
ᠴᠠᠭ ᠲᠦᠷᠦ
• 1 ᠰᠠᠷ᠎ᠠ ᠵᠢᠨ 23᠎ᠤ ᠡᠳᠦᠷ᠂ ᠨᠠᠮ᠎ᠤᠨ ᠲᠦᠪ ᠬᠤᠷᠢᠶᠠᠨ᠎ᠤ ᠤᠬᠠᠭᠤᠯᠬᠤ ᠬᠡᠯᠳᠡᠰ ᠡᠴᠡ ᠵᠤᠬᠢᠶᠠᠨ ᠪᠠᠢᠭᠤᠯᠵᠤ ᠨᠠᠢᠷᠠᠭᠤᠯᠤᠨ ᠪᠢᠴᠢᠭᠰᠡᠨ《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠤᠷᠳᠠᠯ ᠤᠬᠠᠭᠤᠯᠭ᠎ᠠ ᠵᠢᠨ ᠠᠵᠢᠯ᠎ᠤᠨ ᠳᠤᠪᠴᠢ ᠲᠡᠤᠬᠡ》ᠬᠡᠮᠡᠬᠦ ᠨᠤᠮ᠎ᠢ ᠠᠷᠠᠳ᠎ᠤᠨ ᠬᠡᠪᠯᠡᠯ᠎ᠤᠨ ᠬᠤᠷᠢᠶ᠎ᠠ ᠡᠴᠡ ᠬᠡᠪᠯᠡᠭᠦᠯᠵᠦ᠂ ᠪᠦᠬᠦ ᠤᠯᠤᠰ᠎ᠲᠦ ᠳᠠᠷᠬᠠᠭᠠᠬᠰᠠᠨ ᠪᠠᠢᠨ᠎ᠠ᠃
ᠨᠡᠢᠭᠡᠮ
• 2021 ᠤᠨ᠎ᠳᠦ ᠬᠦᠬᠡᠬᠤᠳᠠ ᠵᠢᠨ ᠬᠦᠮᠦᠨ ᠪᠦᠷᠢᠳᠦ ᠨᠤᠬᠳᠠᠬᠤ ᠴᠡᠴᠡᠷᠯᠢᠭ᠎ᠤᠨ ᠨᠤᠭᠤᠭᠠᠨ ᠳᠠᠯᠠᠪᠠᠢ 0.14 ᠲᠡᠭᠰᠢ ᠲᠦᠷᠪᠡᠯᠵᠢᠨ ᠮᠧᠲᠷ ᠨᠡᠮᠡᠭᠳᠡᠪᠡ᠃
• ᠤᠢᠷ᠎ᠠ ᠵᠢᠨ ᠡᠳᠦᠷ ᠤᠯᠠᠭᠠᠨᠬᠠᠳᠠ ᠬᠤᠳᠠ ᠵᠢᠨ ᠬᠡᠰᠢᠭᠳᠡᠨ ᠬᠤᠰᠢᠭᠤᠨ᠎ᠤ 《ᠨᠡᠷᠡᠭᠦᠢ》 ᠬᠤᠪᠴᠠᠰᠤᠨ᠎ᠤ ᠳᠡᠯᠭᠡᠭᠦᠷ᠎ᠤᠨ ᠳᠠᠭᠠᠭᠠᠮᠠᠯ ᠤᠶᠤᠨᠳᠠᠯᠠᠢ ᠵᠡᠷᠭᠡ 13 ᠵᠠᠯᠠᠭᠤ ᠳᠠᠷᠬᠠᠠᠠᠠᠭᠤᠯᠠ ᠰᠤᠮᠤᠨ᠎ᠤ 14 ᠬᠦᠴᠢᠷᠳᠡᠯᠳᠡᠢ ᠡᠷᠦᠬᠡ᠎ᠳᠦ ᠭᠤᠯᠢᠷ ᠪᠤᠳᠠᠭ᠎ᠠ᠂ ᠢᠳᠡᠬᠡᠨ᠎ᠤ ᠳᠤᠰᠤ ᠵᠡᠷᠭᠡ ᠠᠮᠢᠳᠤᠷᠠᠯ᠎ᠤᠨ ᠡᠳ᠋ ᠪᠤᠳᠠᠰ ᠬᠦᠷᠬᠡᠪᠡ᠃
