



ᠨᠡᠢᠭᠡᠮ
✦ ᠤᠯᠤᠰ᠎ᠤᠨ ᠭᠠᠢᠯᠢ᠎ᠶᠢᠨ ᠶᠠᠪᠤᠳᠠᠯ᠎ᠤᠨ
ᠶᠡᠷᠦᠩᠬᠡᠢ ᠲᠣᠪᠴᠢᠶ᠎ᠠ᠎ᠶᠢᠨ ᠮᠡᠳᠡᠭᠡ ᠵᠢ ᠦᠨᠳᠦᠰᠦᠯᠡᠪᠡᠯ᠂ ᠡᠨᠡ ᠵᠢᠯ᠎ᠦᠨ ᠲᠦᠷᠦᠭᠦᠸ᠋ 11 ᠰᠠᠷ᠎ᠠ᠎ᠳᠤ
ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ ᠨᠡᠶ᠋ᠢᠲᠡ 3904 ᠠᠶᠤᠯ ᠲᠦᠭᠰᠢᠭᠦᠷᠢ ᠶᠡᠬᠡᠲᠡᠢ ᠲᠣᠰᠣ᠌
ᠨᠡᠮᠡᠬᠦ ᠥᠷᠲᠡᠭᠡ᠎ᠶᠢ ᠪᠠᠢᠴᠠᠭᠠᠨ ᠰᠢᠢᠳᠪᠦᠷᠢᠯᠡᠵᠦ᠂ ᠭᠠᠢᠯᠢ᠎ᠶᠢᠨ ᠵᠣᠭᠣᠰ᠎ᠢ 41.63 ᠳ᠋ᠦᠩᠰᠢᠭᠤᠷ
ᠲᠥᠭᠥᠷᠢᠭ ᠪᠠᠢᠴᠠᠭᠠᠨ ᠨᠥᠬᠥᠪᠦᠷᠢᠯᠡᠪᠡ᠃ ᠰᠦᠯᠵᠢᠶᠡᠨ᠎ᠦ ᠨᠡᠷᠡᠲᠦ ᠬᠥᠮᠥᠰ ᠢ᠋ ᠪᠠᠭᠲᠠᠭᠠᠭᠰᠠᠨ 1818 《ᠬᠣᠣᠰ ᠥᠨᠳᠥᠷ》 ᠠᠵᠢᠯᠲᠠᠨ ᠢ᠋ ᠪᠠᠢᠴᠠᠭᠠᠨ
ᠰᠢᠢᠳᠪᠦᠷᠢᠯᠡᠵᠦ᠂ 15.23 ᠳ᠋ᠦᠩᠰᠢᠭᠤᠷ ᠲᠥᠭᠥᠷᠢᠭ᠎ᠦᠨ ᠭᠠᠢᠯᠢ ᠶ᠋ᠢᠨ ᠵᠣᠭᠣᠰ ᠢ᠋ ᠪᠠᠢᠴᠠᠭᠠᠨ
ᠨᠥᠬᠥᠪᠦᠷᠢᠯᠡᠪᠡ᠃
✦ ᠣᠢᠷ᠎ᠠ᠎ᠳᠤ ᠤᠯᠤᠰ᠎ᠤᠨ ᠡᠷᠡᠭᠦᠯ ᠬᠠᠮᠠᠭᠠᠯᠠᠯ
ᠡᠷᠡᠭᠦᠯ ᠮᠡᠨᠳᠦ᠎ᠶᠢᠨ ᠵᠥᠪᠯᠡᠯ 《ᠦᠨᠳᠦᠰᠦᠨ ᠱᠠᠲᠤᠨ᠎ᠤ
ᠤᠳᠠᠭᠠᠨ ᠴᠢᠨᠠᠷᠲᠠᠢ ᠡᠪᠡᠳᠴᠢᠨ᠎ᠦ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠦ
ᠴᠢᠳᠠᠪᠤᠷᠢ ᠶᠢᠨ ᠪᠠᠢᠭᠤᠯᠤᠯᠲᠠ᠎ᠶᠢᠨ ᠵᠢᠯᠣᠭᠣᠳᠤᠮᠵᠢ》᠎ᠶ᠋ᠢ
ᠨᠡᠢᠲᠡᠯᠡᠵᠦ᠂ ᠡᠯ᠎ᠡ ᠭᠠᠵᠠᠷ᠎ᠤᠨ ᠬᠢᠨ᠎ᠦ ᠬᠡᠷᠡᠭᠴᠡᠭᠡ᠎ᠪᠡᠨ ᠦᠨᠳᠦᠰᠦᠯᠡᠨ ᠦᠨᠳᠦᠰᠦᠨ ᠱᠠᠲᠤᠨ᠎ᠤ ᠤᠳᠠᠭᠠᠨ
ᠴᠢᠨᠠᠷᠲᠠᠢ ᠡᠪᠡᠳᠴᠢᠨ᠎ᠦ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠦᠢᠯᠡᠴᠢᠯᠡᠭᠡᠨ ᠤ᠋ ᠴᠢᠳᠠᠪᠤᠷᠢ᠎ᠶᠢᠨ
ᠪᠠᠢᠭᠤᠯᠤᠯᠲᠠ᠎ᠶᠢ ᠠᠬᠢᠭᠤᠯᠵᠤ᠂《ᠨᠢᠭᠡ ᠥᠷᠲᠡᠭᠡᠴᠢᠯᠡᠭᠰᠡᠨ
ᠮᠠᠶᠢᠭ᠋》᠎ᠤ᠋ᠨ ᠴᠢᠳᠠᠮᠵᠢ᠎ᠶᠢ ᠨᠢᠭᠡᠳᠬᠡᠭᠰᠡᠨ ᠦᠨᠳᠦᠰᠦᠨ ᠱᠠᠲᠤᠨ᠎ᠤ
