1ᠰᠠᠷ᠎ᠠ ᠎ᠶ᠋ᠢᠨ 30 ᠎ᠦ ᠡᠳᠦᠷ
ᠡᠬᠢᠯᠡᠬᠦ᠌ ᠴᠠᠭ᠄
2023-01-30 10:00:02
ᠨᠠᠶ᠋ᠢᠷᠠᠭᠤᠯᠤᠭᠴᠢ ᠄
ᠪᠠᠶᠠᠷᠴᠡᠩᠭᠡᠯ
ᠨᠡᠪᠲᠡᠷᠡᠬᠦᠯᠦᠭᠴᠢ ᠄
ᠪᠠᠶᠠᠷᠴᠡᠩᠭᠡᠯ
ᠮᠡᠷᠭᠡᠵᠢᠯ ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄

QQ截图20230130100130.png

最新 天气预报模板_01.jpg

QQ截图20230130100148.png

                       

 ᠴᠠᠭ ᠲᠦᠷᠦ

✦ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ  ᠰᠢ ᠵᠢᠨ ᠫᠢᠩ ᠵᠠᠷᠯᠢᠭ᠎ᠲᠦ ᠭᠠᠷ᠎ᠤᠨ ᠦᠰᠦᠭ ᠵᠢᠷᠤᠵᠤ᠂ 《ᠴᠡᠷᠢᠭ ᠬᠦᠮᠦᠨ᠎ᠤ ᠭᠠᠪᠢᠶ᠎ᠠ ᠵᠢᠳᠬᠦᠯ᠎ᠤᠨ ᠳᠡᠮᠳᠡᠭ᠎ᠤᠨ ᠬᠠᠮᠢᠶᠠᠷᠤᠯᠳᠠ ᠵᠢᠨ ᠳᠤᠬᠳᠠᠭᠠᠯ》᠎ᠢ ᠨᠡᠢᠳᠡᠯᠡᠵᠦ᠂ 2023 ᠤᠨ᠎ᠤ 1 ᠰᠠᠷ᠎ᠠ ᠵᠢᠨ 1᠎ᠤ ᠡᠳᠦᠷ ᠡᠴᠡ ᠡᠬᠢᠯᠡᠨ ᠬᠡᠷᠡᠭᠵᠢᠬᠦᠯᠪᠡ᠃ 《ᠳᠤᠬᠳᠠᠭᠠᠯ》 ᠪᠤᠯ ᠮᠠᠨ᠎ᠤ ᠴᠡᠷᠢᠭ᠎ᠤᠨ ᠠᠩᠬᠠᠳᠠᠬᠴᠢ ᠴᠡᠷᠢᠭ ᠬᠦᠮᠦᠨ᠎ᠤ ᠭᠠᠪᠢᠶ᠎ᠠ ᠵᠢᠳᠬᠦᠯ᠎ᠤᠨ ᠳᠡᠮᠳᠡᠭ᠎ᠤᠨ ᠬᠠᠮᠢᠶᠠᠷᠤᠯᠳᠠ ᠵᠢᠨ ᠠᠵᠢᠯ᠎ᠢ ᠪᠦᠬᠦ ᠳᠠᠯ᠎ᠠ ᠪᠡᠷ ᠰᠢᠰᠲᠧᠮ ᠲᠠᠢ ᠵᠢᠷᠤᠮᠵᠢᠭᠤᠯᠬᠤ ᠴᠢᠬᠤᠯᠠ ᠬᠠᠤᠯᠢ ᠳᠤᠬᠳᠠᠭᠠᠯ᠎ᠤᠨ ᠪᠢᠴᠢᠭ ᠮᠠᠲᠧᠷᠢᠶᠠᠯ ᠪᠤᠯᠤᠨ᠎ᠠ᠃

 ᠨᠡᠢᠭᠡᠮ 

✦ ᠥᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠡᠴᠡ ᠤᠢᠯᠠᠭᠠᠬᠰᠠᠨ ᠵᠢᠨᠷ᠂ 2022 ᠤᠨ᠎ᠳᠦ ᠥᠪᠦᠷ ᠮᠤᠩᠭᠤᠯ᠎ᠤᠨ ᠪᠤᠳᠠᠳᠠᠢ ᠬᠡᠷᠡᠭᠯᠡᠭᠰᠡᠨ ᠭᠠᠳᠠᠭᠠᠳᠤ ᠪᠡᠯᠡ 34.5 ᠳ᠋ᠦᠩᠰᠢᠭᠤᠷ ᠲᠦᠭᠦᠷᠢᠭ᠎ᠲᠦ ᠬᠦᠷᠴᠡᠢ᠃


