
ᠴᠠᠭ ᠲᠦᠷᠦ
· ᠦᠪᠤᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ
ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠵᠢᠷᠭᠤᠳᠤᠭᠠᠷ ᠬᠤᠷᠠᠯ ᠦᠨᠤᠳᠤᠷ ᠬᠦᠬᠡᠬᠤᠳᠠ᠎ᠳᠤ
ᠦᠨᠳᠤᠷᠯᠡᠨᠡ᠃
·1 ᠰᠠᠷ᠎ᠠ ᠵᠢᠨ 23᠎ᠤ ᠡᠳᠤᠷ ᠳᠤᠮᠳᠠᠳᠤ
ᠤᠯᠤᠰ᠎ᠤᠨ ᠠᠷᠠᠳ᠎ᠤᠨ ᠤᠯᠤᠰ ᠲᠦᠷᠦ ᠵᠢᠨ ᠵᠦᠪᠯᠡᠯᠭᠡᠨ᠎ᠤ ᠦᠪᠤᠷ ᠮᠤᠩᠭᠤᠯ᠎ᠤᠨ ᠦᠪᠡᠷᠲᠡᠬᠡᠨ ᠵᠠᠰᠠᠬᠤ
ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠠᠪᠤᠳᠤᠭᠠᠷ ᠬᠤᠷᠠᠯ ᠬᠦᠬᠡᠬᠤᠳᠠ᠎ᠳᠤ
ᠠᠮᠵᠢᠯᠳᠠ ᠲᠠᠢ ᠲᠡᠭᠦᠰᠪᠡ᠃
ᠨᠡᠢᠭᠡᠮ
·ᠴᠠᠭᠠᠨ ᠰᠠᠷ᠎ᠠ ᠵᠢᠨ ᠬᠤᠭᠤᠴᠠᠭᠠᠨ᠎ᠳᠡᠬᠢ ᠬᠦᠴᠢᠷᠳᠡᠯᠳᠡᠢ ᠤᠯᠠᠨ ᠲᠦᠮᠡᠨ᠎ᠤ ᠠᠮᠢᠳᠤᠷᠠᠯ᠎ᠤᠨ
ᠪᠠᠳᠤᠯᠠᠭ᠎ᠠ ᠵᠢ ᠰᠠᠢᠳᠤᠷ ᠬᠢᠵᠤ᠂ ᠦᠨᠳᠦᠰᠦᠨ ᠵᠤᠢᠯ᠎ᠢ ᠪᠠᠳᠤᠯᠠᠬᠤ ᠡᠷᠴᠢᠮ᠎ᠢ ᠴᠢᠩᠭᠠᠷᠠᠭᠤᠯᠬᠤ ᠵᠢᠨ
ᠲᠦᠯᠦᠭᠡ ᠬᠦᠬᠡᠬᠤᠳᠠ ᠵᠢᠨ ᠡᠳ᠋᠎ᠤᠨ ᠵᠠᠰᠠᠭ᠎ᠤᠨ ᠳᠤᠪᠴᠢᠶ᠎ᠠ ᠲᠦᠷᠦᠭᠦᠭᠡᠨ 2022 ᠤᠨ᠎ᠤ ᠲᠦᠪ᠎ᠤᠨ ᠪᠠ ᠦᠪᠡᠷᠲᠡᠭᠡᠨ ᠵᠠᠰᠠᠬᠤ ᠤᠷᠤᠨ᠎ᠤ 2.6 ᠳ᠋ᠦᠩᠰᠢᠭᠤᠷ
