1 ᠰᠠᠷ᠎ᠠ ᠎ᠶ᠋ᠢᠨ 26 ᠎ᠦ ᠡᠳᠦᠷ
ᠡᠬᠢᠯᠡᠬᠦ᠌ ᠴᠠᠭ᠄
2022-01-26 09:24:24
ᠨᠠᠶ᠋ᠢᠷᠠᠭᠤᠯᠤᠭᠴᠢ ᠄
ᠲᠣᠲᠥᠷᠬᠠᠢ ᠦᠭᠡᠢ
ᠨᠡᠪᠲᠡᠷᠡᠬᠦᠯᠦᠭᠴᠢ ᠄
ᠲᠣᠲᠥᠷᠬᠠᠢ ᠦᠭᠡᠢ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

语音播报封面2022.1.26.jpg


ᠴᠠᠭ ᠲᠦᠷᠦ

•  1 ᠰᠠᠷ᠎ᠠ ᠵᠢᠨ 25᠎ᠤ ᠡᠳᠦᠷ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠦ ᠮᠠᠨ᠎ᠤ ᠤᠯᠤᠰ ᠪᠤᠯᠤᠨ ᠳᠤᠮᠳᠠᠳᠤ ᠠᠽᠢᠶ᠎ᠠ ᠵᠢᠨ ᠳᠠᠪᠤᠨ ᠤᠯᠤᠰ ᠲᠠᠢ ᠭᠠᠳᠠᠭᠠᠳᠤ ᠬᠠᠷᠢᠯᠴᠠᠭ᠎ᠠ ᠪᠠᠢᠭᠤᠯᠤᠬᠰᠠᠨ 30 ᠵᠢᠯ᠎ᠤᠨ ᠤᠢ ᠵᠢᠨ ᠸᠢᠳᠢᠣ᠋ ᠬᠤᠷᠠᠯ᠎ᠢ ᠡᠷᠬᠢᠯᠡᠨ ᠶᠠᠪᠤᠬᠳᠠᠭᠤᠯᠤᠬᠰᠠᠨ ᠪᠠᠢᠨ᠎ᠠ᠃ 

 • ᠲᠦᠷᠦ ᠵᠢᠨ ᠶᠠᠪᠤᠳᠠᠯ᠎ᠤᠨ ᠬᠤᠷᠢᠶ᠎ᠠ ᠤᠢᠷ᠎ᠠ᠎ᠳᠦ《〈ᠠᠷᠪᠠᠨ ᠲᠦᠷᠪᠡᠳᠦᠭᠡᠷ ᠳᠠᠪᠤᠨ ᠵᠢᠯ〉᠎ᠤᠨ ᠲᠦᠯᠦᠪᠵᠢᠭᠦᠯᠬᠡ ᠵᠢᠨ ᠡᠨᠧᠷᠬᠢ ᠠᠷᠪᠢᠯᠠᠨ ᠪᠤᠬᠢᠷᠳᠤᠯ᠎ᠢ ᠪᠠᠭᠠᠰᠬᠠᠬᠤ ᠶᠡᠷᠦᠩᠬᠡᠢᠯᠡᠭᠰᠡᠨ ᠠᠵᠢᠯ᠎ᠤᠨ ᠲᠦᠰᠦᠪ》᠎ᠢ ᠳᠠᠷᠤᠮᠠᠯᠯᠠᠨ ᠳᠠᠷᠬᠠᠭᠠᠵᠤ᠂ ᠡᠭᠦᠨ᠎ᠳᠦ 2025 ᠤᠨ ᠪᠤᠯᠳᠠᠯ᠎ᠠ ᠪᠦᠬᠦ ᠤᠯᠤᠰ᠎ᠤᠨ ᠨᠢᠭᠡᠴᠢ ᠪᠦᠷᠢ ᠵᠢᠨ ᠤᠯᠤᠰ᠎ᠤᠨ ᠳᠤᠳᠤᠭᠠᠳᠤ ᠵᠢᠨ ᠦᠢᠯᠡᠳᠪᠦᠷᠢᠯᠡᠯ᠎ᠤᠨ ᠶᠡᠷᠦᠩᠬᠡᠢ᠎ᠦᠷᠳᠡᠭ᠎ᠤᠨ᠎ᠡᠨᠧᠷᠬᠢ᠎ᠬᠤᠷᠤᠬᠳᠠᠭᠤᠯᠬᠤ ᠬᠠᠷᠢᠴᠠᠯ᠎ᠢ 2020 ᠤᠨ᠎ᠤ ᠬᠢ ᠡᠴᠡ 13.5% ᠪᠡᠷ ᠳᠤᠷᠤᠬᠰᠢᠯᠠᠭᠤᠯᠤᠨ᠎ᠠ ᠭᠡᠵᠦ ᠳᠤᠳᠤᠷᠬᠠᠢ ᠳᠤᠷᠠᠳᠤᠬᠰᠠᠨ ᠪᠠᠢᠨ᠎ᠠ᠃