微信图片_20230129112514.jpg


✦ 2022 ᠤᠨ᠎ᠳᠦ ᠪᠦᠬᠦ ᠤᠷᠤᠨ᠎ᠤ ᠬᠡᠷᠡᠭᠯᠡᠭᠴᠢᠳ᠎ᠤᠨ ᠡᠷᠬᠡ ᠠᠰᠢᠬ᠎ᠢ ᠬᠠᠮᠠᠭᠠᠯᠠᠬᠤ ᠦᠢᠯᠡᠴᠢᠯᠡᠬᠡᠨ᠎ᠤ ᠲᠦᠪ 13 ᠲᠦᠮᠡ ᠭᠠᠷᠤᠢ ᠵᠠᠭᠠᠯᠳᠤᠯᠭ᠎ᠠ ᠢᠯᠡᠴᠢᠯᠡᠨ ᠮᠡᠳᠡᠬᠦᠯᠦᠯᠳᠡ ᠎ᠶᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠬᠰᠠᠨ ᠨᠤᠷᠮ᠎ᠠ ᠨᠢ 97% ᠰᠢᠬᠠᠮ᠎ᠳᠦ ᠬᠦᠷᠴᠦ᠂ ᠬᠡᠷᠡᠭᠯᠡᠭᠴᠢᠳ᠎ᠤᠨ 1.58 ᠳ᠋ᠦᠩᠰᠢᠭᠤᠷ ᠲᠦᠭᠦᠷᠢᠭ᠎ᠤᠨ ᠠᠵᠤ ᠠᠬᠤᠢ ᠵᠢᠨ ᠬᠤᠬᠢᠷᠠᠯ᠎ᠢ ᠡᠬᠡᠬᠦᠯᠦᠨ ᠠᠪᠴᠢᠷᠠᠬᠰᠠᠨ ᠪᠠᠢᠨ᠎ᠠ᠃

✦ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ 28᠎ᠤ ᠡᠳᠦᠷ ᠨᠡᠢᠳᠡᠯᠡᠭᠰᠡᠨ ᠮᠡᠳᠡᠬᠡ᠎ᠶᠢ ᠦᠨᠳᠦᠰᠦᠯᠡᠪᠡᠯ᠂ 2022 ᠤᠨ᠎ᠤ 1 ᠡᠴᠡ 12 ᠰᠠᠷ᠎ᠠ᠎ᠳᠦ ᠪᠦᠬᠦ  ᠤᠯᠤᠰ᠎ᠤᠨ 339 ᠳᠤᠰᠬᠠᠢ ᠤᠷᠤᠨ᠎ᠤ ᠳᠡᠰ ᠵᠢᠴᠢ ᠲᠡᠭᠦᠨ ᠡᠴᠡ ᠲᠡᠭᠡᠭᠰᠢᠬᠢ ᠬᠤᠳᠠ ᠵᠢᠨ ᠳᠤᠮᠳᠠᠴᠢ ᠠᠭᠠᠷ᠎ᠤᠨ ᠶᠠᠰᠤ ᠴᠢᠨᠠᠷ ᠰᠢᠯᠢᠳᠡᠭ ᠰᠠᠢᠨ ᠡᠳᠦᠷ᠎ᠤᠨ ᠳᠤᠭᠠᠨ᠎ᠤ ᠬᠠᠷᠢᠴᠠᠯ 86.5%᠎ᠳᠦ ᠬᠦᠷᠦᠭᠰᠡᠨ ᠪᠠᠢᠨ᠎ᠠ᠃

✦ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠳᠠ ᠵᠢᠨ ᠳᠤᠪᠴᠢᠶᠠᠨ᠎ᠤ ᠮᠡᠳᠡᠬᠡ᠎ᠶᠢ ᠦᠨᠳᠦᠰᠦᠯᠡᠪᠡᠯ᠂ ᠴᠠᠭᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭᠠᠨ᠎ᠳᠦ ᠪᠦᠬᠦ ᠤᠯᠤᠰ᠎ᠲᠦ ᠡᠳᠦᠷ ᠪᠦᠷᠢ ᠳᠤᠮᠳᠠᠴᠢ ᠪᠡᠷ 41 ᠲᠦᠮᠡᠨ ᠬᠦᠮᠦᠨ ᠤᠳᠠᠭ᠎ᠠ ᠬᠢᠯᠢ ᠪᠡᠷ ᠤᠷᠤᠵᠤ ᠭᠠᠷᠴᠠᠢ᠃