• ᠰᠢᠨ᠎ᠡ ᠪᠠᠷᠭᠤ ᠪᠠᠷᠠᠭᠤᠨ ᠬᠤᠰᠢᠭᠤᠨ᠎ᠤ ᠳᠠᠯᠠᠢ ᠰᠤᠮᠤ ᠤᠢᠷ᠎ᠠ ᠵᠢᠨ ᠡᠳᠦᠷ ᠰᠢᠨ᠎ᠡ ᠴᠠᠭ ᠦᠶ᠎ᠡ ᠵᠢᠨ ᠪᠤᠯᠪᠠᠰᠤᠨ᠎ᠤ ᠦᠢᠯᠡᠳᠦᠯᠬᠡ ᠵᠢᠨ ᠰᠠᠢᠨ ᠳᠤᠷ᠎ᠠ ᠵᠢᠨ ᠦᠢᠯᠡᠴᠢᠯᠡᠬᠡ ᠪᠡᠷ ᠰᠢᠨ᠎ᠡ ᠵᠢᠯ ᠵᠢᠨᠨ ᠤᠬᠳᠤᠬᠤ ᠠᠵᠢᠯᠯᠠᠭ᠎ᠠ ᠦᠷᠨᠢᠭᠦᠯᠦᠭᠰᠡᠨ ᠪᠠᠢᠨ᠎ᠠ᠃
• ᠬᠠᠮᠤᠭ᠎ᠤᠨ ᠰᠢᠨ᠎ᠡ ᠲᠠᠷᠢᠶᠠᠯᠠᠩ᠎ᠤᠨ ᠪᠠᠢᠳᠠᠯ᠎ᠤᠨ ᠳᠤᠬᠢᠷᠠᠭᠤᠯᠭ᠎ᠠ᠎ᠳᠦ ᠢᠯᠡᠷᠡᠭᠦᠯᠦᠭᠰᠡᠨ ᠵᠢᠨᠷ᠂ ᠤᠷᠴᠢᠮ᠎ᠤᠨ ᠬᠤᠭᠤᠴᠠᠭᠠᠨ᠎ᠤ ᠪᠤᠷᠤᠭᠠᠨ ᠴᠠᠰᠤ ᠲᠠᠢ ᠠᠭᠤᠷ ᠠᠮᠢᠰᠬᠤᠯ ᠨᠢ ᠪᠤᠭᠤᠳᠠᠢ ᠵᠢᠨ ᠠᠮᠤᠷ ᠲᠦᠪᠰᠢᠨ ᠡᠪᠦᠯ᠎ᠢ ᠥᠩᠬᠡᠷᠡᠭᠦᠯᠬᠦᠳᠦ ᠮᠠᠰᠢ ᠠᠰᠢᠬᠳᠠᠢ ᠭᠡᠪᠡ᠃
• ᠤᠷᠤᠨ ᠰᠠᠭᠤᠴᠠ ᠪᠠ ᠬᠤᠳᠠ ᠬᠦᠳᠡᠬᠡ ᠵᠢᠨ ᠪᠦᠲᠦᠭᠡᠨ ᠪᠠᠢᠭᠤᠯᠤᠯᠳᠠ ᠵᠢᠨ ᠶᠠᠮᠤᠨ᠎ᠤ ᠤᠢᠷ᠎ᠠ ᠵᠢᠨ ᠡᠳᠦᠷ ᠨᠡᠢᠳᠡᠯᠡᠭᠰᠡᠨ ᠮᠡᠳᠡᠬᠡ᠎ᠶᠢ ᠦᠨᠳᠦᠰᠦᠯᠡᠪᠡᠯ᠂ 2021 ᠤᠨ᠎ᠳᠦ ᠪᠦᠬᠦ ᠤᠯᠤᠰ᠎ᠲᠦ 5.56 ᠲᠦᠮᠡᠨ ᠬᠤᠳᠠ ᠪᠠᠯᠭᠠᠰᠤᠨ᠎ᠤ ᠬᠠᠭᠤᠴᠢᠨ ᠰᠠᠭᠤᠭᠠᠯᠢ ᠠᠷᠠᠳ᠎ᠤᠨ ᠲᠤᠭᠤᠷᠢᠭ᠎ᠢ ᠦᠭᠡᠷᠡᠴᠢᠯᠡᠨ ᠰᠠᠢᠵᠢᠷᠠᠭᠤᠯᠬᠤ ᠠᠵᠢᠯ᠎ᠢ ᠭᠠᠷᠳᠠᠨ ᠬᠢᠵᠦ᠂ 965 ᠲᠦᠮᠡᠨ ᠰᠠᠭᠤᠭᠠᠯᠢ ᠠᠷᠠᠳ᠎ᠲᠦ ᠬᠠᠷᠠᠭᠠᠯᠵᠠᠯ ᠦᠵᠡᠬᠦᠯᠦᠭᠰᠡᠨ ᠪᠠᠢᠨ᠎ᠠ᠃
• ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ ᠵᠠᠷᠯᠠᠯ᠎ᠢ ᠦᠨᠳᠦᠰᠦᠯᠡᠪᠡᠯ᠂ 2021 ᠤᠨ᠎ᠳᠦ ᠪᠦᠬᠦ ᠤᠯᠤᠰ᠎ᠲᠦ ᠤᠷᠴᠢᠨ ᠲᠤᠭᠤᠷᠢᠨ᠎ᠤ ᠵᠠᠰᠠᠬ ᠵᠠᠬᠢᠷᠭᠠᠨ᠎ᠤ ᠰᠢᠢᠳᠬᠡᠯ᠎ᠤᠨ ᠳᠤᠭᠳᠠᠭᠠᠯ᠎ᠤᠨ ᠪᠢᠴᠢᠭ᠎ᠢ 13.28 ᠲᠦᠮᠡᠨ ᠬᠤᠪᠢ ᠪᠠᠭᠤᠯᠭᠠᠵᠤ᠂ ᠳᠤᠷᠭᠠᠵᠤ ᠬᠤᠷᠢᠶᠠᠬᠰᠠᠨ ᠵᠤᠭᠤᠰ᠎ᠤᠨ ᠳᠤᠭ᠎ᠠ 116.87 ᠳ᠋ᠦᠩᠰᠢᠭᠤᠷ ᠲᠦᠬᠦᠷᠢᠭ ᠬᠦᠷᠦᠭᠰᠡᠨ ᠪᠠᠢᠨ᠎ᠠ᠃
• 1 ᠰᠠᠷ᠎ᠠ ᠵᠢᠨ 23᠎ᠤ ᠡᠳᠦᠷ᠂ ᠳᠠᠷᠤᠢ ᠴᠠᠭᠠᠨ ᠰᠠᠷ᠎ᠠ᠎ᠶ᠋ᠢᠨ ᠵᠦᠬᠡᠬᠡᠪᠦᠷᠢ ᠵᠢᠨ ᠡᠬᠢᠯᠡᠭᠰᠡᠨ ᠳᠤᠯᠤᠳᠤᠭᠠᠷ ᠡᠳᠦᠷ᠂ ᠪᠦᠬᠦ ᠤᠯᠤᠰ᠎ᠤᠨ ᠤᠷᠢᠳᠴᠢᠯᠠᠨ ᠲᠦᠰᠦᠪᠯᠡᠭᠰᠡᠨ ᠠᠶᠠᠨᠴᠢᠳ ᠵᠦᠬᠡᠬᠡᠪᠦᠷᠢᠯᠡᠭᠰᠡᠨ ᠳᠤᠭ᠎ᠠ 2664 ᠲᠦᠮᠡᠨ ᠬᠦᠮᠦᠨ ᠤᠳᠠᠭ᠎ᠠ᠎ᠳᠦ ᠬᠦᠷᠦᠭᠰᠡᠨ ᠪᠠᠢᠨ᠎ᠠ᠃
ᠰᠤᠶᠤᠯ
• ᠤᠢᠷ᠎ᠠ ᠵᠢᠨ ᠡᠳᠦᠷ ᠰᠤᠷᠪᠤᠯᠵᠢᠯᠠᠬᠴᠢ ᠥᠪᠡᠷᠳᠡᠭᠡᠨ ᠵᠠᠰᠠᠬᠤ ᠤᠷᠤᠨ᠎ᠤ ᠪᠡᠶ᠎ᠠ ᠵᠢᠨ ᠲᠠᠮᠢᠷ᠎ᠤᠨ ᠳᠤᠪᠴᠢᠶ᠎ᠠ ᠡᠴᠡ ᠤᠢᠯᠠᠭᠠᠬᠰᠠᠨ ᠵᠢᠨᠷ᠂ ᠮᠠᠨ᠎ᠤ ᠤᠷᠤᠨ᠎ᠤ ᠬᠠᠨ ᠮᠧᠢ᠂ ᠹᠠᠨ ᠳ᠋ᠦᠸᠸ ᠶᠤᠤ᠂ ᠵᠤᠤ ᠳ᠋ᠠᠨ᠂ ᠴᠦ ᠶᠤᠸᠠᠨ ᠮᠧᠨᠭ᠂ ᠳ᠋ᠢᠩ ᠢᠦᠢ ᠬᠤᠸᠠᠨ ᠵᠡᠷᠭᠡ 5 ᠲᠠᠮᠢᠷᠴᠢᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠳᠦ ᠤᠷᠤᠯᠴᠠᠬᠤ ᠪᠡᠷ ᠪᠤᠢ᠃