微信图片_20220125144605.jpg


ᠨᠡᠢᠭᠡᠮ

• 2021 ᠤᠨ᠎ᠳᠦ ᠬᠢᠩᠭᠠᠨ ᠠᠢᠮᠠᠬ᠎ᠤᠨ ᠤᠷᠤᠨ ᠰᠠᠭᠤᠴᠠ ᠵᠢᠨ ᠨᠡᠢᠳᠡ ᠵᠢᠨ ᠬᠤᠷᠠᠮᠳᠤᠭᠤᠯᠭ᠎ᠠ ᠵᠢᠨ ᠮᠦᠩᠬᠦ ᠵᠢᠨ ᠲᠦᠪ ᠪᠦᠬᠦ ᠠᠢᠮᠠᠭ᠎ᠲᠦ 3.74 ᠳ᠋ᠦᠩᠰᠢᠭᠤᠷ ᠲᠦᠬᠦᠷᠢᠭ ᠲᠠᠷᠬᠠᠭᠠᠪᠠ᠃

• 2021 ᠤᠨ᠎ᠳᠦ ᠰᠢᠯᠢ ᠵᠢᠨ ᠭᠤᠤᠯ ᠠᠢᠮᠠᠬ ᠠᠭᠤᠷᠬᠠᠢ ᠮᠠᠯᠳᠠᠬᠤ ᠡᠷᠬᠡ ᠨᠢ ᠬᠤᠭᠤᠴᠠᠭ᠎ᠠ ᠡᠴᠡ ᠪᠡᠨ ᠬᠡᠳᠦᠷᠡᠭᠰᠡᠨ 33 ᠡᠷᠬᠡ᠎ᠶᠢ ᠬᠦᠴᠦᠨ ᠦᠭᠡᠢ ᠪᠤᠯᠭᠠᠵᠤ᠂ ᠪᠦᠲᠦᠭᠡᠨ ᠪᠠᠢᠭᠤᠯᠵᠤ ᠨᠡᠭᠡᠭᠡᠨ ᠠᠰᠢᠬᠯᠠᠬᠤ ᠬᠤᠭᠤᠴᠠᠭᠠᠨ ᠳ᠋ᠠᠭᠠᠨ ᠪᠠᠢᠭ᠎ᠠ ᠠᠭᠤᠷᠬᠠᠢ ᠵᠢᠨ ᠤᠢᠷ᠎ᠠ ᠬᠠᠪᠢ ᠵᠢᠨ 55.75 ᠬᠠᠪᠳᠠᠭᠠᠢ ᠲᠦᠷᠪᠡᠯᠵᠢᠨ ᠺᠢᠯᠦᠮᠧᠲᠷ ᠭᠠᠵᠠᠷ᠎ᠢ ᠴᠡᠭᠴᠡᠯᠡᠨ ᠵᠠᠰᠠᠪᠠ᠃