ᠤᠳᠠᠭᠠᠨ ᠴᠢᠨᠠᠷᠲᠠᠢ ᠡᠪᠡᠳᠴᠢᠨ᠎ᠦ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠦᠢᠯᠡᠴᠢᠯᠡᠭᠡ ᠬᠠᠩᠭᠠᠬᠤ
ᠵᠢ ᠵᠢᠭᠠᠨ ᠵᠢᠯᠤᠭᠣᠳᠴᠠᠢ᠃
✦ ᠳᠤᠮᠳᠠᠳᠤ ᠪᠢᠷᠮᠠ᠎ᠲᠠᠢ ᠤᠯᠤᠰ ᠭᠤᠷᠪᠠᠨ
ᠤᠯᠤᠰ᠎ᠤᠨ ᠴᠠᠭᠳᠠᠭᠠᠨ ᠤ᠋ ᠲᠠᠯ᠎ᠠ᠎ᠶᠢᠨ ᠬᠢᠨ᠎ᠦ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠦᠨ
ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠬᠠᠮᠲᠤᠷᠠᠭᠰᠠᠨ ᠠᠵᠢᠯᠯᠠᠭ᠎ᠠ᠎ᠶᠢᠨ ᠭᠦᠨᠵᠡᠭᠡᠢᠷᠡᠬᠦ᠎ᠶᠢ
ᠳᠠᠭᠠᠯᠳᠤᠨ᠂ ᠤᠷᠴᠢᠮᠬᠠᠨ ᠪᠢᠷᠮᠠ᠎ᠶᠢᠨ ᠮᠢᠶᠠᠸᠠᠳᠢ ᠣᠷᠣᠨ ᠳ᠋ᠡᠬᠢ ᠳᠤᠮᠳᠠᠳᠤ ᠤᠯᠤᠰ᠎ᠤᠨ ᠬᠠᠷᠢᠶ᠎ᠠ᠎ᠲᠠᠢ
ᠬᠢᠬᠠᠨ ᠮᠡᠬᠡᠯᠡᠭᠰᠡᠨ ᠶᠠᠯ᠎ᠠ ᠬᠢᠭᠰᠡᠨ 1178 ᠰᠡᠵᠢᠭᠲᠡᠨ᠎ᠢ ᠮᠠᠨ᠎ᠤ ᠤᠯᠤᠰ᠎ᠲᠠᠢ ᠤᠯᠤᠰ ᠤ᠋ᠨ
ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠪᠡᠷ ᠳᠠᠮᠵᠢᠨ ᠪᠠᠷᠢᠪᠴᠢᠯᠠᠵᠤ ᠠᠪᠴᠢᠷᠠᠪᠠ᠃

✦ 2025 ᠣᠨ ᠠ᠋ᠴᠠ ᠨᠠᠭᠠᠰᠢ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ
ᠣᠷᠣᠨ᠎ᠤ ᠡᠮᠡᠭᠲᠡᠢᠴᠦᠳ᠎ᠦᠨ ᠬᠣᠯᠪᠣᠭ᠎ᠠ ᠪᠥᠬᠥ ᠤᠯᠤᠰ᠎ᠤᠨ ᠡᠮᠡᠭᠲᠡᠢᠴᠦᠳ᠎ᠦᠨ ᠰᠠᠭᠤᠷᠢ ᠮᠥᠩᠭᠥᠨ᠎ᠦ ᠨᠡᠢᠭᠡᠮᠯᠢᠭ᠂
ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ ᠪᠣᠯᠣᠨ ᠨᠡᠢᠭᠡᠮ᠎ᠦᠨ ᠡᠯ᠎ᠡ ᠡᠲᠡᠭᠡᠳ᠎ᠦᠨ ᠳᠡᠮᠵᠢᠯᠭᠡ ᠳᠣᠣᠷ᠎ᠠ
ᠨᠡᠶ᠋ᠢᠲᠡ᠎ᠶᠢᠨ ᠠᠰᠠᠷᠠᠮᠵᠢ᠎ᠶᠢᠨ ᠬᠠᠢᠷ᠎ᠠ ᠬᠠᠯᠠᠮᠵᠢ᠎ᠶᠢᠨ ᠵᠣᠭᠣᠰ ᠮᠥᠩᠭᠥ ᠡᠳ᠋ ᠪᠣᠳᠠᠰ᠎ᠢ 4972 ᠲᠦᠮᠡᠨ ᠲᠥᠭᠥᠷᠢᠭ