✦ 2023 ᠤᠨ᠎ᠤ ᠴᠠᠭᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭᠠᠨ᠎ᠳᠦ ᠲᠡᠮᠦᠷ ᠵᠠᠮ᠂ ᠵᠠᠰᠠᠮᠠᠯ ᠵᠠᠮ᠂ ᠤᠰᠤᠨ ᠵᠠᠮ᠂ ᠠᠭᠠᠷ᠎ᠤᠨ ᠠᠶᠠᠯᠠᠯ ᠨᠢ ᠪᠦᠬᠦ ᠤᠯᠤᠰ᠎ᠲᠦ ᠨᠡᠢᠳᠡ ᠪᠠᠷᠤᠭ 2.26 ᠳ᠋ᠦᠩᠰᠢᠭᠤᠷ ᠬᠦᠮᠦᠨ ᠤᠳᠠᠭ᠎ᠠ ᠠᠶᠠᠨᠴᠢᠳ ᠬᠦᠷᠬᠡᠵᠡᠢ᠃

 

微信图片_20230129111752.jpg


ᠠᠵᠤ ᠠᠬᠤᠢ

✦ ᠴᠠᠭᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭᠠᠨ᠎ᠳᠦ ᠬᠢᠩᠭᠠᠨ ᠠᠢᠮᠠᠬ᠎ᠤᠨ ᠬᠢᠨ ᠤᠯᠤᠰ᠎ᠤᠨ ᠳᠤᠳᠤᠭᠠᠳᠤ ᠵᠢᠨ ᠵᠢᠭᠤᠯᠴᠢᠯᠠᠬᠰᠠᠳ᠎ᠢ ᠨᠡᠢᠳᠡ 40.23 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ᠎ᠤᠨ ᠤᠷᠤᠯᠭ᠎ᠠ ᠨᠢ 1.57 ᠳ᠋ᠦᠩᠰᠢᠭᠤᠷ ᠲᠦᠭᠦᠷᠢᠭ᠎ᠲᠦ ᠬᠦᠷᠴᠠᠢ᠃

✦ ᠡᠨᠡ ᠵᠢᠯ ᠮᠠᠨ᠎ᠤ ᠤᠯᠤᠰ ᠰᠢᠷ᠎ᠠ ᠪᠤᠷᠴᠠᠭ᠎ᠤᠨ ᠳᠤᠰᠤᠯᠢᠬ ᠲᠠᠷᠢᠮᠠᠯ᠎ᠤᠨ ᠦᠢᠯᠡᠳᠪᠦᠷᠢᠯᠡᠯ᠎ᠤᠨ ᠴᠢᠳᠠᠪᠤᠷᠢ᠎ᠶᠢ ᠳᠡᠭᠡᠭᠰᠢᠯᠡᠬᠦᠯᠬᠦ ᠢᠨᠵᠧᠨᠧᠷᠢᠩ᠎ᠢ ᠦᠷᠬᠦᠯᠵᠢᠯᠡᠨ ᠠᠬᠢᠭᠤᠯᠵᠤ᠂ ᠰᠢᠷ᠎ᠠ ᠪᠤᠷᠴᠠᠭ᠎ᠤᠨ ᠳᠤᠰᠤᠯᠢᠬ ᠲᠠᠷᠢᠮᠠᠯ᠎ᠤᠨ ᠳᠠᠯᠠᠪᠠᠢ᠎ᠶᠢ 3.5 ᠳ᠋ᠦᠩᠰᠢᠭᠤᠷ ᠮᠦ᠍ ᠡᠴᠡ ᠲᠡᠭᠡᠭᠰᠢ ᠳᠤᠬᠳᠠᠭᠤᠨ ᠪᠠᠢᠯᠭᠠᠬᠤ᠎ᠶᠢ ᠪᠠᠳᠤᠯᠠᠬᠤ ᠪᠡᠷ ᠪᠤᠢ᠃

ᠲᠦᠷᠢᠮ ᠲᠣᠭ᠍ᠲᠠᠭᠠᠯ

✦ 28᠎ᠤ ᠡᠳᠦᠷ 《ᠶᠦᠨᠨᠠᠨ ᠮᠤᠵᠢ ᠵᠢᠨ ᠡᠷᠳᠡᠨ᠎ᠤ ᠴᠠᠢ ᠵᠢᠨ ᠮᠤᠳᠤ᠎ᠶᠢ ᠬᠠᠮᠠᠭᠠᠯᠠᠬᠤ ᠲᠦᠷᠢᠮ ᠳᠤᠬᠳᠠᠭᠠᠯ》 ᠎ᠢ ᠬᠢᠨᠠᠨ ᠪᠠᠳᠤᠯᠠᠵᠤ᠂ ᠲᠦᠷᠢᠮ ᠳᠤᠬᠳᠠᠭᠠᠯ ᠨᠢ ᠴᠠᠢ ᠵᠢᠨ ᠮᠤᠳᠤᠨ᠎ᠤ ᠨᠠᠰᠤ ᠵᠢᠯ ᠪᠠ ᠤᠷᠭᠤᠯᠳᠠ ᠡᠬᠦᠰᠦᠯ ᠵᠡᠷᠭᠡ ᠬᠤᠶᠠᠷ ᠳᠠᠯ᠎ᠠ ᠡᠴᠡ ᠬᠠᠮᠠᠭᠠᠯᠠᠬᠤ ᠭᠡᠵᠦ ᠡᠷᠳᠡᠨ᠎ᠤ ᠴᠠᠢ ᠵᠢᠨ ᠮᠤᠳᠤᠨ᠎ᠳᠦ ᠬᠢᠨᠠᠨ ᠳᠤᠬᠳᠠᠭᠠᠯᠳᠠ ᠬᠢᠵᠠᠢ᠃ ᠳᠤᠰ ᠲᠦᠷᠢᠮ ᠳᠤᠬᠳᠠᠭᠠᠯ᠎ᠢ 2023 ᠤᠨ᠎ᠤ 3 ᠰᠠᠷ᠎ᠠ ᠵᠢᠨ 1᠎ᠤ ᠡᠳᠦᠷ ᠡᠴᠡ ᠡᠬᠢᠯᠡᠨ ᠬᠡᠷᠡᠭᠵᠢᠭᠦᠯᠬᠦ ᠪᠡᠷ ᠪᠤᠢ᠃