• 1 ᠰᠠᠷ᠎ᠠ ᠵᠢᠨ 23᠎ᠤ ᠡᠳᠦᠷ 《ᠳᠤᠮᠳᠠᠳᠤ ᠵᠢᠨ ᠦᠨᠳᠦᠰᠦᠳᠡᠨ ᠪᠦᠬᠦᠨ ᠨᠢᠬᠡ ᠬᠡᠷ ᠪᠦᠯᠢ ᠵᠢᠨ ᠬᠢᠨ ᠮᠡᠳᠦ ᠳᠤᠳᠤᠨᠤ ᠪᠠᠢᠵᠤ᠂ ᠪᠤᠳᠠᠰ᠎ᠤᠨ ᠪᠤᠰᠤ ᠰᠤᠶᠤᠯ᠎ᠤᠨ ᠥᠪ ᠵᠢᠨᠨ ᠤᠯᠠᠮᠵᠢᠯᠠᠨ ᠰᠢᠨ᠎ᠡ ᠵᠢᠯ ᠵᠢᠨᠨ ᠪᠡᠯᠭᠡᠯᠡᠬᠦ》ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠢ ᠤᠬᠳᠤᠬᠤ 2022 ᠤᠨ᠎ᠤ ᠰᠦᠨᠢᠳ ᠵᠡᠬᠦᠨ ᠬᠤᠰᠢᠭᠤᠨ᠎ᠤ ᠪᠤᠳᠠᠰ᠎ᠤᠨ ᠪᠤᠰᠤ ᠰᠤᠶᠤᠯ᠎ᠤᠨ ᠥᠪ᠎ᠤᠨ ᠴᠤᠬᠯᠠᠭᠠᠨ ᠶᠠᠪᠤᠬᠳᠠᠪᠠ᠃
• ᠤᠷᠳᠤᠰ ᠬᠤᠳᠠ ᠵᠢᠨ ᠤᠤᠭᠠᠯ ᠰᠤᠷᠭᠠᠯᠳᠠ ᠵᠢᠨ ᠲᠦᠪ᠎ᠤᠨ ᠬᠢᠶ᠎ᠡ ᠪᠠᠬᠰᠢ ᠲᠤᠭᠤᠷᠢᠭ ᠲᠡᠭ᠎ᠢ ᠬᠤᠪᠢᠶᠠᠷᠢ ᠰᠤᠷᠭᠠᠭᠤᠯᠢ ᠨᠢ ᠤᠢᠷ᠎ᠠ ᠵᠢᠨ ᠡᠳᠦᠷ ᠳᠤᠯᠤᠳᠤᠭᠠᠷ ᠤᠳᠠᠭᠠᠨ᠎ᠤ ᠬᠠᠷᠢᠭᠤ ᠮᠡᠳᠡᠭᠦᠯᠦᠯᠳᠡ ᠵᠢᠨ ᠳᠤᠬᠯᠠᠯᠳᠠ ᠪᠡᠨ ᠡᠷᠬᠢᠯᠡᠨ ᠶᠠᠪᠤᠬᠳᠠᠭᠤᠯᠵᠤ᠂ ᠪᠠᠭᠠᠴᠤᠳ ᠬᠡᠤᠬᠡᠳ᠎ᠤᠨ ᠬᠡᠯᠡ ᠶᠠᠷᠢᠶᠠᠨ᠎ᠤ ᠠᠪᠢᠶᠠᠰ ᠪᠢᠯᠢᠭ᠎ᠢ ᠤᠯᠠᠨ᠎ᠳᠦ ᠭᠠᠢᠬᠠᠭᠤᠯᠤᠯ᠎ᠠ᠃
• 1 ᠰᠠᠷ᠎ᠠ ᠵᠢᠨ 22᠎ᠤᠨ ᠤᠷᠤᠢ 2022 ᠤᠨ᠎ᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠤ ᠡᠬᠢᠯᠡᠯᠳᠡ ᠵᠢᠨ ᠶᠤᠰᠤᠯᠠᠯ᠎ᠤᠨ ᠰᠤᠷᠢᠯᠲᠠ ᠪᠤᠯᠪᠠᠰᠤᠷᠠᠯ 《ᠰᠢᠨᠭᠭᠡᠯᠢᠭ ᠤᠷᠳᠤᠨ》᠎ᠳᠦ ᠶᠠᠪᠤᠬᠳᠠᠪᠠ᠃