• ᠰᠢᠯᠤᠭᠤᠨ ᠬᠦᠬᠡ ᠬᠤᠰᠢᠭᠤᠨ᠎ᠤ ᠱᠠᠩᠳᠤ ᠵᠢᠨ ᠭᠤᠤᠯ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠤᠨ ᠬᠠᠮᠢᠶᠠᠷᠤᠯᠳᠠ ᠵᠢᠨ ᠳᠤᠪᠴᠢᠶ᠎ᠠ ᠤᠢᠷ᠎ᠠ ᠎ᠵᠢᠨ ᠡᠳᠦᠷ《ᠳᠡᠯᠡᠬᠡᠢ ᠵᠢᠨ ᠨᠤᠭᠤ ᠭᠠᠵᠠᠷ᠎ᠤᠨ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ᠃


微信图片_20220125150032.jpg


• ᠪᠠᠷᠠᠭᠤᠨ ᠦᠵᠦᠮᠦᠴᠢᠨ ᠬᠤᠰᠢᠭᠤᠨ᠎ᠤ ᠪᠠᠶᠠᠨᠬᠤᠰᠢᠭᠤ ᠰᠤᠮᠤᠨ᠎ᠤ ᠪᠦᠷᠢᠳᠦᠨ ᠭᠠᠴᠠᠭᠠᠨ᠎ᠤ ᠨᠠᠮ᠎ᠤᠨ ᠡᠭᠦᠷ᠂ ᠭᠠᠴᠠᠭᠠᠨ ᠵᠦᠪᠯᠡᠯ ᠤᠢᠷ᠎ᠠ ᠵᠢᠨ ᠡᠳᠦᠷ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠪᠠᠶᠠᠷᠳᠤ ᠮᠦᠴᠡ᠎ᠶᠢ ᠳᠤᠬᠢᠶᠠᠯᠳᠤᠭᠤᠯᠤᠨ᠂ ᠭᠠᠴᠠᠭᠠᠨ᠎ᠤ ᠪᠡᠨ ᠠᠬᠠᠮᠠᠳ ᠤᠳᠤᠷᠢᠳᠤᠯᠭ᠎ᠠ᠂ ᠴᠡᠷᠢᠭ ᠡᠴᠡ ᠬᠠᠯᠠᠬᠳᠠᠬᠰᠠᠳ᠂ ᠴᠡᠷᠢᠭ᠎ᠤᠨ ᠬᠡᠷ ᠪᠦᠯᠢ᠎ᠶᠢ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠶᠠᠪᠤᠬᠳᠠᠭᠤᠯᠪᠠ᠃


微信图片_20220125151041.jpg


• ᠤᠢᠷ᠎ᠠ᠎ᠳᠦ ᠦᠦᠰᠢᠨ ᠬᠤᠰᠢᠭᠤᠨ᠎ᠤ ᠭᠠᠯᠠᠭᠤᠳᠤ ᠪᠠᠯᠭᠠᠰᠤᠨ᠎ᠤ ᠬᠦᠬᠡᠳᠤᠯᠤᠭᠠᠢ ᠭᠠᠴᠠᠭᠠᠨ᠎ᠤ ᠮᠠᠯᠴᠢᠨ ᠪᠠᠳᠤᠨᠠᠰᠤᠨ᠎ᠤ ᠰᠠᠭᠠᠯᠢ ᠵᠢᠨ ᠢᠮᠠᠭ᠎ᠠ ᠨᠢ ᠵᠢᠯ ᠳᠠᠷᠠᠭᠠᠯᠠᠨ ᠲᠦᠷᠪᠡᠨ ᠢᠰᠢᠬᠡ ᠢᠰᠢᠭᠡᠯᠡᠳᠡᠭ ᠪᠠᠢᠬᠰᠠᠨ ᠵᠢᠨᠨ ᠦᠨᠦ ᠵᠢᠯ ᠳᠠᠪᠤᠨ ᠢᠰᠢᠬᠡ ᠢᠰᠢᠭᠡᠯᠡᠵᠦ ᠡᠵᠡᠨ ᠵᠢᠨᠨ ᠪᠠᠶᠠᠰᠬᠠᠵᠠᠢ᠃