ᠰᠣᠶᠣᠯ

✦ ᠲᠦᠷᠦᠬᠦᠬᠡᠨ ᠨᠢᠭᠡᠨᠳᠡ ᠠᠷᠪᠠᠨ ᠵᠢᠯ ᠰᠢᠬᠠᠮ ᠪᠡᠯᠡᠳᠬᠡᠭᠰᠡᠨ ᠬᠠᠭᠠᠨ᠎ᠤ ᠤᠷᠳᠤᠨ᠎ᠤ ᠮᠦᠽᠧᠢ ᠵᠢᠨ ᠬᠤᠢᠳᠤ ᠬᠦᠷᠢᠶᠡᠯᠡᠩ ᠲᠤᠭᠤᠷᠢᠭ᠎ᠢ ᠵᠢᠩᠬᠢᠨᠢ ᠪᠡᠷ ᠪᠠᠷᠢᠯᠭ᠎ᠠ ᠡᠬᠢᠯᠡᠬᠦᠯᠪᠡ᠃ ᠲᠦᠷᠦᠯ ᠵᠦᠢᠯ ᠨᠢ ᠪᠡᠭᠡᠵᠢᠩ᠎ᠤᠨ ᠪᠠᠷᠠᠭᠤᠨ ᠬᠤᠢᠳᠤ ᠲᠡᠭᠦᠷᠭᠡ ᠵᠢᠨ ᠬᠠᠢ ᠳ᠋ᠢᠶᠠᠨ ᠲᠤᠭᠤᠷᠢᠭ᠎ᠤᠨ ᠪᠠᠷᠠᠭᠤᠨ ᠬᠤᠢᠳᠤᠬᠢ ᠸᠠᠩ ᠵᠧᠨ ᠪᠠᠯᠭᠠᠰᠤᠨ᠎ᠤ ᠰᠢ ᠢᠦᠢ ᠾᠧ ᠳᠤᠰᠬᠤᠨ᠎ᠳᠦ ᠪᠤᠢ᠃

✦ ᠲᠦᠷᠦᠬᠦᠬᠡᠨ 2022- 2023 ᠤᠨ᠎ᠤ ᠠᠩᠬᠠᠨ᠎ᠤ ᠪᠦᠯᠦᠭ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠳᠠ ᠵᠢᠨ ᠪᠠᠷᠢᠯᠭ᠎ᠠ ᠵᠢᠨ ᠯᠦ᠍ ᠪᠠᠨ ᠱᠠᠩᠨᠠᠯ(ᠤᠯᠤᠰ᠎ᠤᠨ ᠴᠢᠨᠠᠷ ᠰᠠᠢᠳᠠᠢ ᠪᠠᠷᠢᠯᠭ᠎ᠠ)᠎ᠳᠦ ᠰᠤᠩᠭᠤᠬᠳᠠᠬᠰᠠᠨ ᠨᠡᠷᠡᠰ᠎ᠢ ᠨᠡᠢᠳᠡᠯᠡᠪᠡ᠃ ᠡᠬᠦᠨ᠎ᠳᠦ ᠰᠢᠯᠢ ᠵᠢᠨ ᠭᠤᠤᠯ ᠠᠢᠮᠠᠬ᠎ᠤᠨ ᠮᠤᠩᠭᠤᠯ ᠦᠨᠳᠦᠰᠦᠳᠡᠨ᠎ᠤ ᠳᠤᠮᠳᠠᠳᠤ ᠰᠤᠷᠭᠠᠭᠤᠯᠢ ᠵᠢᠨ  ᠰᠢᠨ᠎ᠡ ᠰᠤᠷᠭᠠᠭᠤᠯᠢ ᠵᠢᠨ ᠲᠤᠭᠤᠷᠢᠭ᠎ᠤᠨ ᠪᠦᠲᠦᠭᠡᠨ ᠪᠠᠢᠭᠤᠯᠤᠯᠳᠠ《2022 - 2023 ᠤᠨ᠎ᠤ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠳᠠ ᠵᠢᠨ ᠪᠠᠷᠢᠯᠭ᠎ᠠ ᠵᠢᠨ 〈ᠯᠦ᠍ ᠪᠠᠨ ᠱᠠᠩᠨᠠᠯ〉》᠎ᠢ ᠬᠦᠷᠳᠡᠭᠰᠡᠨ ᠪᠠᠢᠨ᠎ᠠ᠃