ᠲᠦᠭᠦᠷᠢᠭ᠎ᠤᠨ ᠭᠦᠴᠢᠷᠳᠡᠯᠳᠡᠢ ᠤᠯᠠᠨ ᠲᠦᠮᠡᠨ᠎ᠢ ᠠᠪᠤᠷᠠᠨ ᠳᠤᠰᠠᠯᠠᠬᠤ ᠨᠦᠬᠦᠪᠤᠷᠢ ᠮᠦᠩᠬᠦ ᠵᠢ ᠤᠷᠢᠳᠴᠢᠯᠡᠨ
ᠪᠠᠭᠤᠯᠭᠠᠵᠤ᠂ ᠭᠦᠴᠢᠷᠳᠡᠯᠳᠡᠢ ᠤᠯᠠᠨ ᠲᠦᠮᠡᠨ᠎ᠤ ᠠᠮᠤᠷ ᠠᠮᠤᠭᠤᠯᠠᠩ ᠪᠠᠶᠠᠷ ᠪᠠᠶᠠᠰᠤᠯ ᠲᠠᠢ ᠰᠢᠨᠡᠯᠡᠬᠦ ᠵᠢ
ᠦᠨᠡᠨᠬᠦ ᠪᠠᠳᠤᠯᠠᠵᠤ ᠪᠤᠢ᠃
·ᠤᠢᠷ᠎ᠠ᠎ᠳᠤ ᠬᠦᠬᠡᠬᠤᠳᠠ ᠵᠢᠨ ᠵᠢᠮᠳᠤ ᠳᠡᠮᠤᠷ ᠵᠠᠮ᠎ᠤᠨ 1 ᠨᠤᠮᠸᠷᠳᠤ ᠱᠤᠭᠤᠮ ᠤᠯᠤᠰ᠎ᠤᠨ ᠴᠢᠨᠠᠷ ᠰᠠᠢᠳᠠᠢ ᠢᠨᠵᠸᠨ᠋ᠸᠷᠢᠩ᠎ᠤᠨ ᠱᠠᠩᠨᠠᠯ ᠬᠦᠷᠳᠡᠪᠡ᠃
·ᠬᠢᠩᠭᠠᠨ ᠠᠢᠮᠠᠭ《ᠪᠦᠬᠦ ᠤᠯᠤᠰ᠎ᠤᠨ
ᠦᠨᠳᠦᠰᠦᠳᠡᠨ᠎ᠤ ᠪᠦᠯᠬᠦᠮᠳᠡᠯ ᠳᠠᠪᠰᠢᠯᠳᠠ ᠵᠢᠨ ᠵᠢᠱᠢᠶ᠎ᠡ ᠦᠵᠡᠬᠦᠯᠬᠦ ᠠᠢᠮᠠᠭ》᠎ᠤᠨ ᠢᠷᠠᠭᠤ ᠠᠯᠳᠠᠷ᠎ᠢ ᠳᠠᠬᠢᠨᠳᠠ ᠬᠦᠷᠳᠡᠪᠡ᠃
·ᠤᠷᠠᠳ᠎ᠤᠨ ᠡᠮᠦᠨᠡᠳᠤ ᠬᠤᠰᠢᠭᠤᠨᠤᠳᠠ ᠶᠢᠦ ᠭᠦᠩ ᠳᠤᠰᠬᠤᠨ ᠰᠢᠭᠤᠳ ᠨᠡᠪᠲᠡᠷᠡᠬᠦᠯᠭᠡ ᠪᠡᠷ ᠨᠤᠲᠤᠭ᠎ᠤᠨ
ᠤᠨᠴᠠᠯᠢᠬᠳᠤ ᠲᠠᠷᠢᠶᠠᠯᠠᠩ᠎ᠤᠨ ᠪᠦᠲᠦᠭᠡᠭᠳᠡᠬᠦᠨ ᠵᠢᠡᠨ ᠭᠠᠳᠠᠬᠰᠢ ᠪᠤᠷᠤᠯᠠᠭᠤᠯᠵᠤ᠂ ᠬᠦᠳᠡᠭᠡ ᠳᠤᠰᠬᠤᠨ᠎ᠢ