ᠴᠤᠭᠯᠠᠭᠤᠯᠵᠤ᠂ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ 35 ᠲᠦᠷᠦᠯ ᠵᠦᠢᠯ ᠢ᠋ ᠬᠡᠷᠡᠭᠵᠢᠭᠦᠯᠵᠦ
ᠪᠤᠢ᠃
✦ 2025 — 2026 ᠬᠥᠬᠡᠬᠣᠲᠠ᠎ᠶᠢᠨ ᠴᠠᠰᠤ ᠮᠥᠰᠥᠨ᠎ᠤ ᠵᠢᠭᠤᠯᠴᠢᠯᠠᠯ ᠤ᠋ᠨ
ᠤᠯᠠᠷᠢᠯ 7᠎ᠤ ᠡᠳᠦᠷ᠎ᠡᠴᠡ ᠡᠬᠢᠯᠡᠵᠦ᠂ ᠬᠣᠲᠠ᠎ᠶᠢᠨ ᠠᠷᠠᠳ 2025 ᠣᠨ᠎ᠤ 12 ᠰᠠᠷ᠎ᠠ᠎ᠶᠢᠨ 7᠎ᠡᠴᠡ 2026
ᠣᠨ᠎ᠤ 1 ᠰᠠᠷ᠎ᠠ᠎ᠶᠢᠨ 7᠎ᠤ ᠡᠳᠦᠷ᠎ᠦᠨ ᠬᠣᠭᠣᠷᠣᠨᠳᠤ ᠵᠢᠭᠠᠨ ᠲᠣᠭᠲᠠᠭᠠᠭᠰᠠᠨ ᠦᠵᠡᠮᠵᠢ᠎ᠶᠢᠨ ᠣᠷᠣᠨ᠂ ᠬᠣᠨᠣᠭ
ᠬᠣᠭᠣᠯᠠ ᠤᠮᠳᠠᠭᠠᠨ᠎ᠤ ᠭᠠᠵᠠᠷ ᠲᠸ᠋ ᠬᠢᠮᠳᠠᠷᠠᠯ ᠬᠦᠷᠲᠡᠵᠦ ᠪᠣᠯᠣᠨ᠎ᠠ᠃

✦ 2026 ᠣᠨ᠎ᠤ 1 ᠰᠠᠷ᠎ᠠ ᠠ᠋ᠴᠠ ᠡᠬᠢᠯᠡᠨ
ᠬᠥᠯᠥᠨ ᠪᠣᠶ᠋ᠢᠷ ᠬᠤᠲᠠ ᠥᠨᠳᠥᠷ ᠨᠠᠰᠤᠨ᠎ᠤ ᠨᠥᠬᠥᠪᠦᠷᠢ ᠣᠯᠭᠣᠬᠤ ᠠᠷᠭ᠎ᠠ ᠮᠠᠶᠢᠭ᠋᠎ᠲᠤ
ᠲᠣᠬᠢᠷᠠᠭᠤᠯᠤᠯᠲᠠ ᠬᠢᠵᠦ᠂ ᠰᠠᠷ᠎ᠠ ᠪᠦᠷᠢ ᠭᠡᠷᠡᠴᠢᠯᠡᠬᠦ ᠱᠠᠭᠠᠷᠳᠠᠯᠭ᠎ᠠ ᠨᠡᠮᠡᠵᠡᠢ᠃ ᠥᠨᠳᠥᠷ ᠨᠠᠰᠤᠨ᠎ᠤ ᠨᠥᠬᠥᠪᠦᠷᠢ᠎ᠳᠦ 《ᠲᠣᠰ ᠰᠠᠷ᠎ᠠ᠎ᠳᠤ ᠭᠡᠷᠡᠴᠢᠯᠡᠭᠡ ᠬᠢᠵᠦ᠂ ᠳᠠᠷᠠᠭ᠎ᠠ ᠰᠠᠷ᠎ᠠ᠎ᠳᠤ ᠣᠯᠭᠣᠬᠤ》 ᠳᠦᠷᠢᠮ᠎ᠢ ᠬᠡᠷᠡᠭᠵᠢᠭᠦᠯᠵᠦ᠂ ᠰᠠᠷ᠎ᠠ ᠪᠦᠷᠢ ᠭᠡᠷᠡᠴᠢᠯᠡᠭᠡ ᠬᠢᠯᠭᠡᠭᠰᠡᠨ
ᠨᠠᠰᠤᠲᠠᠢᠴᠤᠳ᠎ᠤᠨ ᠨᠥᠬᠥᠪᠦᠷᠢ᠎ᠶᠢ ᠳᠠᠷᠠᠭ᠎ᠠ ᠰᠠᠷ᠎ᠠ᠎ᠶᠢᠨ 10᠎ᠤ ᠡᠳᠦᠷ᠎ᠡᠴᠡ ᠡᠮᠦᠨ᠎ᠡ ᠲᠠᠩᠰᠠᠨ᠎ᠳᠤ
ᠣᠷᠣᠭᠤᠯᠤᠨ᠎ᠠ᠃
✦ 2025 ᠣᠨ᠎ᠤ 6 ᠰᠠᠷ᠎ᠠ᠎ᠠᠴᠠ ᠨᠠᠭᠠᠰᠢ᠂ ᠴᠤᠤᠯ ᠭᠣᠣᠯ᠎ᠤᠨ
ᠤᠰᠤ᠎ᠶᠢ ᠯᠢᠶᠣᠤᠾᠧ ᠭᠣᠣᠯ᠎ᠳᠤ ᠲᠠᠲᠠᠬᠤ ᠢᠨᠵᠧᠨᠧᠷᠢᠩ ᠨᠡᠢᠲᠡ
5500 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠦᠷᠢᠯᠡᠪᠡ᠃ 2026 ᠣᠨ᠎ᠳᠤ ᠢᠵᠢ ᠪᠦᠷᠢᠳᠦᠭᠦᠯᠬᠦ ᠲᠥᠬᠦᠭᠡᠷᠦᠮᠵᠢ᠎ᠶᠢ ᠪᠠᠢᠭᠤᠯᠵᠤ