✦ ᠲᠦᠷᠦᠭᠦᠭᠡᠨ ᠬᠦᠳᠡᠬᠡ ᠠᠵᠤ ᠠᠬᠤᠢ ᠬᠦᠳᠡᠬᠡ ᠳᠤᠰᠬᠤᠨ᠎ᠤ ᠶᠠᠮᠤᠨ᠎ᠤ ᠰᠦᠯᠵᠢᠶᠠᠨ᠎ᠳᠦ 2022 ᠤᠨ᠎ᠤ ᠪᠦᠬᠦ ᠤᠯᠤᠰ᠎ᠤᠨ ᠰᠡᠯᠡᠬᠦᠴᠡᠯ ᠲᠠᠷᠢᠶᠠᠯᠠᠩ᠎ᠤᠨ ᠭᠤᠤᠯᠳᠠᠯᠭ᠎ᠠ ᠲᠠᠢ ᠰᠢᠶᠠᠨ᠎ᠤ ᠨᠡᠷᠡᠰ᠎ᠢ ᠨᠡᠢᠳᠡᠯᠡᠵᠦ᠂ ᠥᠪᠦᠷ ᠮᠤᠩᠭᠤᠯ᠎ᠤᠨ ᠤᠯᠠᠭᠠᠨᠬᠠᠳᠠ ᠬᠤᠳᠠ ᠵᠢᠨ ᠬᠡᠰᠢᠭᠳᠡᠨ ᠬᠤᠰᠢᠭᠤ᠂ ᠬᠦᠯᠦᠨ ᠪᠤᠢᠷ ᠬᠤᠳᠠ ᠵᠢᠨ ᠮᠤᠷᠢᠨᠳᠠᠪᠠᠭ᠎ᠠ ᠳᠠᠭᠤᠷ ᠦᠨᠳᠦᠰᠦᠳᠡᠨ᠎ᠤ ᠥᠪᠡᠷᠳᠡᠬᠡᠨ ᠵᠠᠰᠠᠬᠤ ᠬᠤᠰᠢᠭᠤ ᠰᠤᠩᠭᠤᠬᠳᠠᠵᠠᠢ᠃

   

微信图片_20230129155547.jpg


ᠲᠠᠮᠢᠷ

✦ ᠭᠦ ᠠᠢ ᠯᠢᠩ ᠰᠢᠷᠬᠠᠳᠤᠬᠰᠠᠨ ᠡᠴᠡ ᠪᠤᠯᠵᠤ ᠳᠡᠯᠡᠬᠡᠢ ᠵᠢᠨ ᠰᠢᠨᠳᠠᠰᠤ ᠰᠢᠯᠭᠠᠬᠤ ᠪᠡᠶ᠎ᠡ ᠵᠢᠨ ᠲᠠᠮᠢᠷ᠎ᠤᠨ ᠴᠤᠬᠯᠠᠭᠠᠨ᠎ᠳᠦ ᠤᠷᠤᠯᠴᠠᠬᠤ ᠪᠡᠨ ᠪᠤᠯᠢᠪᠠ᠃