• ᠪᠤᠭᠤᠮᠳᠠ ᠵᠢᠨ ᠶᠡᠷᠦᠩᠬᠡᠢ ᠵᠠᠬᠢᠷᠭ᠎ᠠ ᠮᠡᠳᠡᠭᠡ ᠨᠡᠢᠳᠡᠯᠡᠵᠦ᠂ ᠪᠦᠬᠦ ᠤᠯᠤᠰ᠎ᠤᠨ ᠪᠤᠭᠤᠮᠳᠠ ᠵᠢᠨ 2021 ᠤᠨ᠎ᠳᠦ ᠭᠠᠢᠯᠢ ᠳᠠᠳᠠᠪᠤᠷᠢᠯᠠᠨ ᠬᠦᠮᠦᠷᠬᠡᠨ᠎ᠳᠦ ᠤᠷᠤᠭᠤᠯᠤᠬᠰᠠᠨ ᠪᠠᠷᠠᠭ᠎ᠠ ᠠᠩᠬ᠎ᠠ ᠤᠳᠠᠭ᠎ᠠ 2 ᠲᠦᠮᠡᠨ ᠳ᠋ᠦᠩᠰᠢᠭᠤᠷ ᠲᠦᠬᠦᠷᠢᠭ᠎ᠢ ᠳᠠᠪᠠᠬᠰᠠᠨ ᠪᠠᠢᠨ᠎ᠠ᠃


微信图片_20220125144626.jpg


• ᠭᠠᠳᠠᠭᠠᠳᠤ ᠬᠠᠷᠢᠯᠴᠠᠭᠠᠨ᠎ᠤ ᠶᠠᠮᠤᠨ 1 ᠰᠠᠷ᠎ᠠ ᠵᠢᠨ 24᠎ᠤ ᠡᠳᠦᠷ ᠢᠯᠡᠷᠬᠡᠢᠯᠡᠬᠦ ᠳ᠋ᠡᠭᠡᠨ᠂ ᠮᠠᠨ᠎ᠤ ᠤᠯᠤᠰ᠎ᠤᠨ ᠵᠠᠰᠠᠭ᠎ᠤᠨ ᠤᠷᠳᠤᠨ ᠡᠮᠦᠨᠡᠬᠢ ᠳᠡᠮᠵᠢᠯᠬᠡ ᠦᠵᠡᠬᠦᠯᠦᠭᠰᠡᠨ ᠰᠠᠭᠤᠷᠢ ᠲᠡᠭᠡᠷ᠎ᠡ ᠪᠡᠨ ᠳᠠᠬᠢᠨ ᠲᠤᠨᠭᠭ᠎ᠠ᠎ᠳᠦ ᠭᠤᠷᠪᠠᠨ ᠪᠦᠯᠦᠭ ᠪᠠᠴᠢᠮ ᠳᠡᠮᠵᠢᠯᠬᠡ ᠬᠠᠩᠭᠠᠵᠤ᠂ 2000 ᠲᠦᠮᠡᠨ ᠲᠦᠬᠦᠷᠢᠭ᠎ᠤᠨ ᠦᠷᠳᠡᠭ ᠪᠦᠬᠦᠢ ᠪᠠᠴᠢᠮ ᠪᠠᠢᠳᠠᠯ᠎ᠢ ᠠᠷᠭᠠᠴᠠᠭᠠᠬᠤ ᠭᠠᠮᠰᠢᠬ ᠡᠴᠡ ᠠᠪᠤᠷᠠᠬᠤ ᠡᠳ᠋ ᠪᠤᠳᠠᠰ᠎ᠢ ᠪᠠᠬᠳᠠᠭᠠᠬᠰᠠᠨ ᠳᠡᠮᠵᠢᠯᠬᠡ ᠦᠵᠡᠭᠦᠯᠬᠦ ᠪᠡᠷ ᠪᠤᠢ᠃