ᠳᠠᠭᠤᠰᠬᠠᠭᠰᠠᠨ᠎ᠤ ᠳᠠᠷᠠᠭ᠎ᠠ ᠵᠢᠯ ᠪᠦᠷᠢ ᠭᠠᠵᠠᠷ᠎ᠤᠨ ᠭᠠᠳᠠᠷᠭᠤ᠎ᠶᠢᠨ ᠤᠰᠤ᠎ᠶᠢ 2.87 ᠳ᠋ᠦᠩᠰᠢᠭᠤᠷ ᠪᠣᠰᠣᠭ᠎ᠠ
ᠳᠥᠷᠪᠡᠯᠵᠢᠨ ᠮᠧᠲᠷ ᠬᠠᠩᠭᠠᠵᠤ ᠳᠡᠶ᠋ᠢᠯᠬᠦ ᠪᠣᠯᠣᠨ᠎ᠠ᠃

✦ ᠣᠢᠷ᠎ᠠ᠎ᠳᠤ 《ᠠᠭᠤᠯᠠ ᠤᠰᠤᠨ᠎ᠤ ᠢᠨᠵᠧᠨᠧᠷᠢᠩ — ᠳᠤᠮᠳᠠᠳᠤ ᠤᠯᠤᠰ᠎ᠤᠨ ᠠᠮᠢ ᠠᠬᠤᠢ᠎ᠶᠢᠨ ᠬᠠᠮᠠᠭᠠᠯᠠᠯᠲᠠ ᠰᠡᠷᠭᠦᠭᠡᠯᠲᠡ》 ᠵᠢᠨ ᠲᠠᠪᠤᠳᠤᠭᠠᠷ ᠪᠦᠯᠦᠭ ᠪᠤᠯᠬᠤ 《ᠨᠣᠭᠣᠭᠠᠨ
ᠨᠢᠷᠤᠭᠤ》 ᠶ᠋ᠢ ᠲᠥᠪ ᠲᠧᠯᠸᠢᠰ᠎ᠲᠦ ᠨᠡᠪᠲᠡᠷᠡᠭᠦᠯᠵᠦ᠂
ᠪᠠᠶᠠᠨᠨᠠᠭᠤᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠰᠡᠷᠭᠦᠭᠡᠯᠲᠡ᠎ᠳᠦ ᠠᠩᠬᠠᠷᠤᠯ᠎ᠢᠶᠠᠨ
ᠲᠥᠪᠯᠡᠷᠡᠭᠦᠯᠵᠦ᠂ ᠪᠠᠶᠠᠨᠨᠠᠭᠤᠷ ᠬᠡᠷᠬᠢᠨ 《ᠠᠭᠤᠯᠠ ᠤᠰᠤ ᠣᠶ ᠰᠢᠭᠤᠢ
ᠲᠠᠷᠢᠶᠠᠨ ᠭᠠᠵᠠᠷ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠨᠭᠬ᠎ᠠ》 ᠶ᠋ᠢ ᠰᠢᠰᠲᠧᠮ᠎ᠲᠠᠢ ᠵᠠᠰᠠᠬᠰᠠᠨᠢ ᠳᠡᠯᠭᠡᠨ ᠦᠵᠡᠭᠦᠯᠵᠡᠢ᠃
✦ ᠤᠢᠷ᠎ᠠ ᠳ᠋ᠤ ᠣᠷᠳᠣᠰ᠎ᠤᠨ ᠬᠣᠲᠠ᠎ᠶᠢᠨ ᠳᠡᠰ᠎ᠤᠨ ᠮᠠᠯ᠎ᠤᠨ
ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠣᠷᠣᠨ ᠪᠦᠰᠡ᠎ᠶᠢᠨ ᠨᠡᠢᠲᠡ᠎ᠶᠢᠨ ᠬᠡᠷᠡᠭᠯᠡᠭᠡᠨ᠎ᠦ ᠲᠦᠷᠦᠯ
ᠲᠡᠮᠳᠡᠭ ᠪᠣᠯᠬᠤ 《ᠳᠤᠯᠠᠭᠠᠨ ᠬᠣᠲᠠ᠎ᠶᠢᠨ ᠲᠠᠩᠰᠤᠭ
ᠠᠮᠲᠠ》 ᠵᠢᠨ ᠪᠡᠭᠡᠵᠢᠩ᠎ᠳᠡᠬᠢ
ᠠᠩᠬᠠᠨ᠎ᠤ ᠳᠡᠯᠭᠡᠭᠦᠷ ᠡᠭᠦᠳᠡ ᠪᠠᠨ ᠨᠡᠬᠡᠬᠡᠵᠦ᠂ ᠨᠡᠢᠰᠯᠡᠯ᠎ᠤᠨ ᠬᠡᠷᠡᠭᠯᠡᠭᠴᠢᠳ᠎ᠤᠨ ᠲᠠᠭᠠᠰᠢᠶᠠᠯ᠎ᠢ ᠤᠯᠵᠤ
ᠪᠠᠢᠨ᠎ᠠ᠃

✦ ᠣᠳᠣᠬᠠᠨ᠎ᠳᠤ ᠡᠷᠢᠶᠡᠨ ᠬᠣᠲᠠ᠎ᠶᠢᠨ ᠳᠤᠮᠳᠠᠳᠤ ᠮᠣᠩᠭᠣᠯ᠎ᠤᠨ
ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠎ᠤ ᠣᠶᠤᠨᠴᠢ ᠪᠣᠭᠣᠮᠲᠠ᠎ᠶᠢᠨ ᠬᠠᠮᠢᠶᠠᠷᠤᠯᠲᠠ᠎ᠶᠢᠨ ᠰᠢᠰᠲᠧᠮ᠎ᠦᠨ