✦ 1 ᠰᠠᠷ᠎ᠠ ᠵᠢᠨ 28᠎ᠤ ᠡᠳᠦᠷ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠳᠤᠪᠴᠢᠶ᠎ᠠ ᠵᠢᠨ ᠠᠯᠠᠭᠠᠳᠠᠬᠤ ᠪᠦᠮᠪᠦᠬᠡ ᠵᠢᠨ ᠲᠠᠮᠢᠷ᠎ᠤᠨ ᠬᠦᠳᠡᠯᠬᠡᠬᠡᠨ᠎ᠤ ᠬᠠᠮᠢᠶᠠᠷᠤᠯᠳᠠ ᠵᠢᠨ ᠲᠦᠪ ᠡᠴᠡ 2023 ᠤᠨ᠎ᠤ ᠳᠤᠮᠳᠠᠳᠤ ᠤᠯᠤᠰ᠎ᠤᠨ ᠠᠯᠠᠭᠠᠳᠠᠬᠤ ᠪᠦᠮᠪᠦᠬᠡ ᠵᠢᠨ ᠠᠩᠬᠠᠨ᠎ᠤ ᠲᠦᠪᠯᠡᠷᠡᠬᠦᠯᠦᠨ ᠪᠤᠯᠪᠠᠰᠤᠷᠠᠭᠤᠯᠬᠤ ᠲᠠᠮᠢᠷᠴᠢᠳ᠎ᠤᠨ ᠨᠡᠷᠡᠰ᠎ᠢ ᠨᠡᠢᠳᠡᠯᠡᠵᠦ᠂ ᠯᠢ ᠶᠢᠩ ᠶᠢᠩ᠂ ᠶᠤᠸᠠᠨ ᠰᠢᠨ ᠶᠤᠸᠠᠢ  ᠵᠡᠷᠭᠡ ᠲᠠᠮᠢᠷᠴᠢᠳ ᠰᠤᠩᠭᠤᠬᠳᠠᠨ᠂ ᠵᠦ᠍ ᠲᠢᠩ ᠪᠤᠯᠤᠨ ᠶᠤᠤ ᠳᠢ ᠳᠤᠰ ᠨᠡᠷᠡᠰ᠎ᠲᠦ ᠰᠤᠩᠭᠤᠬᠳᠠᠬᠰᠠᠨ ᠦᠭᠡᠢ᠃

✦ 1 ᠰᠠᠷ᠎ᠠ ᠵᠢᠨ 27᠎ᠤ ᠡᠳᠦᠷ ᠵᠡᠬᠦᠨ ᠦᠵᠦᠮᠦᠴᠢᠨ ᠬᠤᠰᠢᠭᠤᠨ᠎ᠤ ᠦᠨᠳᠦᠰᠦᠳᠡᠨ᠎ᠤ ᠤᠯᠠᠮᠵᠢᠯᠠᠯᠳᠤ ᠰᠤᠷ ᠬᠠᠷᠪᠤᠭ᠎ᠠ ᠵᠢᠨ ᠨᠡᠢᠭᠡᠮᠯᠢᠭ᠎ᠤᠨ 2022 ᠤᠨ᠎ᠤ《ᠤᠨ᠎ᠤ ᠮᠠᠩᠯᠠᠢ》ᠰᠢᠯᠭᠠᠷᠠᠭᠤᠯᠬᠤ ᠤᠷᠤᠯᠳᠤᠭᠠᠨ ᠠᠮᠵᠢᠯᠳᠠ ᠲᠦᠭᠦᠷᠡᠩ ᠶᠠᠪᠤᠬᠳᠠᠵᠠᠢ᠃

 

微信图片_20230129122805.jpg

 

ᠳᠡᠯᠡᠬᠡᠢ

✦ ᠦᠺᠷᠠᠢᠨ᠎ᠤ ᠬᠢᠮᠤᠷᠠᠯ ᠨᠢ ᠠᠮᠧᠷᠢᠺᠠ ᠵᠢᠨ 2022 ᠤᠨ᠎ᠤ ᠡᠳ᠋᠎ᠤᠨ ᠵᠠᠰᠠᠬ᠎ᠤᠨ ᠴᠡᠷᠢᠭ᠎ᠤᠨ ᠪᠤᠷᠤᠯᠠᠭᠤᠯᠭ᠎ᠠ ᠵᠢᠨ ᠳᠤᠭ᠎ᠠ᠎ᠶᠢ ᠲᠦᠷᠬᠡᠨ ᠵᠢᠨᠷ ᠨᠡᠮᠡᠭᠳᠡᠬᠦᠯᠵᠠᠢ᠃

✦ ᠵᠦᠩ ᠰᠢᠨ ᠰᠦᠯᠵᠢᠶ᠎ᠡ ᠵᠢᠨ ᠮᠡᠳᠡᠬᠡ᠎ᠶᠢ ᠦᠨᠳᠦᠰᠦᠯᠡᠪᠡᠯ᠂ ᠡᠸᠦ᠋ᠷᠦᠫᠠ ᠵᠢᠨ ᠬᠤᠯᠪᠤᠭ᠎ᠠ ᠨᠢ ᠤᠷᠤᠰ᠎ᠤᠨ ᠴᠢᠯᠠᠭᠤᠨ ᠳᠤᠰᠤᠨ᠎ᠤ ᠪᠦᠲᠦᠬᠡᠭᠳᠡᠬᠦᠨ᠎ᠢ ᠵᠦᠭᠡᠭᠡᠪᠦᠷᠢᠯᠡᠬᠦ᠎ᠶᠢ ᠴᠠᠭᠠᠵᠠᠯᠠᠬᠤ ᠡᠴᠡ ᠡᠮᠦᠨ᠎ᠡ ᠵᠠᠪᠳᠤᠵᠤ ᠤᠷᠤᠰ ᠡᠴᠡ ᠶᠡᠬᠡ ᠬᠡᠮᠵᠢᠶᠡᠨ᠎ᠤ ᠴᠠᠢᠶᠢᠦ ᠳᠤᠰᠤ ᠬᠤᠳᠠᠯᠳᠤᠨ ᠠᠪᠴᠤ ᠪᠠᠢᠨ᠎ᠠ᠃  