• 1 ᠰᠠᠷ᠎ᠠ ᠵᠢᠨ 24᠎ᠤ ᠡᠳᠦᠷ᠎ᠤᠨ ᠦᠳᠡ ᠵᠢᠨ ᠡᠮᠦᠨ᠎ᠡ᠂ ᠳᠤᠮᠳᠠᠳᠤ ᠤᠯᠤᠰ᠎ᠤᠨ ᠮᠠᠯᠤᠷ ᠦᠳᠡᠬᠡ᠎ᠶᠢ ᠬᠠᠮᠠᠭᠠᠯᠠᠬᠤ ᠰᠤᠳᠤᠯᠭᠠᠨ᠎ᠤ ᠲᠦᠪ᠎ᠤᠨ ᠰᠧᠴᠤᠸᠠᠨ᠎ᠤ ᠸᠸ ᠯᠦᠩ ᠱᠦ᠍ ᠫᠢᠨᠭ ᠰᠠᠭᠤᠷᠢᠨ᠎ᠳᠦ 2021 ᠤᠨ᠎ᠳᠦ ᠲᠦᠷᠦᠭᠰᠡᠨ 20 ᠮᠠᠯᠤᠷ ᠦᠳᠡᠬᠡ ᠴᠤᠭ ᠲᠠᠭᠠᠨ ᠤᠯᠠᠨ ᠲᠠᠢ ᠵᠤᠯᠭᠠᠵᠤ᠂ ᠪᠦᠬᠦ ᠤᠯᠤᠰ᠎ᠤᠨ ᠠᠷᠠᠳ ᠲᠦᠮᠡᠨ᠎ᠳᠦ ᠬᠠᠮᠤᠭ᠎ᠤᠨ ᠬᠦᠭᠡᠷᠦᠬᠦᠨ ᠰᠢᠨ᠎ᠡ ᠵᠢᠯ᠎ᠤᠨ ᠮᠡᠨᠳᠦᠴᠢᠯᠡᠯ ᠲᠡᠪᠰᠢᠭᠦᠯᠦᠭᠰᠡᠨ ᠪᠠᠢᠨ᠎ᠠ᠃


微信图片_20220125102105.jpg


• 1 ᠰᠠᠷ᠎ᠠ ᠵᠢᠨ 24᠎ᠤ ᠡᠳᠦᠷ ᠡᠴᠡ ᠡᠬᠢᠯᠡᠨ 2022 ᠤᠨ᠎ᠤ ᠲᠡᠭᠡᠷ᠎ᠡ ᠬᠠᠭᠠᠰ ᠵᠢᠯ᠎ᠤᠨ ᠳᠤᠮᠳᠠᠳᠤ ᠪᠠᠭ᠎ᠠ ᠰᠤᠷᠭᠠᠭᠤᠯᠢ ᠵᠢᠨ ᠪᠠᠬᠰᠢ ᠵᠢᠨ ᠬᠢᠷᠢ ᠬᠡᠮ᠎ᠤᠨ ᠰᠢᠯᠭᠠᠯᠳᠠ(ᠪᠢᠷ᠎ᠤᠨ ᠰᠢᠯᠭᠠᠯᠳᠠ)᠎ᠵᠢᠨ ᠨᠡᠷ᠎ᠡ ᠮᠡᠳᠡᠭᠦᠯᠬᠦ ᠠᠵᠢᠯ ᠡᠬᠢᠯᠡᠵᠤ᠂ ᠳᠤᠰ ᠤᠳᠠᠭᠠᠨ᠎ᠤ ᠰᠢᠯᠭᠠᠯᠳᠠ ᠨᠢ ᠪᠦᠬᠦ ᠤᠯᠤᠰ᠎ᠤᠨ 30 ᠮᠤᠵᠢ ᠤᠷᠤᠨ᠎ᠳᠦ ᠶᠠᠪᠤᠬᠳᠠᠬᠤ ᠪᠡᠷ ᠪᠤᠢ᠃