ᠪᠠᠢᠭᠤᠯᠤᠯᠲᠠ᠎ᠶᠢ ᠶᠠᠭ ᠲᠦᠷᠭᠡᠳᠬᠡᠨ ᠠᠬᠢᠭᠤᠯᠵᠤ ᠪᠠᠢᠨ᠎ᠠ᠂ ᠵᠢᠱ᠌ᠢᠯᠲᠡ᠎ᠪᠡᠷ 2026 ᠣᠨ᠎ᠤ 2 ᠰᠠᠷ᠎ᠠ᠎ᠳᠤ ᠪᠠᠢᠭᠤᠯᠵᠤ
ᠳᠠᠭᠤᠰᠬᠠᠨ᠎ᠠ᠃ ᠲᠤᠬᠠᠢ᠎ᠶᠢᠨ ᠦᠶ᠎ᠡ᠎ᠳᠦ ᠳᠤᠮᠳᠠᠳᠤ ᠮᠣᠩᠭᠣᠯ᠎ᠤᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠎ᠤ
ᠪᠣᠭᠣᠮᠲᠠ ᠨᠢ 《ᠣᠶᠤᠨᠴᠢ᠎ᠪᠠᠷ ᠪᠣᠭᠣᠮᠲᠠ ᠥᠩᠭᠡᠷᠡᠬᠦ》 ᠰᠢᠨ᠎ᠡ ᠴᠠᠭ ᠦᠶ᠎ᠡ᠎ᠳᠦ ᠣᠷᠣᠵᠤ᠂ ᠣᠷᠣᠨ ᠪᠦᠰᠡ᠎ᠶᠢᠨ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ
ᠬᠢᠭᠡᠳ ᠬᠥᠮᠥᠰ᠎ᠦᠨ ᠰᠣᠯᠢᠯᠴᠠᠭ᠎ᠠ᠎ᠳᠤ ᠨᠠᠩ ᠥᠨᠳᠥᠷ ᠪᠦᠲᠦᠮᠵᠢᠲᠡᠶ᠂ ᠳᠥᠭᠥᠮ ᠳᠥᠲᠡ᠂ ᠠᠮᠤᠷ ᠲᠦᠪᠰᠢᠨ᠎ᠢᠶᠡᠷ
ᠪᠣᠭᠣᠮᠲᠠ ᠥᠩᠭᠡᠷᠡᠬᠦ ᠪᠠᠲᠤᠯᠠᠭ᠎ᠠ ᠬᠠᠩᠭᠠᠬᠤ ᠪᠣᠯᠣᠨ᠎ᠠ᠃

✦ ᠵᠡᠭᠦᠨᠭᠠᠷ ᠬᠣᠰᠢᠭᠤ ᠠᠷᠠᠳ᠎ᠤᠨ ᠠᠮᠢᠳᠤᠷᠠᠯ᠎ᠤᠨ ᠪᠣᠳᠠᠲᠤ
ᠶᠠᠪᠤᠳᠠᠯ᠎ᠳᠤ ᠨᠡᠢ᠍ᠢᠲᠡ 2340.03 ᠲᠦᠮᠡᠨ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠦ᠂ ᠣᠳᠣ᠌ ᠨᠢᠭᠡᠨᠲᠡ
60 ᠨᠠᠰᠤᠨ᠎ᠠᠴᠠ ᠳᠡᠭᠡᠭᠰᠢᠬᠢ 54260 ᠬᠥᠮᠥᠨ᠎ᠳᠦ 2026 ᠣᠨ᠎ᠤ ᠰᠠᠭᠤᠭᠠᠯᠢ ᠠᠷᠠᠳ᠎ᠤᠨ ᠡᠮ ᠡᠮᠨᠡᠯᠭᠡ᠎ᠶᠢᠨ
ᠳᠠᠭᠠᠳᠬᠠᠯ᠎ᠢ ᠣᠷᠣᠯᠠᠨ ᠲᠤᠰᠢᠶᠠᠵᠤ᠂ ᠣᠷᠣᠯᠠᠨ ᠲᠤᠰᠢᠶᠠᠭᠰᠠᠨ ᠵᠣᠭᠣᠰ᠎ᠤᠨ ᠲᠣᠭ᠎ᠠ ᠨᠢ 1982.14 ᠲᠦᠮᠡᠨ ᠲᠥᠭᠥᠷᠢᠭ᠎ᠲᠦ
ᠬᠥᠷᠪᠡ᠃
ᠠᠵᠤ ᠠᠬᠤᠢ
✦ 8᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ
ᠪᠠᠩᠬᠢ 2026 ᠣᠨ᠎ᠤ ᠦᠨᠡᠲᠦ ᠲᠡᠮᠦᠷᠯᠢᠭ᠎ᠦᠨ ᠳᠤᠷᠠᠰᠬᠠᠯ᠎ᠤᠨ ᠵᠣᠭᠣᠰ᠎ᠤᠨ ᠲᠥᠷᠥᠯ ᠵᠦᠢᠯ᠎ᠦᠨ
ᠲᠠᠷᠬᠠᠭᠠᠯᠲᠠ᠎ᠶᠢᠨ ᠲᠥᠯᠥᠪᠯᠡᠭᠡ᠎ᠶᠢ ᠨᠡᠢᠲᠡᠯᠡᠵᠦ᠂ 10 ᠲᠥᠷᠥᠯ ᠵᠦᠢᠯ᠂ 53 ᠲᠦᠷᠦᠯ ᠬᠡᠯᠪᠡᠷᠢ