ᠦᠢᠯᠡᠴᠢᠯᠡᠭᠡ

✦ ᠮᠧᠩ ᠱᠠᠩ ᠪᠠᠩᠬᠢ ᠠᠵᠢᠯᠳᠠᠨ ᠡᠯᠰᠡᠬᠦ ᠪᠡᠷ ᠪᠤᠢ᠃

✦ ᠬᠠᠭᠠᠨ᠎ᠤ ᠤᠷᠳᠤᠨ᠎ᠤ ᠮᠦᠽᠧᠢ 2 ᠰᠠᠷ᠎ᠠ ᠵᠢᠨ 1᠎ᠤ ᠡᠳᠦᠷ ᠪᠠᠬᠰᠢ ᠪᠤᠯᠤᠨ ᠶᠡᠬᠡ ᠰᠤᠷᠭᠠᠭᠤᠯᠢ ᠵᠢᠨ ᠵᠢᠩᠬᠢᠨᠢ ᠠᠩᠬᠢ ᠵᠢᠨ ᠲᠡᠭᠡᠳᠦ ᠰᠤᠷᠭᠠᠭᠤᠯᠢ᠂ ᠳᠤᠰᠬᠠᠢ ᠮᠡᠷᠭᠡᠵᠢᠯ᠎ᠤᠨ ᠲᠡᠭᠡᠳᠦ ᠰᠤᠷᠭᠠᠭᠤᠯᠢ ᠵᠢᠨ ᠰᠤᠷᠤᠬᠴᠢᠳ ᠡᠴᠡ ᠰᠦᠢᠳᠬᠡᠯ ᠬᠤᠷᠢᠶᠠᠬᠤ ᠦᠭᠡᠢ ᠨᠡᠬᠡᠬᠡᠬᠦ ᠪᠤᠯᠤᠨ᠎ᠠ᠃