微信图片_20220125145458.jpg


ᠰᠤᠶᠤᠯ

• ᠤᠢᠷ᠎ᠠ ᠵᠢᠨ ᠡᠳᠦᠷ 2022 ᠤᠨ᠎ᠤ ᠥᠪᠦᠷ ᠮᠤᠩᠭᠤᠯ᠎ᠤᠨ ᠠᠩᠬᠠᠳᠤᠭᠠᠷ ᠬᠤᠭᠤᠴᠠᠭᠠᠨ᠎ᠤ ᠤᠯᠠᠨ ᠨᠡᠢᠳᠡ ᠵᠢᠨ ᠴᠠᠨᠠᠯᠠᠯᠳᠠ ᠵᠢᠨ ᠤᠷᠤᠯᠳᠤᠭᠠᠨ ᠬᠦᠬᠡᠬᠤᠳᠠ᠎ᠳᠦ ᠶᠠᠪᠤᠬᠳᠠᠵᠤ᠂ ᠪᠦᠬᠦ ᠤᠷᠤᠨ᠎ᠤ ᠴᠠᠰᠤ ᠮᠦᠰᠦᠨ᠎ᠤ ᠲᠠᠮᠢᠷ᠎ᠤᠨ ᠬᠦᠳᠡᠯᠬᠡᠬᠡᠨ᠎ᠳᠦ ᠪᠠᠬᠠᠳᠠᠢ ᠵᠠᠭᠤ ᠭᠠᠷᠤᠢ ᠬᠦᠮᠦᠨ ᠤᠷᠤᠯᠴᠠᠬᠰᠠᠨ ᠪᠠᠢᠨ᠎ᠠ᠃


微信图片_20220125111129.jpg


• 1 ᠰᠠᠷ᠎ᠠ ᠵᠢᠨ 23᠎ᠤ ᠡᠳᠦᠷ ᠰᠢᠨ᠎ᠡ ᠪᠠᠷᠭᠤ ᠵᠡᠬᠦᠨ ᠬᠤᠰᠢᠭᠤᠨ᠎ᠤ 2022 ᠤᠨ᠎ᠤ 《ᠮᠦᠩᠬᠦᠨ ᠪᠠᠷᠭᠤ》 ᠡᠪᠦᠯ᠎ᠤᠨ ᠤᠯᠠᠷᠢᠯ᠎ᠤᠨ ᠰᠤᠶᠤᠯ ᠵᠢᠭᠤᠯᠴᠢᠯᠠᠯ᠎ᠤᠨ ᠨᠠᠭᠠᠳᠤᠮ᠎ᠤᠨ ᠳᠡᠮᠡᠬᠡᠨ ᠤᠷᠤᠯᠳᠤᠭᠠᠨ ᠶᠠᠪᠤᠬᠳᠠᠨ 30 ᠭᠠᠷᠤᠢ ᠳᠡᠮᠡᠬᠡ ᠤᠷᠤᠯᠴᠠᠨ᠂ ᠵᠡᠬᠦᠨ ᠦᠵᠦᠮᠦᠴᠢᠨ ᠬᠤᠰᠢᠭᠤᠨ᠎ᠤ ᠪᠦᠬᠡᠴᠢᠨ ᠰᠠᠢᠨᠪᠠᠶᠠᠷ᠎ᠤᠨ ᠬᠠᠷ᠎ᠠ ᠳᠡᠮᠡᠬᠡ ᠨᠢ ᠲᠦᠷᠦᠭᠦᠯᠡᠵᠠᠢ᠃

• 1 ᠰᠠᠷ᠎ᠠ ᠵᠢᠨ 23᠎ᠤ ᠡᠳᠦᠷ ᠠᠯᠠᠱᠠ ᠪᠠᠷᠠᠭᠤᠨ ᠬᠤᠰᠢᠭᠤᠨ᠎ᠤ ᠤᠯᠠᠭᠠᠨᠮᠦ᠋ᠴᠢᠷ᠎ᠤᠨ ᠬᠢᠨ ᠨᠠᠰᠤᠳᠠᠢᠴᠤᠳ᠎ᠤᠨ ᠠᠰᠠᠷᠠᠮᠵᠢ ᠵᠢᠨ ᠬᠦᠷᠢᠶᠡᠯᠡᠩ᠎ᠳᠦ ᠬᠦᠷᠴᠦ᠂ ᠨᠠᠰᠤᠳᠠᠢᠴᠤᠳ᠎ᠲᠦ ᠰᠠᠷ᠎ᠠ ᠰᠢᠨ᠎ᠡ ᠵᠢᠨ ᠮᠡᠨᠳᠦ᠎ᠶᠢ ᠤᠷᠢᠳᠴᠢᠯᠠᠨ ᠳᠡᠪᠰᠢᠬᠦᠯᠦᠭᠰᠡᠨ ᠪᠠᠢᠨ᠎ᠠ᠃