ᠲᠠᠷᠬᠠᠭᠠᠬᠤ᠎ᠪᠠᠷ ᠪᠣᠶ᠃
✦ ᠣᠢᠷ᠎ᠠ᠎ᠳᠤ ᠦᠪᠦᠷ ᠮᠤᠨᠭᠭᠤᠯ᠎ᠤᠨ 800 ᠵᠢᠩ
ᠨᠠᠢ᠍ᠮᠠᠯᠵᠢ ᠵᠢ ᠲᠡᠭᠡᠭᠡᠭᠰᠡᠨ ᠨᠢᠰᠭᠡᠯ ᠱᠠᠩᠬᠠᠢ᠎ᠶᠢᠨ ᠨᠢᠰᠬᠡᠯ᠎ᠦᠨ ᠪᠠᠭᠤᠳᠠᠯ ᠠ᠋ᠴᠠ ᠤᠷᠤᠭᠰᠢᠲᠠᠢ᠎ᠪᠠᠷ
ᠮᠣᠷᠳᠠᠵᠤ᠂ ᠰᠢᠭᠤᠳ ᠮᠠᠯᠠᠢᠰᠢᠶ᠎ᠠ᠎ᠶᠢᠨ ᠨᠡᠢᠰᠯᠡᠯ ᠺᠦᠸᠠᠯᠠ ᠯᠦᠮᠫᠦᠷᠲᠤ ᠬᠦᠷᠴᠡᠢ᠃ ᠡᠨᠡ ᠨᠢ ᠦᠪᠦᠷ
ᠮᠤᠨᠭᠭᠤᠯ᠎ᠤᠨ ᠰᠢᠨ᠎ᠡ ᠰᠣᠷᠭᠣᠭ ᠤᠰᠤᠨ᠎ᠤ ᠭᠠᠷᠤᠯᠳᠠ ᠵᠢ ᠭᠠᠳᠠᠭᠠᠳᠤ᠎ᠳᠤ ᠭᠠᠷᠭᠠᠬᠤ ᠲᠠᠯ᠎ᠠ᠎ᠪᠠᠷ
ᠰᠢᠪᠲᠤᠯᠤᠯᠲᠠ ᠲᠠᠢ ᠪᠣᠯᠤᠭᠰᠠᠨ᠎ᠢ ᠬᠠᠷᠠᠭᠤᠯᠵᠤ ᠪᠠᠢᠨ᠎ᠠ᠃

ᠲᠠᠮᠢᠷ
✦ ᠪᠦᠬᠦ ᠤᠯᠤᠰ᠎ᠤᠨ ᠠᠷᠪᠠᠨ ᠬᠣᠶᠠᠳᠤᠭᠠᠷ
ᠬᠤᠭᠤᠴᠠᠭᠠᠨ᠎ᠤ ᠵᠡᠮᠳᠡᠭᠴᠦᠳ ᠦ᠋ᠨ ᠪᠡᠶ᠎ᠡ᠎ᠶᠢᠨ ᠲᠠᠮᠢᠷ᠎ᠤᠨ ᠴᠤᠭᠯᠠᠭᠠᠨ ᠵᠢᠴᠢ ᠶᠢᠰᠦᠳᠦᠭᠡᠷ
ᠬᠤᠭᠤᠴᠠᠭᠠᠨ᠎ᠤ ᠣᠨᠴᠠᠭᠠᠢ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ 12 ᠰᠠᠷ᠎ᠠ ᠵᠢᠨ 8᠎ᠤ
ᠡᠳᠦᠷ᠎ᠡᠴᠡ 15᠎ᠤ ᠡᠳᠦᠷ ᠪᠣᠯᠲᠠᠯ᠎ᠠ ᠭᠤᠸᠠᠩᠳᠦ᠋ᠩ ᠰᠢᠶᠠᠩᠭᠠᠩ ᠣᠣᠮᠧᠨ ᠭᠤᠷᠪᠠᠨ ᠭᠠᠵᠠᠷ ᠲᠦ᠍ ᠶᠠᠪᠤᠭᠳᠠᠬᠤ
ᠪᠠᠷ ᠪᠠᠢᠵᠤ᠂ ᠲᠤᠰ ᠬᠤᠭᠤᠴᠠᠭᠠᠨ᠎ᠤ ᠴᠤᠭᠯᠠᠭᠠᠨ᠎ᠳᠤ ᠨᠡᠢ᠍ᠢᠳᠡ 7218 ᠲᠠᠮᠢᠷᠴᠢᠨ ᠣᠷᠣᠯᠴᠠᠵᠤ᠂ ᠳᠡᠭᠡᠷ᠎ᠡ
ᠬᠤᠭᠤᠴᠠᠭᠠᠨ᠎ᠤ ᠬᠢ᠎ᠡᠴᠡ 2734 ᠬᠥᠮᠥᠨ ᠨᠡᠮᠡᠭᠳᠡᠵᠡᠢ᠃

ᠳᠡᠯᠡᠬᠡᠢ
✦ 12 ᠰᠠᠷ᠎ᠠ᠎ᠶᠢᠨ 8᠎ᠤ ᠡᠳᠦᠷ ᠮᠡᠳᠡᠭᠡᠯᠡᠭᠰᠡᠨ
ᠵᠢᠡᠷ᠂ ᠡᠨᠡ ᠵᠢᠯ᠎ᠦᠨ ᠭᠤᠷᠪᠠᠳᠤᠭᠠᠷ ᠤᠯᠠᠷᠢᠯ᠎ᠤᠨ ᠶᠠᠫᠤᠨ᠎ᠤ ᠤᠯᠤᠰ᠎ᠤᠨ ᠳᠣᠲᠣᠭᠠᠳᠤ᠎ᠶᠢᠨ
ᠦᠢᠯᠡᠳᠪᠦᠷᠢᠯᠡᠯ᠎ᠦᠨ ᠶᠡᠷᠦᠨᠭᠬᠡᠢ ᠥᠷᠲᠡᠭ (GDP) ᠳᠡᠭᠡᠷ᠎ᠠ ᠤᠯᠠᠷᠢᠯ᠎ᠤᠨ ᠠᠳᠠᠯᠢ ᠬᠤᠭᠤᠴᠠᠭᠠᠨ᠎ᠤ ᠬᠢ ᠡᠴᠡ 0.6% ᠪᠡᠷ ᠪᠠᠭᠠᠰᠤᠭᠰᠠᠨ