ᠦᠢᠯᠡᠴᠢᠯᠡᠭᠡ
• ᠬᠦᠬᠡᠬᠤᠳᠠ ᠵᠢᠨ ᠷᠠᠳᠢᠣ᠋ ᠲᠧᠯᠸᠢᠰ ᠬᠤᠷᠢᠶ᠎ᠠ ᠢᠯᠡ ᠪᠡᠷ 10 ᠭᠡᠷ᠎ᠡ ᠵᠢᠨ ᠠᠵᠢᠯᠳᠠᠨ ᠡᠯᠰᠡᠬᠦ ᠪᠡᠷ ᠪᠤᠢ᠃ ᠨᠠᠷᠢᠨ ᠠᠭᠤᠯᠭ᠎ᠠ ᠶ᠋ᠢ ᠳᠤᠤᠷᠠᠬᠢ ᠬᠤᠯᠪᠤᠭᠠᠰᠤ ᠶ᠋ᠢ ᠲᠤᠪᠴᠢᠳᠠᠵᠤ ᠦᠵᠡᠭᠡᠷᠡᠢ! (https://mp.weixin.qq.com/s/GzwGgnBLMRRvXdKrL8eY9g?scene=25#wechat_redirect)
• ᠬᠤᠭᠤᠴᠠᠭ᠎ᠠ ᠨᠢ ᠥᠩᠭᠡᠷᠡᠭᠰᠡᠨ ᠭᠠᠷᠤᠨ ᠳᠤᠰᠤ᠎ᠶᠢ ᠭᠠᠷ ᠲᠠᠭᠠᠨ ᠲᠦᠷᠬᠢᠵᠦ ᠪᠤᠯᠬᠤ ᠦᠭᠡᠢ ᠪᠤᠯᠪᠠᠴᠤ ᠠᠷᠠᠰᠤᠨ ᠱᠠᠬᠠᠢ ᠪᠡᠨ ᠳᠤᠰᠤᠯᠠᠪᠠᠯ ᠱᠠᠬᠠᠢ᠎ᠶᠢ ᠤᠯᠠᠮ ᠬᠦᠯᠢᠭᠡᠷ ᠰᠠᠢᠬᠠᠨ ᠬᠠᠷᠠᠬᠳᠠᠭᠤᠯᠳᠠᠭ᠃
ᠵᠠᠯᠭᠠᠭᠠᠳ 《ᠨᠠᠷᠠᠨ᠎ᠤ ᠪᠦᠪᠠᠢ ᠲᠠᠢ ᠨᠤᠳᠤᠭ》 ᠲᠠᠭᠤᠤ ᠪᠡᠷ ᠠᠶ᠎ᠠ ᠪᠠᠷᠢᠵᠦ᠍ ᠨᠡᠪᠳᠡᠷᠡᠭᠦᠯᠭᠡ ᠪᠡᠨ ᠵᠢᠷᠭᠠᠭᠠᠶ᠎ᠠ᠃ ᠨᠡᠪᠲᠡᠷᠡᠭᠦᠯᠭᠡ ᠮᠠᠨᠢ ᠲᠠ ᠪᠦᠬᠦᠨ᠎ᠳᠤ ᠲᠠᠭᠠᠯᠠᠬ᠍ᠳᠠᠬ᠍ᠰᠠᠨ ᠪᠤᠯ᠂ ᠪᠢᠳᠡᠨ ᠳᠤ ᠤᠷᠮ᠎ᠠ ᠬᠠᠢ᠌ᠷᠠᠯᠠᠭᠠᠷᠠᠢ! ᠲᠠ ᠪᠦᠬᠦᠨ ᠤ ᠬᠦᠯᠢᠶᠡᠨ ᠠᠪᠴᠤ᠌ ᠰᠤᠨᠤᠰᠤᠬ᠍ᠰᠠᠨ ᠳᠤ ᠪᠠᠶᠠᠷᠯᠠᠯ᠎ᠠ᠂ ᠪᠠᠶᠠᠷᠳᠠᠢ!
ᠨᠠᠢᠷᠠᠭᠤᠯᠤᠨ ᠨᠡᠪᠳᠡᠷᠡᠭᠦᠯᠦᠭᠴᠢ / ᠮᠡᠷᠭᠡᠵᠢᠯ᠄ ᠪᠠᠶᠠᠷᠴᠡᠩᠭᠡᠯ
ᠬᠢᠨᠠᠬᠴᠢ᠄ ᠰᠢᠯᠢᠨᠭᠡᠷᠡᠯ