ᠬᠦᠭᠵᠢᠬᠦᠯᠦᠨ ᠮᠠᠨᠳᠤᠭᠤᠯᠬᠤ ᠵᠢ ᠠᠬᠢᠭᠤᠯᠵᠤ᠂ ᠲᠠᠷᠢᠶᠠᠴᠢᠳ᠎ᠤᠨ ᠵᠢᠡᠨ ᠤᠷᠤᠯᠭ᠎ᠠ ᠵᠢ ᠨᠡᠮᠡᠭᠳᠡᠬᠦᠯᠵᠤ
ᠪᠠᠢᠨ᠎ᠠ᠃
·ᠤᠢᠷ᠎ᠠ᠎ᠳᠤ ᠵᠢᠶᠠᠩᠰᠢ ᠮᠤᠵᠢ ᠵᠢᠨ ᠹᠦᠵᠸᠦ ᠬᠤᠲᠠ ᠨᠢ ᠤᠯᠤᠰ᠎ᠤᠨ ᠲᠡᠤᠬᠡ ᠰᠤᠶᠤᠯ᠎ᠤᠨ ᠨᠡᠷᠡᠳᠤ
ᠬᠤᠳᠠ᠎ᠳᠤ ᠵᠢᠬᠰᠠᠭᠠᠬᠳᠠᠬᠰᠠᠨ ᠪᠠᠢᠨ᠎ᠠ᠃
·ᠳᠤᠮᠳᠠᠳᠤ ᠤᠯᠤᠰ᠎ᠤᠨ ᠭᠠᠵᠠᠷ ᠬᠦᠳᠡᠯᠦᠯᠳᠡ ᠵᠢᠨ ᠳᠤᠪᠴᠢᠶ᠎ᠠ ᠵᠢᠨ ᠵᠢᠩᠬᠢᠨᠢ ᠬᠢᠨᠠᠨ ᠬᠡᠮᠵᠢᠯᠳᠡ ᠪᠡᠷ
ᠳᠠᠮᠵᠢᠨ᠂ 1 ᠰᠠᠷ᠎ᠠ ᠵᠢᠨ 23᠎ᠤ ᠡᠳᠤᠷ᠎ᠤᠨ 10 ᠴᠠᠭ 21 ᠮᠢᠨᠦ᠋ᠲ᠎ᠲᠦ ᠬᠦᠬᠡᠨᠠᠭᠤᠷ ᠮᠤᠵᠢ ᠵᠢᠨ ᠬᠠᠢᠰᠢ ᠵᠸᠦ ᠵᠢᠨ ᠳᠡᠯᠡᠬᠡᠢ ᠬᠤᠳᠠ (ᠤᠮᠠᠷᠠᠳᠤ ᠦᠷᠭᠡᠷᠢᠭ᠎ᠤᠨ 38.44 ᠭᠷᠠᠳᠦ᠋ᠰ᠂ ᠵᠡᠬᠦᠨ ᠤᠷᠳᠤᠷᠢᠭ᠎ᠤᠨ 97.37 ᠭᠷᠠᠳᠦ᠋ᠰ)᠎ᠳᠤ 5.8 ᠳᠡᠰ᠎ᠤᠨ ᠭᠠᠵᠠᠷ ᠬᠦᠳᠡᠯᠦᠯᠳᠡ ᠡᠭᠦᠰᠴᠤ᠂ ᠭᠠᠵᠠᠷ ᠬᠦᠳᠡᠯᠦᠯᠳᠡ ᠵᠢᠨ ᠭᠤᠯᠤᠮᠳᠠ
ᠵᠢᠨ ᠭᠦᠨ᠎ᠤ ᠬᠡᠮᠵᠢᠶ᠎ᠡ ᠨᠢ 8 ᠺᠢᠯᠤᠮᠸᠲᠷ᠎ᠲᠦ ᠬᠦᠷᠦᠭᠰᠡᠨ
ᠭᠡᠵᠤ ᠳᠤᠬᠲᠠᠭᠠᠵᠠᠢ᠃

·ᠮᠠᠨ᠎ᠤ ᠤᠯᠤᠰ᠎ᠤᠨ 25 ᠮᠤᠵᠢ ᠤᠷᠤᠨ ᠬᠤᠲᠠ