ᠪᠠᠢᠨ᠎ᠠ᠃ ᠵᠢᠯ᠎ᠦᠨ ᠨᠣᠷᠮ᠎ᠠ᠎ᠪᠠᠷ ᠪᠤᠳᠤᠪᠠᠯ ᠪᠠᠭᠤᠷᠠᠯᠲᠠ᠎ᠶᠢᠨ ᠬᠡᠮᠵᠢᠶ᠎ᠡ 2.3% ᠪᠣᠯᠲᠠᠯ᠎ᠠ ᠥᠷᠭᠡᠳᠴᠡᠢ᠂
ᠡᠨᠡ ᠬᠦ᠌ ᠪᠠᠭᠤᠷᠠᠯᠲᠠ᠎ᠶᠢᠨ ᠬᠡᠮᠵᠢᠶ᠎ᠡ ᠨᠢ ᠠᠷᠠᠳ᠎ᠤᠨ ᠳᠤᠮᠳᠠᠬᠢ ᠵᠢᠱ᠌ᠢᠯᠲᠡ᠎ᠶᠢᠨ ᠳᠤᠮᠳᠠᠴᠢ
ᠥᠷᠲᠡᠭ᠎ᠡᠴᠡ 2.0% ᠳᠠᠪᠠᠭᠰᠠᠨ ᠪᠠᠢᠨ᠎ᠠ᠃

✦ ᠠᠩᠭ᠌ᠯᠢ᠎ᠶᠢᠨ ᠵᠠᠰᠠᠭ᠎ᠤᠨ ᠣᠷᠳᠣᠨ ᠲᠦᠷᠦᠭᠦᠬᠡᠨ
8.2 ᠳ᠋ᠦᠩᠰᠢᠭᠤᠷ ᠫᠦᠨᠳ᠋᠎ᠤᠨ ᠵᠠᠯᠠᠭᠤᠴᠤᠳ᠎ᠤᠨ ᠠᠵᠢᠯ ᠣᠯᠭᠣᠯᠲᠠ᠎ᠶᠢ ᠳᠡᠮᠵᠢᠬᠦ ᠲᠥᠯᠥᠪᠯᠡᠭᠡ᠎ᠶᠢ
ᠬᠡᠷᠡᠭᠵᠢᠭᠦᠯᠵᠦ᠂ ᠪᠣᠯᠪᠠᠰᠤᠷᠠᠯ᠎ᠤᠨ ᠠᠵᠢᠯ᠎ᠤᠨ ᠪᠠᠢᠷᠢ᠎ᠶᠢ ᠰᠢᠨ᠎ᠡ᠎ᠪᠡᠷ ᠨᠡᠮᠡᠭᠳᠡᠭᠦᠯᠬᠦ᠂ ᠦᠨᠳᠦᠰᠦᠨ
ᠠᠵᠢᠯ ᠣᠯᠭᠣᠯᠲᠠ᠎ᠶᠢ ᠪᠠᠲᠤᠯᠠᠬᠤ᠂ ᠲᠤᠰᠬᠠᠢ ᠵᠦᠢᠯ᠎ᠢᠶᠡᠷ ᠬᠠᠪᠰᠤᠷᠤᠨ ᠲᠡᠳᠬᠦᠬᠦ ᠵᠡᠷᠭᠡ ᠠᠷᠭ᠎ᠠ
ᠬᠡᠮᠵᠢᠶ᠎ᠡ᠎ᠪᠡᠷ ᠳᠠᠮᠵᠢᠭᠤᠯᠤᠨ ᠵᠠᠭᠤ ᠰᠢᠬᠠᠮ ᠲᠦᠮᠡᠨ ᠵᠠᠯᠠᠭᠤᠴᠤᠳ᠎ᠤᠨ ᠠᠵᠢᠯ ᠣᠯᠬᠤ ᠪᠤᠶᠤ
ᠭᠦᠨᠵᠡᠭᠡᠢᠷᠡᠨ ᠰᠤᠷᠤᠯᠴᠠᠬᠤ᠎ᠳᠤ ᠬᠦᠴᠦᠨ ᠨᠡᠮᠡᠷᠢᠯᠡᠨ᠎ᠡ ᠭᠡᠵᠦ ᠨᠡᠢᠲᠡᠯᠡᠵᠡᠢ᠃

ᠦᠢᠯᠡᠴᠢᠯᠡᠭᠡ
✦ ᠥᠪᠥᠷ ᠮᠣᠩᠭᠣᠯ ᠨᠡᠢᠭᠡᠮ ᠨᠡᠶ᠋ᠢᠲᠡ᠎ᠡᠴᠡ 1991 ᠵᠠᠰᠠᠭ
ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠡᠯᠰᠡᠬᠦ ᠪᠡᠷ ᠪᠤᠢ᠃
✦ 2025 ᠣᠨ᠎ᠤ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠨᠠᠰᠤᠨ᠎ᠳᠤ ᠭᠦᠷᠦᠭᠰᠡᠳ᠎ᠦᠨ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ
ᠠᠵᠢᠯ 12 ᠰᠠᠷ᠎ᠠ᠎ᠶᠢᠨ 10᠎ᠤ ᠡᠳᠦᠷ᠎ᠡᠴᠡ ᠡᠬᠢᠯᠡᠵᠦ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ᠂ ᠰᠦᠯᠵᠢᠶᠡᠨ
