯᠠᠪᠯᠠᠬᠤ ᠪᠤᠯᠪᠠᠤ᠃

·ᠴᠠᠭᠠᠨ ᠼᠦ᠍ ᠵᠢ ᠠᠮᠪᠠᠨ ᠳᠡᠭᠡᠷ᠎ᠡ ᠰᠦᠷᠴᠢᠵᠤ ᠬᠠᠭᠠᠰ ᠴᠠᠭ ᠳᠠᠯᠪᠢᠬᠰᠠᠨᠤ ᠳᠠᠷᠠᠭ᠎ᠠ ᠤᠬᠢᠶᠠᠪᠠᠯ
ᠪᠠᠺᠲ᠋ᠸᠷᠢ ᠵᠢ ᠤᠰᠠᠳᠬᠠᠬᠤ ᠪᠡᠷ ᠪᠠᠷᠠᠬᠤ ᠦᠭᠡᠢ
ᠦᠨᠤᠷᠢ ᠠᠷᠢᠯᠭᠠᠵᠤ ᠳᠡᠢᠯᠦᠨ᠎ᠡ᠃
ᠵᠠᠯᠭᠠᠭᠠᠳ《ᠡᠷᠳᠡᠨᠢ ᠵᠢᠨ ᠴᠢᠮᠡᠭ》ᠳᠠᠭᠤᠤ ᠪᠡᠷ ᠠᠶ᠎ᠠ ᠪᠠᠷᠢᠵᠤ ᠨᠡᠪᠲᠡᠷᠡᠬᠦᠯᠭᠡ ᠪᠡᠨ ᠵᠢᠷᠭᠠᠭᠠᠶ᠎ᠠ᠃ ᠨᠡᠪᠲᠡᠷᠡᠬᠦᠯᠭᠡ ᠮᠠᠨᠢ ᠲᠠ
ᠪᠦᠬᠦᠨ᠎ᠳᠤ ᠲᠠᠭᠠᠯᠠᠬᠳᠠᠬᠰᠠᠨ ᠪᠤᠯ᠂ ᠤᠳᠤᠨ ᠳᠡᠮᠳᠡᠭ ᠱᠠᠩᠨᠠᠵᠦ ᠪᠢᠳᠡᠨ᠎ᠳᠤ ᠤᠷᠮ᠎ᠡ ᠬᠠᠢᠷᠠᠯᠠᠭᠠᠷᠠᠢ!ᠲᠠ
ᠪᠦᠬᠦᠨ ᠤ ᠬᠦᠯᠢᠶᠡᠨ ᠠᠪᠴᠤ ᠰᠤᠨᠤᠰᠤᠬᠰᠠᠨ᠎ᠳᠤ ᠪᠠᠶᠠᠷᠯᠠᠯ᠎ᠠ᠂ ᠪᠠᠶᠠᠷᠲᠠᠢ!
ᠨᠠᠢᠷᠠᠭᠤᠯᠤᠨ
ᠨᠡᠪᠲᠡᠷᠡᠬᠦᠯᠦᠭᠴᠢ/ ᠮᠡᠷᠭᠡᠵᠢᠯ᠄ ᠤᠷᠠᠨᠳᠠᠨ᠎ᠠ
ᠬᠢᠨᠠᠬᠴᠢ᠄ ᠨᠠᠷᠠᠨᠴᠢᠮᠡᠭ