• 1 ᠰᠠᠷ᠎ᠠ ᠵᠢᠨ 22᠎ᠤᠨ ᠡᠳᠦᠷ ᠵᠡᠬᠦᠨ ᠦᠵᠦᠮᠦᠴᠢᠨ ᠬᠤᠰᠢᠭᠤ 《ᠬᠠᠮᠳᠤ ᠪᠡᠷ ᠢᠷᠡᠭᠡᠳᠦᠢ ᠪᠡᠨ ᠪᠠᠷᠠᠯᠠᠵᠤ᠂ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠳᠦ ᠬᠦᠴᠦᠨ ᠨᠡᠮᠡᠷᠢᠯᠡᠶ᠎ᠡ》 ᠭᠤᠤᠯ ᠰᠡᠳᠦᠪᠳᠦ ᠮᠦᠰᠦᠨ ᠲᠡᠭᠡᠷᠡᠬᠢ ᠰᠤᠨᠢᠷᠬᠠᠯᠳᠤ ᠱᠠᠭ᠎ᠠ ᠳᠤᠬᠯᠠᠭᠠᠮ᠎ᠤᠨ ᠤᠷᠤᠯᠳᠤᠭᠠᠨ ᠦᠷᠨᠢᠬᠦᠯᠪᠡ᠃


微信图片_20220125151333.jpg


• 1 ᠰᠠᠷ᠎ᠠ ᠵᠢᠨ 25᠎ᠤ ᠡᠳᠦᠷ᠎ᠤᠨ ᠦᠷᠯᠦᠭᠡ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠳᠦ ᠤᠷᠤᠯᠴᠠᠬᠤ ᠮᠠᠨ᠎ᠤ ᠤᠯᠤᠰ᠎ᠤᠨ ᠪᠡᠶ᠎ᠡ ᠵᠢᠨ ᠲᠠᠮᠢᠷ᠎ᠤᠨ ᠲᠦᠯᠦᠭᠡᠯᠡᠭᠴᠢᠳ᠎ᠤᠨ ᠪᠦᠯᠬᠦᠮ᠎ᠤᠨ 100 ᠭᠠᠷᠤᠢ ᠲᠠᠮᠢᠷᠴᠢᠨ ᠪᠤᠯᠤᠨ ᠳᠠᠰᠬᠠᠯᠵᠢᠭᠤᠯᠤᠬᠴᠢ ᠵᠢᠨ ᠲᠦᠯᠦᠭᠡᠯᠡᠭᠴᠢ ᠲᠢᠶᠠᠨ ᠠᠨ ᠮᠧᠨ ᠠᠭᠤᠳᠠᠮ ᠳᠠᠯᠠᠪᠠᠢ᠎ᠳᠦ ᠤᠯᠤᠰ᠎ᠤᠨ ᠲᠤᠭ ᠮᠠᠨᠳᠤᠭᠤᠯᠬᠤ ᠶᠤᠰᠤᠯᠠᠯ᠎ᠳᠦ ᠤᠷᠤᠯᠴᠠᠨ ᠳᠠᠩᠭᠠᠷᠢᠬᠯᠠᠵᠤ᠂ ᠤᠷᠤᠯᠳᠤᠭᠠᠨ᠎ᠳᠦ ᠮᠤᠷᠳᠠᠵᠠᠢ᠃