ᠬᠦᠮᠦᠨ ᠠᠮᠠ ᠬᠢᠭᠡᠳ ᠲᠦᠯᠦᠪᠯᠡᠭᠡ᠎ᠳᠤ ᠦᠷᠡᠵᠢᠯ᠎ᠤᠨ ᠳᠦᠷᠢᠮ᠎ᠳᠤ ᠵᠠᠰᠠᠪᠤᠷᠢ ᠤᠷᠤᠭᠤᠯᠬᠤ ᠵᠢ
ᠪᠡᠶᠡᠯᠡᠬᠦᠯᠪᠡ᠃
·ᠤᠢᠷ᠎ᠠ᠎ᠳᠤ ᠰᠤᠷᠭᠠᠨ ᠬᠦᠮᠦᠵᠢᠯ᠎ᠤᠨ ᠶᠠᠮᠤᠨ ᠵᠡᠷᠭᠡ 8 ᠰᠠᠯᠠᠭ᠎ᠠ ᠮᠦᠴᠢᠷ ᠠᠵᠢᠯ ᠮᠡᠷᠭᠡᠵᠢᠯ᠎ᠤᠨ ᠰᠤᠷᠭᠠᠭᠤᠯᠢ ᠵᠢᠨ ᠰᠤᠷᠤᠬᠴᠢᠳ᠎ᠤᠨ ᠳᠠᠳᠤᠯᠭ᠎ᠠ ᠬᠢᠬᠦ
ᠬᠠᠮᠢᠶᠠᠷᠤᠯᠳᠠ ᠵᠢᠨ ᠳᠤᠬᠲᠠᠭᠠᠯ᠎ᠳᠤ ᠵᠠᠰᠠᠪᠤᠷᠢ ᠤᠷᠤᠭᠤᠯᠵᠤ᠂ ᠠᠵᠢᠯ ᠮᠡᠷᠭᠡᠵᠢᠯ᠎ᠤᠨ ᠰᠤᠷᠭᠠᠭᠤᠯᠢ ᠪᠠ
ᠳᠠᠳᠤᠯᠭ᠎ᠠ ᠬᠢᠬᠦ ᠨᠢᠭᠡᠴᠢ ᠰᠤᠷᠤᠬᠴᠢ ᠡᠴᠡ ᠳᠠᠳᠤᠯᠭ᠎ᠠ ᠵᠢᠨ ᠪᠠᠷᠢᠴᠠᠭᠠᠨ ᠮᠦᠩᠬᠦ ᠬᠤᠷᠢᠶᠠᠵᠤ ᠪᠤᠯᠬᠤ
ᠦᠭᠡᠢ ᠭᠡᠵᠤ ᠳᠤᠳᠤᠷᠬᠠᠢᠯᠠᠵᠠᠢ᠃
ᠰᠤᠶᠤᠯ
·ᠤᠢᠷ᠎ᠠ᠎ᠳᠤ ᠠᠷᠤ ᠬᠤᠷᠴᠢᠨ ᠬᠤᠰᠢᠭᠤᠨ᠎ᠤ 《ᠰᠤᠯᠤᠨ ᠬᠤᠨᠳᠠᠭᠠᠳᠤ》 ᠬᠤᠯᠪᠤᠭ᠎ᠠ ᠵᠢᠨ
ᠤᠷᠤᠯᠳᠤᠭᠠᠨ ᠵᠢᠴᠢ 《ᠭᠤᠷᠪᠠᠨ ᠴᠠᠭᠠᠨ ᠨᠠᠭᠤᠷ》 ᠬᠤᠨᠳᠠᠭᠠᠳᠤ ᠵᠤᠤ ᠤᠳᠠ ᠠᠷᠠᠳ᠎ᠤᠨ ᠳᠠᠭᠤᠤ᠂ ᠤᠷᠳᠤ ᠵᠢᠨ ᠳᠠᠭᠤᠤ ᠵᠢᠨ
ᠰᠦᠯᠵᠢᠶᠡᠨ ᠤᠷᠤᠯᠳᠤᠭᠠᠨ᠎ᠤ ᠱᠠᠩᠨᠠᠯ ᠤᠯᠭᠤᠬᠤ ᠶᠤᠰᠤᠯᠠᠯ ᠴᠢᠪᠠᠭ᠎ᠠ ᠪᠠᠯᠭᠠᠰᠤᠨ᠎ᠳᠤ ᠶᠠᠪᠤᠬᠳᠠᠬᠰᠠᠨ
ᠪᠠᠢᠨ᠎ᠠ᠃

·ᠰᠦᠨᠢᠳ ᠪᠠᠷᠠᠭᠤᠨ ᠬᠤᠰᠢᠭᠤ 2022 ᠤᠨ᠎ᠤ ᠤᠶᠤᠲᠠᠳ᠎ᠤᠨ