ᠲᠠᠨ ᠎ᠤ ᠳᠣᠰᠠ ᠎ᠳᠤ  

✦ ᠤᠨᠳᠠᠬᠤ ᠵᠢᠨ ᠳᠤᠬᠠᠢ ᠬᠡᠳᠦᠨ ᠰᠠᠨᠠᠭᠤᠯᠤᠮᠵᠢ᠎ᠶᠢ ᠲᠠ ᠪᠦᠬᠦᠨ ᠲᠠᠢ ᠪᠡᠨ ᠬᠤᠪᠢᠶᠠᠯᠴᠠᠶ᠎ᠠ᠃ ᠨᠢᠬᠡ᠎ᠳᠦ᠂ ᠰᠡᠷᠢᠴᠢᠬᠡᠬᠡᠳ ᠤᠷᠤᠨ ᠡᠴᠡ ᠪᠡᠨ ᠪᠤᠰᠬᠤ ᠦᠭᠡᠢ ᠪᠠᠢᠳᠠᠯ᠎ᠳᠦ ᠴᠠᠬ᠎ᠤᠨ ᠬᠢᠵᠠᠭᠠᠷ ᠪᠠᠢᠳᠠᠭ᠃ 15 ᠡᠴᠡ 30 ᠮᠢᠨᠦ᠋ᠲ᠎ᠤᠨ ᠳᠤᠳᠤᠷ᠎ᠠ ᠬᠠᠮᠤᠭ ᠳᠤᠬᠢᠷᠠᠮᠵᠢᠳᠠᠢ ᠪᠠᠢᠵᠤ᠂ ᠬᠡᠳᠦᠷᠡᠪᠡᠯ ᠲᠠᠷᠢᠬᠢᠨ᠎ᠤ ᠴᠢᠰᠤᠨ᠎ᠤ ᠬᠠᠩᠭᠠᠯᠭ᠎ᠠ ᠬᠦᠷᠦᠯᠴᠡᠬᠦ ᠦᠭᠡᠢ ᠪᠠᠢᠳᠠᠯ ᠡᠬᠦᠰᠳᠡᠭ; ᠬᠤᠶᠠᠷ᠎ᠲᠦ᠂ ᠤᠷᠳᠤ ᠬᠤᠭᠤᠴᠠᠭ᠎ᠠ ᠪᠡᠷ ᠰᠦᠨᠢᠵᠢᠨ ᠤᠨᠳᠠᠬᠤ ᠦᠭᠡᠢ ᠪᠠᠢᠬᠤ ᠨᠢ ᠪᠡᠶ᠎ᠡ᠎ᠳᠦ ᠶᠡᠬᠡ ᠬᠤᠤᠷ ᠬᠦᠨᠦᠬᠡᠯ ᠲᠠᠢ ᠪᠠᠢᠳᠠᠭ; ᠭᠤᠷᠪᠠ᠎ᠳᠦ᠂ ᠵᠠᠷᠢᠮ ᠬᠦᠮᠦᠰ ᠦᠷᠬᠦᠯᠵᠢ ᠬᠡᠳᠦᠷᠡᠳᠡᠯ᠎ᠡ ᠤᠨᠳᠠᠬᠤ ᠡᠴᠡ ᠪᠡᠨ ᠡᠮᠢᠶᠡᠳᠡᠭ᠂ ᠡᠨᠡ ᠨᠢ ᠤᠨᠳᠠᠯᠭ᠎ᠠ ᠵᠢᠨ ᠶᠠᠰᠤ ᠴᠢᠨᠠᠷ᠎ᠢ ᠨᠦᠯᠦᠭᠡᠯᠡᠳᠡᠭ᠃ ᠪᠤᠯᠤᠮᠵᠢ ᠲᠠᠢ ᠪᠤᠯ ᠰᠡᠷᠢᠬᠦᠯᠬᠡ ᠳᠠᠯᠪᠢᠬᠤ ᠦᠭᠡᠢ ᠰᠠᠨᠠᠭᠠᠨ ᠳᠠᠪᠠ ᠪᠡᠷ ᠵᠢᠨᠨ ᠤᠨᠳᠠᠵᠤ ᠰᠡᠷᠢᠪᠡᠯ ᠪᠡᠶ᠎ᠡ᠎ᠳᠦ ᠰᠠᠢᠨ; ᠲᠦᠷᠪᠡ᠎ᠳᠦ᠂ ᠤᠨᠳᠠᠯᠭ᠎ᠠ ᠵᠢᠨ ᠦᠷᠦᠬᠡᠨ᠎ᠤ ᠪᠡᠨ ᠤᠷᠴᠢᠨ ᠲᠤᠭᠤᠷᠢᠨ᠎ᠢ ᠲᠠᠭᠠᠯᠠᠮᠵᠢᠳᠠᠢ ᠪᠠᠢᠯᠭᠠᠵᠤ᠂ ᠡᠯᠧᠺᠲ᠋ᠷᠤᠨ ᠲᠦᠭᠦᠭᠡᠷᠦᠮᠵᠢ ᠡᠴᠡ ᠬᠤᠯᠠᠬᠠᠨ ᠪᠠᠢᠵᠤ᠂ ᠳ᠋ᠧᠩ᠎ᠤᠨ ᠬᠡᠷᠡᠯ ᠪᠦᠳᠡᠬᠢ ᠪᠠᠢᠪᠠᠯ ᠵᠤᠬᠢᠨ᠎ᠠ᠃

ᠵᠠᠯᠭᠠᠭᠠᠳ《ᠮᠢᠨᠤ ᠰᠠᠢᠬᠠᠨ ᠨᠠᠢᠵᠠ》ᠲᠠᠭᠤᠤ ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠨᠡᠪᠳᠡᠷᠡᠭᠦᠯᠬᠡ ᠮᠠᠨᠢ ᠲᠠ ᠪᠦᠬᠦᠨ᠎ᠳᠦ ᠲᠠᠭᠠᠯᠠᠬᠳᠠᠬᠰᠠᠨ ᠪᠤᠯ ᠤᠳᠤᠨ ᠳᠡᠮᠳᠡᠭ ᠱᠠᠩᠨᠠᠵᠤ ᠤᠷᠮ᠎ᠠ ᠬᠠᠢᠷᠠᠯᠠᠭᠠᠷᠠᠢ᠂ ᠲᠠᠬᠢᠨ ᠠᠭᠤᠯᠵᠠᠳᠠᠯ᠎ᠠ ᠪᠡᠨ ᠲᠦᠷ ᠪᠠᠶᠠᠷᠳᠠᠢ!

(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂  ᠮᠠᠨ᠎ᠤ ᠤᠷᠤᠨ᠎ᠤ ᠡᠯ᠎ᠠ ᠠᠢᠮᠠᠭ ᠬᠤᠳᠠ᠂  ᠬᠤᠰᠢᠭᠤ ᠰᠢᠶᠠᠨ᠎ᠤ  ᠵᠢᠷᠬᠢᠶ᠎ᠠ᠎ᠶᠢᠨ ᠲᠠᠪᠴᠠᠩ)                          

ᠬᠤᠪᠢᠶᠠᠯᠴᠠᠬᠤ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄0471-6659832 ᠢᠮᠧᠯ᠄tn@mgyxw.net   蒙ICP备10000005号