微信图片_20220125102559.jpg


天气预报 冬季模板_01.jpg


ᠦᠢᠯᠡᠴᠢᠯᠡᠭᠡ

•  ᠪᠠᠭᠠᠷᠢᠨ ᠪᠠᠷᠠᠭᠤᠨ ᠬᠤᠰᠢᠭᠤᠨ᠎ᠤ ᠡᠮᠨᠡᠯᠬᠡ ᠵᠢᠨ ᠬᠤᠷᠢᠶ᠎ᠠ 46 ᠡᠮᠴᠢ ᠠᠵᠢᠯᠳᠠᠨ ᠡᠯᠰᠡᠬᠦ ᠪᠡᠷ ᠪᠤᠢ᠃ 

• ᠪᠤᠷᠪᠢ ᠨᠢ ᠬᠠᠭᠠᠷᠠᠵᠤ ᠬᠠᠭᠤᠷᠠᠢᠰᠢᠳᠠᠬ ᠬᠦᠮᠦᠰ ᠤᠷᠤᠢ ᠤᠨᠳᠠᠬᠤ ᠳ᠋ᠠᠭᠠᠨ ᠪᠦᠯᠢᠶᠡᠨ ᠤᠰᠤ ᠪᠡᠷ ᠬᠦᠯ ᠵᠢᠨᠨ ᠤᠬᠢᠶᠠᠵᠤ᠂ ᠲᠤᠰᠤ ᠲᠦᠷᠬᠢᠭᠰᠡᠨ᠎ᠤ ᠳᠠᠷᠠᠭ᠎ᠠ ᠤᠢᠮᠤᠰᠤ ᠪᠡᠨ ᠡᠮᠦᠰᠴᠦ ᠤᠨᠳᠠᠪᠠᠯ ᠬᠦᠯ᠎ᠤᠨ ᠡᠷᠡᠭᠦᠯ ᠮᠡᠨᠳᠦ᠎ᠳᠦ ᠠᠰᠢᠬᠳᠠᠢ ᠪᠠᠢᠳᠠᠭ᠃

ᠵᠠᠯᠭᠠᠭᠠᠳ  《ᠵᠠᠶᠠᠭᠠᠳᠠᠢ ᠨᠤᠳᠤᠭ》 ᠲᠠᠭᠤᠤ ᠪᠡᠷ ᠠᠶ᠎ᠠ ᠪᠠᠷᠢᠵᠦ᠍ ᠨᠡᠪᠳᠡᠷᠡᠭᠦᠯᠭᠡ ᠪᠡᠨ ᠵᠢᠷᠭᠠᠭᠠᠶ᠎ᠠ᠃ ᠨᠡᠪᠲᠡᠷᠡᠭᠦᠯᠭᠡ ᠮᠠᠨᠢ ᠲᠠ ᠪᠦᠬᠦᠨ᠎ᠳᠤ ᠲᠠᠭᠠᠯᠠᠬ᠍ᠳᠠᠬ᠍ᠰᠠᠨ ᠪᠤᠯ᠂ ᠤᠳᠤᠨ ᠳᠡᠮᠳᠡᠭ ᠱᠠᠨᠭᠨᠠᠵᠤ  ᠪᠢᠳᠡᠨ ᠎ᠳᠤ  ᠤᠷᠮ᠎ᠠ  ᠬᠠᠢ᠌ᠷᠠᠯᠠᠭᠠᠷᠠᠢ! ᠲᠠ ᠪᠦᠬᠦᠨ ᠎ᠤ ᠬᠦᠯᠢᠶᠡᠨ ᠠᠪᠴᠤ᠌ ᠰᠤᠨᠤᠰᠤᠬ᠍ᠰᠠᠨ ᠎ᠳᠤ  ᠪᠠᠶᠠᠷᠯᠠᠯ᠎ᠠ᠂  ᠪᠠᠶᠠᠷᠳᠠᠢ!

ᠨᠠᠢᠷᠠᠭᠤᠯᠤᠨ ᠨᠡᠪᠳᠡᠷᠡᠭᠦᠯᠦᠭᠴᠢ/ᠮᠡᠷᠭᠡᠵᠢᠯ᠄  ᠪᠠᠶᠠᠷᠴᠡᠩᠭᠡᠯ   ᠬᠢᠨᠠᠬᠴᠢ᠄  ᠰᠢᠯᠢᠨᠭᠡᠷᠡᠯ


ᠬᠤᠪᠢᠶᠠᠯᠴᠠᠬᠤ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号