ᠴᠠᠭᠠᠨ ᠰᠠᠷ᠎ᠠ ᠵᠢᠨ ᠦᠳᠡᠰᠢᠯᠡᠭᠡ ᠵᠢ ᠠᠮᠵᠢᠯᠳᠠᠳᠠᠢ ᠰᠢᠩᠭᠡᠭᠡᠨ ᠤᠢᠯᠡᠳᠪᠠ᠃ ᠰᠦᠨᠢᠳ ᠪᠠᠷᠠᠭᠤᠨ
ᠬᠤᠰᠢᠭᠤᠨ᠎ᠤ ᠤᠶᠤᠲᠠᠳ᠎ᠤᠨ ᠤᠷᠠᠨ ᠰᠠᠢᠬᠠᠨ᠎ᠤ ᠳᠤᠬᠯᠠᠯᠳᠠ ᠨᠢ ᠳᠤᠰ ᠬᠤᠰᠢᠭᠤᠨ᠎ᠤ ᠲᠦᠷᠦᠯ ᠳᠡᠮᠳᠡᠭᠳᠤ
ᠠᠵᠢᠯᠯᠠᠭ᠎ᠠ ᠵᠢᠨ ᠨᠢᠭᠡ ᠪᠠᠢᠵᠤ᠂ 2014 ᠤᠨ ᠡᠴᠡ ᠤᠳᠤ
ᠪᠤᠯᠳᠠᠯ᠎ᠠ ᠨᠢᠭᠡᠨᠳᠡ 6 ᠤᠳᠠᠭᠠᠨ᠎ᠤ
ᠳᠤᠬᠯᠠᠯᠳᠠ ᠵᠢ ᠠᠮᠵᠢᠯᠳᠠ ᠲᠠᠢ ᠡᠷᠬᠢᠯᠡᠵᠤ᠂ 300 ᠰᠢᠬᠠᠮ ᠤᠶᠤᠲᠠᠨ ᠠᠵᠢᠯᠯᠠᠭ᠎ᠠ᠎ᠳᠤ ᠤᠷᠤᠯᠴᠠᠬᠰᠠᠨ ᠪᠦᠭᠡᠳ ᠡᠨᠡ ᠵᠢᠯ ᠠᠩᠬᠠᠳᠤᠭᠠᠷ ᠤᠳᠠᠭ᠎ᠠ ᠴᠠᠭᠠᠨ
ᠰᠠᠷ᠎ᠠ ᠵᠢᠨ ᠦᠳᠡᠰᠢᠯᠡᠭᠡ ᠵᠢᠨ ᠬᠡᠯᠪᠡᠷᠢ ᠪᠡᠷ ᠰᠢᠩᠭᠡᠭᠡᠨ ᠤᠢᠯᠡᠳᠦᠭᠰᠡᠨ ᠪᠠᠢᠨ᠎ᠠ᠃

·ᠤᠢᠷ᠎ᠠ᠎ᠳᠤ ᠡᠪ ᠬᠠᠮᠳᠤ ᠵᠠᠯᠠᠭᠤᠴᠤᠳ᠎ᠤᠨ ᠡᠪᠯᠡᠯ᠎ᠤᠨ ᠤᠯᠠᠭᠠᠠᠬᠤᠳᠠ ᠵᠢᠨ ᠬᠤᠷᠢᠶ᠎ᠠ《ᠬᠤᠤᠰ ᠤᠶᠠᠩᠭ᠎ᠠ》 ᠵᠢ ᠤᠯᠠᠨ ᠲᠦᠮᠡᠨ᠎ᠳᠤ ᠬᠦᠷᠭᠡᠬᠦ ᠠᠵᠢᠯᠯᠠᠭ᠎ᠠ ᠦᠷᠨᠢᠬᠦᠯᠵᠤ᠂ ᠤᠯᠠᠮᠵᠢᠯᠠᠯᠳᠤ ᠰᠤᠶᠤᠯ᠎ᠢ ᠤᠯᠠᠮ ᠨᠢᠬᠡ
ᠠᠯᠬᠤᠮ ᠤᠬᠠᠭᠤᠯᠤᠨ ᠳᠡᠯᠭᠡᠷᠡᠬᠦᠯᠵᠤ᠂ ᠦᠷᠭᠡᠨ ᠤᠯᠠᠨ ᠵᠠᠯᠠᠭᠤᠴᠤᠳ᠎ᠤᠨ ᠤᠶᠤᠨ ᠰᠠᠨᠠᠭ᠎ᠠ ᠰᠤᠶᠤᠯ᠎ᠤᠨ