ᠳᠡᠭᠡᠷ᠎ᠡ ᠡᠯᠰᠡᠬᠦ ᠠᠷᠭ᠎ᠠ᠎ᠪᠠᠷ ᠶᠠᠪᠤᠭᠳᠠᠨ᠎ᠠ᠃ ᠰᠢᠯᠭᠠᠭᠤᠯᠤᠭ᠍ᠴᠢ ᠥᠪᠥᠷ ᠮᠣᠩᠭᠣᠯ᠎ᠤᠨ ᠰᠣᠷᠣᠭ᠍ᠴᠢ
ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ᠎ᠳᠦ ᠭᠠᠷᠴᠤ᠂ ᠡᠯᠰᠡᠭᠳᠡᠭᠰᠡᠨ ᠡᠰᠡᠬᠦ ᠵᠢᠨ
ᠦᠷ᠎ᠡ ᠳ᠋ᠦᠩ᠎ᠢᠶᠡᠨ ᠯᠠᠪᠯᠠᠵᠤ ᠪᠣᠯᠣᠨ᠎ᠠ᠃
ᠲᠠᠨ᠎ᠤ ᠲᠤᠰᠠ᠎ᠳᠤ
✦ ᠪᠡᠶ᠎ᠡ ᠤᠬᠢᠶᠠᠬᠤ᠎ᠳᠠᠭᠠᠨ ᠠᠩᠬᠠᠷᠬᠤ ᠵᠦᠢᠯ᠄
ᠤᠰᠤᠨ᠎ᠤ ᠳᠤᠯᠠᠭᠠᠨ᠎ᠢ ᠵᠣᠬᠢᠰᠲᠠᠢ ᠬᠢᠵᠠᠭᠠᠷᠯᠠᠵᠦ᠂ ᠬᠡᠷᠪᠡ ᠠᠷᠠᠰᠤ ᠬᠠᠭᠤᠷᠠᠢ
ᠪᠤᠶᠤ ᠠᠷᠠᠰᠤᠨ᠎ᠤ ᠠᠰᠠᠭᠤᠳᠠᠯ ᠣᠷᠣᠰᠢᠵᠤ ᠪᠠᠢᠪᠠᠯ᠂ ᠱᠦᠯᠲᠦᠯᠢᠭ ᠴᠢᠨᠠᠷ᠎ᠢᠶᠠᠷ ᠴᠢᠩᠭ᠎ᠠ ᠦᠨᠦᠷᠲᠦ ᠰᠠᠪᠤᠩ᠂
ᠡᠮᠲᠦ ᠰᠠᠪᠤᠩ ᠵᠡᠷᠭᠡ᠎ᠶᠢ ᠬᠡᠷᠡᠭᠯᠡᠬᠦ᠎ᠡᠴᠡ ᠵᠠᠢᠯᠠᠰᠬᠢᠨ᠎ᠡ᠃ ᠪᠡᠶ᠎ᠡ ᠤᠬᠢᠶᠠᠬᠤ ᠳᠠᠪᠲᠠᠮᠵᠢ᠎ᠶᠢ
ᠪᠠᠭᠠᠰᠬᠠᠵᠤ᠂ ᠡᠩ᠎ᠦᠨ ᠪᠠᠢᠳᠠᠯ᠎ᠳᠤ 2 ᠡᠴᠡ 3 ᠡᠳᠦᠷ ᠲᠦ᠍ ᠨᠢᠭᠡ ᠤᠳᠠᠭ᠎ᠠ ᠤᠬᠢᠶᠠᠪᠠᠯ ᠪᠣᠯᠴᠢᠬᠠᠨ᠎ᠠ᠃
ᠪᠡᠶ᠎ᠡ ᠤᠬᠢᠶᠠᠬᠤᠳ᠋ᠤ ᠶᠡᠷᠦ᠎ᠳᠡᠭᠡᠨ 20 ᠮᠢᠨᠦ᠋ᠲ᠎ᠡᠴᠡ ᠬᠡᠲᠦᠷᠡᠵᠦ ᠪᠣᠯᠬᠤ ᠦᠭᠡᠢ ᠪᠠᠢᠳᠠᠭ᠃
ᠵᠠᠯᠭᠠᠭᠠᠳ 《ᠨᠠᠷᠠ ᠬᠤᠷ᠎ᠠ ᠲᠠᠢ
ᠨᠤᠲᠤᠭ》 ᠬᠡᠬᠦ ᠲᠠᠭᠤᠤ
ᠪᠡᠷ ᠠᠶ᠎ᠠ ᠪᠠᠷᠢᠵᠤ ᠨᠡᠪᠳᠡᠷᠡᠭᠦᠯᠬᠡ ᠪᠡᠨ ᠵᠢᠷᠭᠠᠭᠠᠶ᠎ᠠ᠂ ᠲᠠ ᠪᠦᠬᠦᠨ᠎ᠤ
ᠬᠦᠯᠢᠶᠡᠨ ᠠᠪᠴᠤ᠌ ᠰᠤᠨᠤᠰᠤᠬ᠍ᠰᠠᠨ ᠳ᠋ᠤ ᠪᠠᠶᠠᠷᠯᠠᠯ᠎ᠠ᠂ ᠪᠠᠶᠠᠷᠳᠠᠢ!
(ᠢᠷᠡᠯᠳᠡ᠄ ᠰᠢᠨᠬᠤᠧᠠ ᠬᠤᠷᠢᠶᠠᠨ᠎ᠤ ᠵᠢᠷᠬᠢᠶ᠎ᠠ᠎ᠶᠢᠨ ᠲᠠᠪᠴᠠᠩ᠂ ᠠᠷᠠᠳ᠎ᠤᠨ
ᠡᠳᠦᠷ᠎ᠤᠨ ᠰᠤᠨᠢᠨ᠎ᠤ ᠵᠢᠷᠬᠢᠶ᠎ᠠ᠎ᠶᠢᠨ ᠲᠠᠪᠴᠠᠩ᠂ ᠠᠵᠤ ᠠᠬᠤᠢ ᠵᠢᠨ ᠡᠳᠦᠷ᠎ᠤᠨ ᠰᠤᠨᠢᠨ᠎ᠤ ᠵᠢᠷᠬᠢᠶ᠎ᠠ᠎ᠶᠢᠨ
ᠲᠠᠪᠴᠠᠩ᠂ ᠮᠠᠨ᠎ᠤ ᠤᠷᠤᠨ᠎ᠤ ᠡᠯ᠎ᠠ ᠠᠢᠮᠠᠭ ᠬᠤᠳᠠ᠂ ᠬᠤᠰᠢᠭᠤ ᠰᠢᠶᠠᠨ᠎ᠤ ᠵᠢᠷᠬᠢᠶ᠎ᠠ᠎ᠶᠢᠨ ᠲᠠᠪᠴᠠᠩ)