ᠠᠮᠢᠳᠤᠷᠠᠯ᠎ᠢ ᠪᠠᠶᠠᠯᠢᠬᠵᠢᠭᠤᠯᠤᠬᠰᠠᠨ ᠪᠠᠢᠨ᠎ᠠ᠃

ᠤᠢᠯᠡᠴᠢᠯᠡᠭᠡ
·ᠪᠤᠭᠤᠳᠤ ᠬᠤᠳᠠ ᠵᠢᠨ ᠳᠤᠳᠤᠭᠠᠳᠤ ᠵᠢ ᠬᠠᠮᠠᠭᠠᠯᠠᠬᠤ ᠳᠤᠪᠴᠢᠶ᠎ᠠ ᠴᠢᠳᠠᠪᠤᠷᠢᠳᠠᠨ ᠤᠷᠢᠵᠤ ᠬᠡᠷᠡᠭᠯᠡᠬᠦ
ᠪᠡᠷ ᠪᠤᠢ᠃
·ᠰᠤᠩᠬᠢᠨ᠎ᠠ᠂ ᠰᠠᠷᠢᠮᠰᠠᠭ ᠵᠡᠷᠭᠡ ᠰᠤᠨᠢᠨ ᠦᠨᠤᠷ ᠳᠠᠢ ᠵᠤᠢᠯ᠎ᠢ ᠢᠳᠡᠭᠰᠡᠨ᠎ᠤ ᠳᠠᠷᠠᠭ᠎ᠠ ᠬᠡᠳᠤᠨ
ᠮᠦᠬᠦᠯᠢᠭ ᠯᠤᠬᠠᠱᠸᠩ ᠢᠳᠡᠪᠡᠯ ᠠᠮᠠᠨ ᠳᠤᠳᠤᠷᠠᠬᠢ ᠰᠤᠨᠢᠨ ᠦᠨᠤᠷᠢ ᠠᠷᠢᠯᠭᠠᠵᠤ ᠳᠡᠢᠯᠤᠨᠡ᠃

ᠵᠠᠯᠭᠠᠭᠠᠳ《ᠪᠤᠳᠤᠯ᠎ᠳᠤ ᠲᠡᠷᠭᠡᠯᠰᠢᠬᠦ ᠨᠤᠲᠤᠭ》ᠳᠠᠭᠤᠤ ᠪᠡᠷ ᠠᠶ᠎ᠠ ᠪᠠᠷᠢᠵᠤ ᠨᠡᠪᠲᠡᠷᠡᠬᠦᠯᠭᠡ ᠪᠡᠨ ᠵᠢᠷᠭᠠᠭᠠᠶ᠎ᠠ᠃
ᠨᠡᠪᠲᠡᠷᠡᠬᠦᠯᠭᠡ ᠮᠠᠨᠢ ᠲᠠ ᠪᠦᠬᠦᠨ᠎ᠳᠤ ᠲᠠᠭᠠᠯᠠᠬᠳᠠᠬᠰᠠᠨ ᠪᠤᠯ᠂ ᠤᠳᠤᠨ ᠳᠡᠮᠳᠡᠭ ᠱᠠᠩᠨᠠᠵᠦ ᠪᠢᠳᠡᠨ᠎ᠳᠤ
ᠤᠷᠮ᠎ᠡ ᠬᠠᠢᠷᠠᠯᠠᠭᠠᠷᠠᠢ!ᠲᠠ ᠪᠦᠬᠦᠨ ᠤ ᠬᠦᠯᠢᠶᠡᠨ ᠠᠪᠴᠤ ᠰᠤᠨᠤᠰᠤᠬᠰᠠᠨ᠎ᠳᠤ ᠪᠠᠶᠠᠷᠯᠠᠯ᠎ᠠ᠂ ᠪᠠᠶᠠᠷᠲᠠᠢ!
ᠨᠠᠢᠷᠠᠭᠤᠯᠤᠨ
ᠨᠡᠪᠲᠡᠷᠡᠬᠦᠯᠦᠭᠴᠢ/ ᠮᠡᠷᠭᠡᠵᠢᠯ᠄ ᠤᠷᠠᠨᠳᠠᠨ᠎ᠠ
ᠬᠢᠨᠠᠬᠴᠢ᠄ ᠨᠠᠷᠠᠨᠴᠢᠮᠡᠭ